ᠪᠠᠶ᠋ᠬᠠᠤᠪᠤᠭ᠎ᠠ ᠶᠢ ᠠᠮᠢᠳᠤᠷᠠᠯ ᠤᠨ ᠠᠭᠤᠷ ᠠᠮᠢᠰᠬᠤᠯ ᠢ ᠰᠠᠬᠢᠨ ᠬᠠᠮᠠᠭᠠᠯᠠᠶ᠎ᠠ︕ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠤᠨ ᠤ ᠤᠯᠠᠷᠢᠯ ᠤᠨ ᠢᠳᠡᠭᠡᠨ ᠤᠮᠳᠠᠭᠠᠨ ᠤ ᠦᠢᠯᠡᠴᠢᠯᠡᠭᠡᠨ ᠤ ᠨᠢᠭᠡᠴᠢ ᠶᠢ ᠲᠥᠪᠯᠡᠷᠡᠭᠦᠯᠦᠨ ᠰᠥᠨᠢ ᠶᠢᠨ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2024/8/13
    ᠰᠥᠨᠢ ᠶᠢᠨ ᠵᠠᠬ᠎ᠠ ᠶᠢᠨ ᠡᠵᠡᠩᠨᠡᠯᠲᠡ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠥᠷᠭᠡᠨ ᠣᠯᠠᠨ ᠬᠡᠷᠡᠭᠯᠡᠭᠴᠢᠳ ᠤᠨ ᠢᠳᠡᠭᠡᠨ ᠤᠮᠳᠠᠭᠠᠨ ᠤ ᠠᠮᠤᠷ ᠲᠦᠪᠰᠢᠨ ᠵᠡᠷᠭᠡ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠥᠨᠢ ᠶᠢᠨ ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠥᠷᠨᠢᠭᠦᠯᠪᠡ᠃
供热和他家人条件.jpg
    ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠢᠳᠡᠭᠡᠨ ᠤᠮᠳᠠᠭᠠᠨ ᠤ 23 ᠨᠢᠭᠡᠴᠢ ᠶᠢᠨ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠬᠤ ᠣᠷᠴᠢᠨ ᠲᠣᠭᠤᠷᠢᠨ᠂ ᠭᠡᠷᠡᠴᠢ ᠪᠠᠷᠢᠮᠲᠠ ᠠᠪᠤᠭᠰᠠᠨ ᠲᠡᠮᠳᠡᠭᠯᠡᠯ᠂ ᠠᠵᠢᠯᠲᠠᠨ ᠤ ᠡᠷᠡᠭᠦᠯ ᠮᠡᠨᠳᠦ ᠶᠢᠨ ᠭᠡᠷᠡᠴᠢ᠂ ᠣᠨᠴᠠ ᠬᠠᠩᠭᠠᠭᠰᠠᠨ ᠠᠷᠢᠬᠢ᠂ ᠬᠤᠭᠤᠯᠠᠨ ᠤ ᠪᠠᠭᠠᠵᠢ ᠬᠡᠷᠡᠭᠰᠡᠯ ᠢ ᠠᠷᠢᠭᠤᠳᠬᠠᠬᠤ᠂ ᠬᠤᠶᠠᠷ ᠬᠠᠭᠤᠳᠠᠰᠤ ᠨᠢᠭᠡ ᠪᠦᠯᠦᠭ᠂ ᠬᠤᠶᠠᠷ  ᠬᠡᠳᠦᠶᠢᠳᠡᠭᠰᠡᠨ ᠨᠢᠭᠡ ᠪᠤᠰᠤ᠂ ᠨᠢᠭᠡ ᠤᠳᠠᠭ᠎ᠠ ᠶᠢᠨ ᠴᠢᠨᠠᠷᠲᠠᠶ ᠬᠤᠭᠤᠯᠠᠨ ᠤ ᠪᠠᠭᠠᠵᠢ ᠬᠡᠷᠡᠭᠰᠡᠯ ᠤᠨ ᠦᠨ᠎ᠡ ᠶᠢ ᠢᠯᠡ ᠬᠠᠳᠠᠬᠤ ᠵᠡᠷᠭᠡ ᠠᠰᠠᠭᠤᠳᠠᠯ ᠳᠤ ᠪᠠᠶᠢᠴᠠᠭᠠᠯᠲᠠ ᠬᠢᠪᠡ᠃ ᠪᠠᠰᠠ ᠡᠵᠡᠩᠨᠡᠭᠴᠢᠳ ᠲᠤ ᠵᠢᠷᠤᠮᠵᠢᠭᠰᠠᠨ ᠡᠵᠡᠩᠨᠡᠯᠲᠡ ᠶᠢᠨ ᠮᠠᠳᠠᠭ ᠲᠠᠢ ᠠᠰᠠᠭᠤᠯᠲᠠ ᠳᠤ ᠨᠠᠷᠢᠨ ᠬᠠᠷᠢᠭᠤᠯᠲᠠ ᠥᠭᠴᠦ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠤᠷ ᠲᠦᠪᠰᠢᠨ ᠤ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠢᠳᠡᠪᠬᠢᠲᠡᠶ ᠤᠬᠠᠭᠤᠯᠵᠤ᠂ ᠡᠵᠡᠩᠨᠡᠭᠴᠢ ᠶᠢᠨ ᠬᠠᠤᠯᠢ ᠶᠢ ᠰᠠᠬᠢᠵᠤ ᠡᠵᠡᠩᠨᠡᠬᠦ ᠦᠵᠡᠯ ᠤᠬᠠᠮᠰᠠᠷ ᠪᠠ ᠭᠤᠤᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠪᠠ᠃    ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠥᠨᠳᠥᠷ ᠳᠠᠷᠤᠯᠲᠠᠲᠤ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠢᠯᠡᠷᠡᠭᠦᠯᠦᠭᠰᠡᠨ ᠠᠰᠠᠭᠤᠳᠠᠯ ᠳᠤ ︽ᠡᠷᠭᠢᠵᠦ ᠬᠠᠷᠠᠬᠤ︾ ᠠᠵᠢᠯ ᠬᠢᠵᠦ᠂ ᠠᠷᠠᠳ ᠣᠯᠠᠨ ᠳᠤ ᠦᠨᠡᠨ ᠬᠦ ᠰᠠᠨᠠᠭ᠎ᠠ ᠠᠮᠤᠷ᠂ ᠠᠮᠤᠷ ᠲᠦᠪᠰᠢᠨ ᠬᠡᠷᠡᠭᠯᠡᠭᠡᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠭᠦᠨ᠎ᠡ᠃ 
ᠢᠷᠡᠯᠲᠡ᠄ ᠲᠣᠭᠣᠷᠢᠭ ᠤ᠋ᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ