ᠨᠠᠢᠮᠠᠨ ᠰᠠᠷ᠎ᠠ ᠳᠤ ᠲᠦᠮᠡᠨ ᠪᠣᠳᠠᠰ ᠥᠷᠨᠢᠨ ᠬᠥᠭᠵᠢᠵᠦ᠂ ᠥᠩᠭᠡ ᠢᠯᠭᠠᠷᠠᠨ ᠪᠠᠳᠠᠷᠠᠨ ᠳᠡᠯᠭᠡᠷᠡᠨ᠎ᠡ᠃ ᠡᠬᠡ ᠤᠯᠤᠰ ᠤᠨ ᠠᠰ ᠤᠮᠠᠷᠠᠲᠤ ᠶᠢᠨ ᠪᠤᠭᠤᠲᠤ | ᠬᠤᠲᠠ ᠦᠩᠭᠡ ᠦᠵᠡᠮᠵᠢ ᠭᠤᠶᠢᠲᠠ ᠰᠠᠶᠢᠬᠠᠨ᠂ ᠡᠳ᠋ ᠪᠠᠶᠠᠯᠢᠭ ᠡᠯᠪᠡᠭ᠂ ᠡᠯ᠎ᠡ ᠦᠨᠳᠦᠰᠦᠲᠡᠨ ᠤ ᠬᠥᠪᠡᠭᠦᠳ ᠥᠬᠢᠳ ᠡᠨᠡ ᠬᠦ ᠠᠮᠢᠲᠣ ᠰᠣᠷᠭᠤᠭ ᠬᠦᠴᠦᠨ | ᠬᠢᠭᠡᠳ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠭᠠᠵᠠᠷ ᠳᠡᠭᠡᠷ᠎ᠡ᠂ ᠠᠨᠠᠷ ᠤᠨ ᠦᠷ᠎ᠡ ᠮᠡᠲᠦ ᠨᠢᠭᠲᠠᠷᠠᠨ ᠪᠦᠯᠬᠦᠮᠳᠡᠵᠦ᠂ ᠰᠠᠬᠢᠨ ᠪᠠᠷᠠᠯᠠᠵᠤ ᠬᠠᠷᠢᠯᠴᠠᠨ | ᠬᠠᠪᠰᠤᠷᠤᠯᠴᠠᠵᠤ᠂ ᠠᠬ᠎ᠠ ᠳᠡᠭᠦᠦ ᠮᠡᠲᠦ ᠲᠣᠲᠤᠨᠤᠯᠴᠠᠨᠠ — ᠠᠳᠡ ᠪᠣᠯ ᠠᠮᠤᠷ ᠲᠣᠭᠲᠠᠭᠤᠨ ᠪᠦᠯᠬᠦᠮᠳᠡᠯ ᠲᠠᠢ ᠵᠣᠯ ᠵᠢᠷᠭᠠᠯᠲᠤ ᠪᠤᠭᠤᠲᠤ᠃ | ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠠᠮᠢ ᠠᠬᠤᠢ ᠶᠢᠨ ᠣᠷᠣᠰᠢᠨ | ᠰᠠᠭᠤᠷᠢᠰᠢᠬᠤ ᠳᠤ ᠲᠣᠬᠢᠷᠠᠮᠵᠢᠲᠠᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠨᠢ ᠥᠩᠭᠡᠷᠡᠭᠰᠡᠨ ᠤ | ᠣᠰᠤ ᠬᠠᠭᠤᠷᠠᠢ ᠭᠠᠷᠠᠮ ᠠᠴᠠ ᠬᠥᠭᠵᠢᠭᠡᠳ ᠬᠤᠯᠠ ᠣᠶᠢᠷ᠎ᠠ ᠳᠤ ᠠᠯᠳᠠᠷᠰᠢᠭᠰᠠᠨ ︽ᠲᠠᠯ᠎ᠠ ᠨᠤᠲᠤᠭ ᠤᠨ ᠪᠤᠯᠤᠳ ᠬᠤᠳᠠ︾᠂ ︽ᠬᠤᠶᠠᠷ ᠬᠤᠪᠣᠷ | ᠰᠢᠷᠣᠢ ᠶᠢᠨ ᠰᠠᠭᠤᠷᠢᠨ ᠭᠠᠵᠠᠷ︾ ︽ᠳᠡᠯᠡᠬᠡᠢ ᠶᠢᠨ ᠪᠣᠬᠢᠷᠲᠤᠯ ᠦᠭᠡᠢ ᠴᠠᠬᠢᠭᠤᠷ ᠤᠨ ᠬᠤᠳᠠ︾ ᠪᠣᠯᠤᠭᠰᠠᠨ ᠪᠠᠶᠢᠨ᠎ᠠ — ᠠᠳᠡ ᠪᠣᠯ ᠴᠡᠴᠡᠭᠯᠡᠨ ᠬᠥᠭᠵᠢᠭᠰᠡᠨ | ᠴᠤ᠋ ᠰᠢᠨ᠎ᠡ ᠪᠤᠭᠤᠲᠤ ᠪᠣᠯᠤᠨ᠎ᠠ᠃ | ᠪᠤᠭᠤᠲᠤ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷ᠎ᠠ ᠪᠦᠬᠦ ᠤᠯᠤᠰ ᠤᠨ ᠡᠯ᠎ᠡ ᠦᠨᠳᠦᠰᠦᠲᠡᠨ ᠨᠦᠭᠦᠳ ᠤᠨ ᠠᠷᠠᠳ | ᠲᠦᠮᠡᠨ ᠳᠡᠮᠵᠢᠨ ᠪᠠᠶᠢᠭᠤᠯᠤᠭᠰᠠᠨ ᠢᠷᠠᠭᠤ ᠠᠯᠳᠠᠷᠲᠤ ᠬᠤᠳᠠ᠂ ᠡᠯ᠎ᠡ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ᠂ ᠪᠦᠬᠦ ᠲᠠᠯ᠎ᠠ ᠶᠢᠨ | ᠰᠣᠯᠢᠯᠴᠠᠭ᠎ᠠ᠂ ᠭᠦᠨᠵᠡᠭᠡᠢ ᠠᠭᠤᠰᠤᠯᠴᠠᠯ ᠤᠨ ᠪᠦᠯᠬᠦᠮᠳᠡᠯ ᠤᠨ ᠬᠤᠳᠠ ᠪᠣᠯᠤᠨ᠎ᠠ᠃ ᠤᠷᠳᠤ ᠬᠤᠭᠤᠴᠠᠭᠠᠨ ᠤ ᠲᠤᠷᠰᠢ᠂ ᠪᠤᠭᠤᠲᠤ ᠶᠢᠨ ᠡᠯ᠎ᠡ | ᠦᠨᠳᠦᠰᠦᠲᠡᠨ ᠨᠦᠭᠦᠳ ᠤᠨ ᠠᠷᠠᠳ ᠲᠦᠮᠡᠨ ᠨᠠᠮ ᠤᠨ ᠠᠯᠬᠤᠭ᠎ᠠ ᠶᠢ ᠰᠠᠯᠤᠯ ᠦᠭᠡᠢ ᠲᠠᠭᠠᠵᠤ᠂ ᠪᠦᠯᠬᠦᠮᠳᠡᠨ ᠲᠡᠮᠡᠴᠡᠵᠦ᠂ ᠡᠶ᠎ᠡ ᠵᠣᠬᠢᠴᠠᠩᠭᠤᠢ ᠲᠣᠭᠲᠠᠭᠤᠨ᠂ | ᠥᠨᠢ ᠤᠳᠠᠭᠠᠨ ᠠᠮᠤᠷ ᠲᠦᠪᠰᠢᠨ᠂ ᠴᠡᠴᠡᠭᠯᠡᠨ ᠬᠦᠭᠵᠢᠯᠲᠡ᠂ ᠡᠳᠦᠷ ᠠᠴᠠ ᠡᠳᠦᠷ ᠰᠢᠨᠡᠳᠬᠦ ᠶᠢ ᠰᠣᠯᠢᠵᠤ ᠠᠪᠴᠢᠷᠠᠪᠠ᠃ | ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠠᠯᠳᠠᠷ ᠭᠤᠲᠤᠮᠰᠢᠭ ᠢᠶᠠᠨ ᠬᠠᠮᠲᠤᠳᠬᠠᠵᠤ᠂ ᠦᠬᠦᠵᠦ ᠰᠡᠭᠡᠬᠦ ᠪᠠᠨ ᠬᠠᠮᠲᠤᠳᠬᠠᠵᠤ᠂ ᠬᠤᠪᠢ ᠵᠠᠶᠠᠭ᠎ᠠ ᠪᠠᠨ | ᠬᠠᠮᠲᠤᠳᠬᠠᠶᠠ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯ ᠤᠯᠤᠰ ᠣᠷᠣᠨ ᠤ ᠨᠢᠭᠡᠳᠦᠯ ᠤᠨ ᠰᠠᠭᠤᠷᠢ᠂ ᠦᠨᠳᠦᠰᠦᠲᠡᠨ ᠤ | ᠪᠦᠯᠬᠦᠮᠳᠡᠯ ᠤᠨ ᠦᠨᠳᠦᠰᠦ᠂ ᠤᠶᠤᠨ ᠰᠠᠨᠠᠭᠠᠨ ᠤ ᠬᠦᠴᠦᠨ ᠴᠢᠳᠠᠯ ᠤᠨ ᠰᠦᠭ ᠰᠦᠨᠡᠰᠦ ᠮᠥᠨ᠃ ᠪᠤᠭᠤᠲᠤ ᠬᠤᠳᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ᠂ | ᠬᠤᠳᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠱᠤᠭᠤᠮ ᠢ ᠠᠵᠤ ᠠᠬᠤᠢ ᠶᠢᠨ ᠪᠦᠳᠦᠭᠡᠨ | ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠪᠠ ᠨᠠᠮ ᠤᠨ ᠪᠠᠶᠢᠭᠤᠯᠤᠯᠲᠠ ᠵᠡᠷᠭᠡ ᠡᠯ᠎ᠡ ᠲᠠᠯ᠎ᠠ ᠳᠤ ᠲᠤᠭᠤᠰᠢᠯᠠᠭᠤᠯᠵᠤ᠂ ᠪᠦᠬᠦ ᠬᠤᠳᠠ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠪᠠ᠃ | ᠨᠢᠭᠡ ᠰᠡᠳᠬᠢᠯ ᠨᠢᠭᠡ ᠴᠢᠭᠯᠡᠯ — ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠨᠠᠮ ᠤᠨ ᠦᠨᠳᠦᠰᠦᠲᠡᠨ ᠤ ᠠᠵᠢᠯ ᠳᠠᠬᠢ | ᠤᠳᠤᠷᠢᠳᠤᠯᠭ᠎ᠠ ᠶᠢ ᠴᠢᠩᠭᠠᠳᠬᠠᠨ ᠲᠡᠭᠦᠯᠳᠡᠷᠵᠢᠭᠦᠯᠦᠨ᠎ᠡ | 2023 ᠣᠨ ᠤ 6 ᠳ᠋ᠤᠭᠠᠷ ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ | ᠱᠤᠭᠤᠮ ᠪᠣᠯᠤᠨ᠎ᠠ᠃ ᠡᠨᠡ ᠬᠦ ᠴᠢᠬᠤᠯᠠ ᠶᠡᠭᠡ ᠨᠤᠲᠠᠯᠠᠯᠲᠠ ᠨᠢ ᠰᠢᠨ᠎ᠡ ᠴᠠᠭ ᠦᠶ᠎ᠡ ᠶᠢᠨ ᠦᠨᠳᠦᠰᠦᠲᠡᠨ ᠤ ᠭᠠᠵᠠᠷ ᠣᠷᠣᠨ ᠤ ᠠᠵᠢᠯ ᠢ ᠰᠠᠶᠢᠲᠤᠷ ᠬᠢᠬᠦ ᠳᠤ | ᠬᠦᠴᠦᠷᠬᠡᠭ ᠶᠡᠭᠡ ᠦᠵᠡᠯ ᠰᠠᠨᠠᠭᠠᠨ ᠤ ᠵᠢᠯᠣᠭᠤᠳᠤᠮᠵᠢ ᠪᠠ ᠠᠵᠢᠯᠯᠠᠭᠠᠨ ᠤ ᠵᠦᠭᠯᠡᠭᠦᠷ ᠬᠠᠩᠭᠠᠭᠰᠠᠨ ᠪᠠᠶᠢᠨ᠎ᠠ ᠭᠡᠵᠦ ᠵᠢᠭᠠᠵᠤ ᠭᠠᠷᠭᠠᠪᠠ᠃ | ᠪᠤᠭᠤᠲᠤ᠂ ᠢᠮᠠᠭᠲᠠ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ ᠪᠤᠢ᠃ | ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠵᠢᠷᠭᠤᠳᠤᠭᠠᠷ ᠪᠥᠬᠦᠳᠡ ᠬᠤᠷᠠᠯ ᠢ ᠬᠤᠷᠠᠯᠳᠤᠭᠤᠯᠵᠤ᠂ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶᠠᠨ ᠤ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠪᠤᠭᠤᠲᠤ ᠶᠢ | ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢ ᠤᠬᠠᠮᠰᠠᠷ ᠠᠴᠠ ᠪᠠᠨ ᠡᠭᠦᠷᠭᠡᠯᠡᠬᠦ ᠲᠤᠬᠠᠶ ᠰᠠᠨᠠᠯ︾ ᠢ ᠬᠢᠨᠠᠨ ᠵᠥᠪᠯᠡᠵᠦ ᠪᠠᠲᠤᠯᠠᠨ᠂ ᠠᠵᠢᠯ ᠤᠨ ᠭᠤᠤᠯ | ᠱᠤᠭᠤᠮ ᠢ ᠴᠢᠩᠭ᠎ᠠ ᠠᠳᠬᠤᠵᠤ ᠥᠴᠦᠬᠡᠨ ᠴᠦ ᠵᠠᠶᠢᠳᠠᠬᠤ ᠦᠭᠡᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠡᠯ᠎ᠡ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠳᠤᠮᠳᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠡᠮᠦᠨ᠎ᠡ ᠨᠢ ᠵᠠᠮᠨᠠᠬᠤ ᠬᠡᠷᠡᠭᠲᠡᠶ ᠭᠡᠵᠦ ᠳᠤᠷᠠᠳᠪᠠ᠃ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶᠠᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠭᠤᠣᠯ ᠱᠤᠭᠤᠮ ᠢ ᠪᠦᠬᠦ ᠲᠠᠯ᠎ᠠ ᠪᠠᠷ ᠲᠤᠭᠤᠰᠢᠯᠠᠭᠤᠯᠬᠤ ᠲᠤᠬᠠᠢ ᠪᠣᠳᠠᠲᠠᠢ ᠠᠷᠭ᠎ᠠ ᠬᠡᠮᠵᠢᠶ᠎ᠡ︾ ᠶᠢ ᠨᠡᠶᠢᠲᠡᠯᠡᠵᠦ᠂ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠨᠥᠬᠦᠳ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡᠳ | ᠨᠢᠭᠡ ᠪᠠᠷ ᠰᠤᠳᠤᠯᠵᠤ᠂ ᠨᠢᠭᠡᠳ ᠨᠢᠭᠡ ᠪᠠᠷ ᠲᠥᠯᠥᠪᠵᠢᠭᠦᠯᠵᠦ᠂ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠪᠡᠶ᠎ᠡ ᠪᠠᠷ ᠢᠶᠠᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠭᠤᠣᠯ ᠱᠤᠭᠤᠮ ᠤᠨ ᠠᠵᠢᠯ ᠢ ᠠᠳᠬᠤᠬᠤ ᠬᠡᠷᠡᠭᠲᠡᠢ ᠭᠡᠵᠦ ᠱᠠᠭᠠᠷᠳᠠᠪᠠ᠃ | ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ | ᠳᠤᠮᠳᠠ ᠪᠦᠬᠦ ᠲᠠᠯ᠎ᠠ ᠪᠠᠷ ᠲᠤᠭᠤᠰᠢᠯᠠᠭᠤᠯᠬᠤ ᠶᠢ ᠲᠦᠷᠭᠡᠳᠬᠡᠨ ᠠᠬᠢᠭᠤᠯᠬᠤ ᠲᠤᠬᠠᠢ ᠠᠵᠢᠯ ᠤᠨ ᠳᠦᠷᠢᠮ︾ ᠢ ᠲᠣᠭᠲᠠᠭᠠᠵᠤ᠂ ᠰᠠᠷ᠎ᠠ ᠶᠢᠨ ᠲᠤᠬᠢᠷᠠᠭᠤᠯᠭ᠎ᠠ | ᠶᠣᠰᠣᠭᠠᠷ ᠪᠠᠶᠢᠳᠠᠯ ᠢ ᠡᠵᠡᠮᠰᠢᠬᠦ᠂ ᠤᠯᠠᠷᠢᠯ ᠢᠶᠠᠷ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠬᠤ᠂ ᠲᠤᠷᠰᠢᠯᠭ᠎ᠠ ᠶᠢᠨ ᠦᠷ᠎ᠡ ᠪᠦᠲᠦᠭᠡᠯ ᠢᠶᠠᠨ ᠬᠠᠭᠠᠰ ᠵᠢᠯ | ᠳ᠋ᠦᠩᠨᠡᠬᠦ ᠵᠡᠷᠭᠡ ᠠᠷᠭ᠎ᠠ ᠮᠠᠶ᠋ᠢᠭ ᠢᠶᠠᠷ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠠᠬᠢᠭᠤᠯᠤᠨ᠎ᠠ᠃ | ᠡᠨᠡ ᠬᠦ ᠬᠥᠲᠥᠯᠪᠦᠷᠢ ᠶᠢ ᠠᠳᠬᠤᠵᠤ ᠡᠬᠢ ᠠᠳᠠᠭ ᠢ ᠪᠠᠷᠢᠮᠲᠠᠯᠠᠪᠠᠯ ᠠᠯᠢᠪᠠ ᠪᠦᠬᠦᠨ ᠳᠠᠭᠠᠯᠳᠤᠨ ᠰᠢᠢᠳᠪᠦᠷᠢᠯᠡᠭᠳᠡᠨ᠎ᠡ᠃ ᠨᠠᠮ ᠤᠨ ᠪᠥᠬᠦ ᠲᠠᠯ᠎ᠠ ᠶᠢᠨ | ᠤᠳᠤᠷᠢᠳᠤᠯᠭ᠎ᠠ ᠳᠣᠤᠷ᠎ᠠ᠂ ᠪᠤᠭᠤᠲᠤ ᠬᠤᠲᠠ ᠶᠢᠨ ᠦᠨᠳᠦᠰᠦᠲᠡᠨ ᠤ ᠠᠵᠢᠯ ᠤᠨ ᠦᠵᠡᠯ ᠰᠠᠨᠠᠭᠠᠨ ᠤ ᠵᠢᠯᠣᠭᠤᠳᠣᠯᠭ᠎ᠠ ᠨᠠᠩ ᠬᠦᠴᠦᠲᠡᠶ᠂ ᠭᠤᠤᠯ ᠰᠢᠵᠢᠮ ᠨᠠᠩ | ᠲᠣᠪᠤᠶᠢᠮ᠎ᠠ᠂ ᠬᠠᠤᠯᠢᠵᠢᠭᠤᠯᠬᠤ᠂ ᠵᠢᠷᠤᠮᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠬᠢᠷᠢ ᠲᠦᠪᠰᠢᠨ ᠲᠠᠰᠤᠷᠠᠯᠲᠠ ᠥᠬᠡᠶ ᠳᠡᠭᠡᠭᠰᠢᠯᠡᠪᠡ᠃ | ᠦᠨᠳᠦᠰᠦ ᠬᠠᠳᠬᠤᠨ ᠰᠦᠭ ᠰᠦᠨᠡᠰᠦ ᠶᠢ ᠴᠣᠭᠴᠠᠯᠠᠬᠤ — ᠳᠤᠮᠳᠠᠳᠤ ᠶᠢᠨ ᠦᠨᠳᠦᠰᠦᠳᠡᠨ ᠤ ᠬᠠᠮᠳᠤ ᠶᠢᠨ ᠤᠶᠤᠨ ᠰᠠᠨᠠᠭᠠᠨ ᠤ ᠭᠡᠷ ᠤᠷᠤᠨ ᠢ | ᠴᠤᠭᠴᠠᠯᠠᠨ᠂ ᠦᠨᠳᠦᠰᠦᠳᠡᠨ ᠤ ᠪᠦᠯᠬᠦᠮᠳᠡᠯ ᠤᠨ ᠦᠨᠳᠦᠰᠦ ᠰᠤᠳᠠᠰᠤ ᠶᠢ ᠪᠠᠳᠤ ᠪᠠᠬᠢ ᠪᠤᠢ ᠪᠤᠯᠭᠠᠶ᠎ᠠ | 8 ᠲᠦᠮᠡ ᠭᠠᠷᠤᠢ ᠦᠨᠳᠦᠰᠦᠲᠡᠨ ᠨᠦᠭᠦᠳ ᠤᠨ ᠬᠥᠪᠡᠭᠦᠳ ᠥᠬᠢᠳ ᠪᠤᠭᠤᠲᠤ ᠳᠤ ᠴᠤᠭᠯᠠᠷᠠᠵᠤ᠂ ᠲᠡᠭᠰᠢ ᠭᠠᠵᠠᠷ ᠥᠨᠳᠥᠷ ᠵᠤᠤᠬ᠎ᠠ ᠪᠣᠰᠬᠠᠵᠤ᠂ | ᠴᠦᠯᠯᠡᠷᠭᠡᠭ ᠭᠠᠵᠠᠷ ᠢ ᠪᠤᠯᠤᠳ ᠤᠨ ᠬᠤᠲᠠ ᠪᠣᠯᠭᠠᠭᠰᠠᠨ ᠬᠥᠮᠦᠨ ᠤ ᠶᠢᠷᠲᠢᠨᠴᠦ ᠶᠢᠨ ᠭᠠᠶᠢᠬᠠᠮᠰᠢᠭ ᠢ ᠡᠭᠦᠳᠦᠭᠰᠡᠨ ᠡᠰᠡᠭᠦᠯ᠎ᠡ ︽ᠲᠠᠯ᠎ᠠ ᠨᠤᠲᠤᠭ ᠤᠨ ᠪᠢᠴᠢᠬᠠᠨ | ᠪᠠᠭᠠᠲᠤᠷ ᠡᠭᠡᠴᠢ ᠥᠬᠢᠨ ᠳᠡᠭᠦᠦ︾ ᠨᠠᠷ ᠬᠠᠮᠲᠤ ᠶᠢᠨ ᠬᠤᠨᠢᠨ ᠰᠦᠷᠦᠭ ᠢ ᠬᠠᠮᠠᠭᠠᠯᠠᠵᠤ᠂ ᠬᠠᠬᠢᠷ ᠬᠦᠢᠳᠡᠨ ᠪᠠ ᠴᠠᠰᠤ ᠰᠢᠭᠤᠷᠭ᠎ᠠ ᠲᠠᠢ ᠲᠡᠮᠡᠴᠡᠭᠰᠡᠨ | ᠪᠠᠭᠠᠲᠤᠷᠯᠢᠭ ᠦᠢᠯᠡ ᠠᠵᠢᠯᠯᠠᠭ᠎ᠠ᠂ ᠪᠤᠭᠤᠲᠤ ᠳᠤ ᠦᠨᠳᠦᠰᠦᠲᠡᠨ ᠤ ᠪᠦᠯᠬᠦᠮᠳᠡᠯ ᠤᠨ ᠵᠣᠷᠢᠭ ᠰᠠᠨᠠᠭ᠎ᠠ ᠨᠢ ᠠᠯᠢ ᠡᠷᠲᠡ ᠡᠯ᠎ᠡ ᠦᠨᠳᠦᠰᠦᠲᠡᠨ ᠨᠦᠭᠦᠳ ᠤᠨ | ᠤᠯᠠᠨ ᠲᠦᠮᠡᠨ ᠤ ᠴᠢᠰᠤᠨ ᠳᠤ ᠠᠭᠤᠰᠤᠨ ᠤᠷᠤᠭᠰᠠᠨ ᠪᠠᠶᠢᠨ᠎ᠠ᠃ | ︽ᠠᠬᠠᠮᠠᠳᠴᠤᠳ ᠪᠤᠭᠤᠲᠤ ᠶᠢᠨ ᠪᠤᠯᠤᠳ ᠲᠡᠮᠤᠷ ᠢ ᠪᠠᠶᠢᠭᠤᠯᠬᠤ ᠶᠢᠨ ᠲᠥᠯᠥᠭᠡ ᠢᠷᠡᠵᠦ᠂ ᠪᠢᠳᠡ ᠪᠤᠭᠤᠲᠤ ᠶᠢᠨ ᠢᠷᠡᠭᠡᠳᠦᠢ ᠶᠢᠨ ᠲᠥᠯᠥᠭᠡ ᠪᠠᠶᠢᠯᠳᠤᠨ᠎ᠠ | ︾᠃ ᠪᠤᠭᠤᠲᠤ ᠬᠤᠳᠠ ᠶᠢᠨ ᠶᠡᠷᠡᠨ ᠲᠠᠪᠤᠳᠤᠭᠠᠷ ᠳᠤᠮᠳᠠᠳᠤ ᠰᠤᠷᠭᠠᠭᠤᠯᠢ ᠂ ᠡᠨᠡ ᠬᠦ ᠪᠦᠬᠦ ᠤᠯᠤᠰ ᠤᠨ ᠠᠷᠠᠳ ᠲᠦᠮᠡᠨ ᠪᠤᠭᠤᠲᠤ ᠶᠢᠨ ᠪᠤᠯᠤᠳ ᠲᠡᠮᠤᠷ ᠢ | ᠲᠤᠰᠠᠯᠠᠨ ᠪᠠᠶᠢᠭᠤᠯᠤᠭᠰᠠᠨ ︽ᠭᠠᠯ ᠤᠯᠠᠭᠠᠨ ᠴᠠᠭ ᠦᠶ᠎ᠡ︾ ᠶᠢᠨ ᠳᠤᠮᠳᠠ ᠡᠭᠦᠰᠦᠨ ᠪᠠᠶᠢᠭᠤᠯᠤᠭᠳᠤᠭᠰᠠᠨ ᠰᠤᠷᠭᠠᠭᠤᠯᠢ ᠶᠢᠨ ᠳᠣᠲᠣᠷ᠎ᠠ᠂ ᠥᠨᠳᠥᠷ | ᠳᠤᠮᠳᠠᠳᠤ ᠶᠢᠨ ᠨᠢᠭᠡᠳᠦᠭᠡᠷ ᠣᠨ ᠠᠴᠠ ᠭᠤᠷᠪᠠᠳᠤᠭᠠᠷ ᠣᠨ ᠤ ︽ᠲᠡᠰ ᠳᠠᠷᠠᠭᠠᠯᠠᠯᠲᠤ ᠭᠤᠣᠯ ᠰᠡᠳᠦᠪ︾ ᠤᠨ ᠠᠩᠬᠢ ᠶᠢᠨ ᠡᠪᠯᠡᠯ ᠤᠨ ᠬᠢᠴᠢᠶᠡᠯ᠂ ︽ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠢ ᠪᠦᠳᠦᠭᠡᠨ ᠪᠠᠶᠢᠭᠤᠯᠬᠤ︾ ᠬᠤᠪᠢᠰᠬᠠᠯ ᠤᠨ ᠠᠮᠢᠨ ᠰᠤᠳᠠᠰᠤ ᠶᠢ | ᠦᠷᠭᠦᠯᠵᠢᠯᠡᠭᠰᠡᠭᠡᠷ᠃ | ᠪᠡᠶ᠎ᠡ ᠶᠢᠨ ᠲᠠᠮᠢᠷ ᠤᠨ ᠲᠠᠯᠠᠪᠤᠷ ᠲᠤ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠶᠢᠨ ᠱᠤᠭᠤᠮᠠᠯ ᠪᠣᠰᠴᠤ᠂ ᠰᠤᠷᠭᠠᠭᠤᠯᠢ ᠶᠢᠨ | ᠬᠦᠷᠢᠶᠡᠨ ᠳᠤ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠪᠠᠶᠢᠭᠤᠯᠤᠨ᠂ | ᠵᠢᠭᠠᠨ ᠰᠤᠷᠭᠠᠯᠲᠠ ᠶᠢᠨ ᠠᠰᠠᠷ ᠲᠤ ᠬᠡᠦᠬᠡᠳ ᠤᠨ ᠦᠢᠯᠡᠳᠦᠭᠰᠡᠨ ᠭᠤᠣᠯ ᠰᠡᠳᠦᠪᠲᠦ ᠭᠠᠷ ᠪᠢᠴᠢᠮᠡᠯ ᠰᠣᠨᠢᠨ ᠨᠠᠭᠠᠵᠠᠢ ᠁ ᠪᠤᠭᠤᠲᠤ ᠬᠤᠲᠠ ᠶᠢᠨ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠳᠤ ᠣᠷᠣᠬᠤ ᠳᠤ᠂ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ | ᠳᠡᠭᠦᠦ︾ ᠶᠢᠨ ︽ᠪᠠᠷ᠎ᠠ︾ ᠭᠠᠵᠠᠷ ᠰᠠᠢ ᠦᠭᠡᠢ | ᠬᠠᠷᠠᠭᠳᠠᠨ᠎ᠠ᠃ | 5 ᠳ᠋ᠤᠭᠠᠷ ᠰᠠᠷ᠎ᠠ ᠶᠢᠨ 8 ᠤ ᠡᠳᠦᠷ᠂ ᠪᠤᠭᠤᠲᠤ ᠬᠤᠲᠠ ᠶᠢᠨ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠳᠤ ︽ᠲᠠᠯ᠎ᠠ | ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠰᠤᠷᠭᠠᠭᠤᠯᠢ︾ ᠶᠢᠨ ᠫᠠᠶᠢᠰᠠ ᠨᠡᠮᠡᠨ ᠡᠯᠭᠦᠵᠦ᠂ ᠪᠦᠬᠦ ᠤᠯᠤᠰ ᠤᠨ ᠴᠣᠷ ᠤᠨ ᠭᠠᠭᠴᠠ ᠲᠠᠯ᠎ᠠ | ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠪᠠᠷ ᠨᠡᠷᠡᠶᠢᠳᠦᠭᠰᠡᠨ ᠰᠤᠷᠭᠠᠭᠤᠯᠢ ᠪᠣᠯᠵᠤ᠂ ᠯᠦᠩ ᠮᠧᠢ ᠪᠠ ᠢᠦᠢ ᠷᠦᠩ ᠨᠡᠷ᠎ᠡ ᠬᠦᠨᠳᠦᠲᠦ | ᠰᠤᠷᠭᠠᠭᠤᠯᠢ ᠶᠢᠨ ᠳᠠᠷᠤᠭ᠎ᠠ ᠪᠠᠷ ᠤᠷᠢᠭᠳᠠᠵᠠᠢ᠃ 60 ᠵᠢᠯ ᠤᠨ ᠡᠮᠦᠨ᠎ᠡ᠂ ᠲᠡᠳᠡᠨ ᠤ ᠪᠠᠭᠠᠲᠤᠷᠯᠢᠭ ᠦᠢᠯᠡ ᠠᠵᠢᠯᠯᠠᠭ᠎ᠠ ᠡᠮᠦᠨᠡᠲᠦᠤᠮᠠᠷᠠᠲᠤ ᠳᠤ ᠲᠠᠷᠬᠠᠵᠤ᠂ | ᠣᠳᠣᠬᠠᠨ ᠳᠤ᠂ ᠲᠡᠳᠡᠨ ᠤ ᠨᠡᠶᠢᠲᠡᠴᠢ ᠦᠵᠡᠯ ᠤᠨ ᠵᠣᠷᠢᠭ ᠰᠠᠨᠠᠭ᠎ᠠ ᠦᠶ᠎ᠡ ᠦᠶ᠎ᠡ ᠶᠢᠨ ᠵᠠᠯᠠᠭᠤᠴᠤᠳ ᠪᠠᠭᠠᠴᠤᠳ ᠢ ᠵᠣᠷᠢᠭᠵᠢᠭᠤᠯᠵᠤ᠂ ᠤᠷᠮᠠᠰᠢᠭᠤᠯᠵᠤ᠂ | ᠨᠥᠯᠥᠭᠡᠯᠡᠵᠦ᠂ ᠬᠥᠮᠦᠰ ᠢ ᠪᠢᠰᠢᠷᠡᠭᠦᠯᠦᠮ᠎ᠡ ᠭᠡᠷᠡᠯ ᠭᠢᠯᠪᠠᠭ᠎ᠠ ᠪᠠᠨ ᠰᠠᠴᠤᠷᠠᠭᠤᠯᠤᠭᠰᠠᠭᠠᠷ ᠶᠤᠮ᠃ | ︽ᠨᠣᠭᠤᠭᠠᠨ ᠨᠠᠪᠴᠢ᠂ ᠤᠯᠠᠭᠠᠨ ᠴᠡᠴᠡᠭ᠂ ᠪᠥᠭᠡᠮᠨᠡᠷᠡᠯ ᠠᠨᠠᠷ ᠴᠢ ᠪᠢᠳᠡ ᠭᠤᠷᠪᠠ ᠮᠡᠲᠦ᠃ ᠤᠯᠤᠰ ᠣᠷᠣᠨ᠂ ᠬᠠᠯᠠᠭᠤᠨ ᠳᠤᠯᠠᠭᠠᠨ ᠭᠡᠷ᠂ ᠲᠠᠪᠢᠨ | ᠵᠢᠷᠭᠤᠭᠠᠨ ᠦᠨᠳᠦᠰᠦᠲᠡᠨ ᠪᠣᠯ ᠨᠢᠭᠡ ᠭᠡᠷ ᠪᠦᠯᠢ ᠁︾ 5 ᠳ᠋ᠤᠭᠠᠷ ᠰᠠᠷ᠎ᠠ ᠶᠢᠨ 20 ᠤ ᠡᠳᠦᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠶᠡᠭᠡ ᠰᠤᠷᠭᠠᠭᠤᠯᠢ ᠶᠢᠨ ᠲᠤᠷᠰᠢᠯᠲᠠ ᠶᠢᠨ ᠪᠠᠭ᠎ᠠ ᠰᠤᠷᠭᠠᠭᠤᠯᠢ ︽ᠤᠯᠠᠭᠠᠨ ᠠᠨᠠᠷ ᠤᠨ ᠦᠷ᠎ᠡ ᠴᠢᠩ ᠦᠨᠡᠨᠴᠢ ᠪᠦᠯᠬᠦᠮᠳᠡᠯ ᠤᠨ ᠰᠡᠳᠭᠢᠯᠭᠡ︾ | ᠭᠡᠬᠦ ᠭᠤᠤᠯ ᠰᠡᠳᠦᠪᠲᠦ ᠲᠤᠭ ᠮᠠᠨᠳᠤᠭᠤᠯᠬᠤ ᠶᠣᠰᠣᠯᠠᠯ ᠶᠠᠪᠤᠭᠤᠯᠵᠤ᠂ ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠳ ︽ᠠᠨᠠᠷ ᠤᠨ ᠦᠷ᠎ᠡ︾ ᠶᠢ | ᠬᠠᠮᠲᠤ ᠪᠠᠷ ᠳᠠᠭᠤᠯᠠᠵᠤ᠂ ᠡᠬᠡ ᠤᠯᠤᠰ ᠲᠠᠭᠠᠨ ᠭᠦᠨ ᠬᠠᠶᠢᠷ᠎ᠠ ᠰᠡᠳᠭᠢᠯᠭᠡ ᠪᠠᠨ ᠢᠯᠡᠳᠭᠡᠨ᠎ᠡ᠃ ᠰᠤᠷᠭᠠᠭᠤᠯᠢ ᠶᠢᠨ ᠪᠠᠭᠰᠢ ᠨᠠᠷ᠂ ᠡᠶᠢᠮᠦ ᠠᠵᠢᠯᠯᠠᠭ᠎ᠠ | ᠥᠷᠨᠢᠭᠦᠯᠬᠦ ᠨᠢ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ︽ᠠᠨᠠᠷ ᠤᠨ ᠦᠷ᠎ᠡ︾ ᠨᠢᠭᠡᠪᠦᠷᠢ ᠶᠢ ᠨᠢᠭᠲᠠᠷᠠᠨ ᠪᠦᠯᠬᠦᠮᠳᠡᠭᠦᠯᠬᠦ ᠶᠢᠨ ᠲᠥᠯᠥᠭᠡ | ᠶᠤᠮ ᠭᠡᠵᠦ ᠢᠯᠡᠳᠭᠡᠪᠡ᠃ | ︽ᠣᠩᠭᠤᠴᠠᠨ ᠤ ᠬᠦᠴᠦᠨ ᠳᠠᠷᠪᠠᠭᠤᠯ ᠳᠠᠭᠠᠨ ᠪᠠᠶᠢᠵᠤ᠂ ᠬᠥᠮᠥᠨ ᠤ ᠬᠦᠴᠦᠨ ᠰᠡᠳᠬᠢᠯ ᠠᠴᠠ ᠡᠬᠢᠯᠡᠨ᠎ᠡ︾᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠪᠣᠯ ᠡᠯ᠎ᠡ ᠦᠨᠳᠦᠰᠦᠲᠡᠨ ᠨᠦᠭᠦᠳ ᠤᠨ ᠬᠥᠮᠦᠰ ᠤᠨ ᠰᠡᠳᠬᠢᠯ ᠢ | ᠨᠢᠭᠲᠠᠷᠠᠭᠤᠯᠬᠤ᠂ ᠪᠦᠯᠬᠦᠮᠳᠡᠨ ᠣᠷᠤᠭᠰᠢᠯᠠᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠤᠯᠪᠣᠭᠠᠰᠤ ᠮᠥᠨ᠃ | ᠪᠤᠭᠤᠲᠤ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠨ ᠪᠠᠶᠢᠭᠤᠯᠬᠤ ᠨᠢ ᠡᠯᠪᠡᠭ ᠪᠠᠶᠠᠯᠢᠭ | ᠬᠡᠯᠪᠡᠷᠢ ᠶᠢᠨ ᠠᠴᠢᠶᠠᠯᠠᠪᠤᠷᠢ ᠲᠠᠢ — ᠡᠯ᠎ᠡ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠬᠦ ᠳᠤᠮᠳᠠᠳᠤ ᠶᠢᠨ ᠰᠣᠶᠣᠯ ᠤᠨ ᠲᠡᠮᠳᠡᠭ ᠤᠨ ᠦᠵᠡᠮᠵᠢ ᠶᠢᠨ ᠱᠤᠭ | ᠵᠦᠴᠦᠭᠡ ᠶᠢ 500 ᠭᠠᠷᠤᠢ ᠪᠠᠶᠢᠭᠤᠯᠵᠠᠢ︔ ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠶᠢ ᠪᠡᠶᠡᠴᠢᠯᠡᠨ ᠣᠶᠢᠯᠠᠭᠠᠬᠤ ᠣᠷᠳᠣᠨ ᠢ ᠪᠠᠶᠢᠭᠤᠯᠪᠠ︔ ᠮᠠᠩᠬᠠᠨ ᠵᠦᠴᠦᠭᠡ ︽ᠲᠦᠭᠦᠶᠢᠮᠠ︾᠂ ᠳᠠᠭᠤᠯᠠᠯᠲᠤ ᠵᠦᠴᠦᠭᠡ ︽ᠬᠤᠣᠰ ᠵᠢᠭᠦᠷᠲᠦ | ᠰᠢᠳᠢᠲᠦ ᠬᠦᠯᠦᠭ︾᠂ ᠲᠣᠮᠤ ᠬᠡᠯᠪᠡᠷᠢ ᠶᠢᠨ ᠲᠠᠶᠢᠰᠤᠨ ᠬᠦᠭᠵᠢᠯᠲᠦ ᠵᠦᠴᠦᠭᠡ ︽ᠲᠠᠯ᠎ᠠ ᠨᠤᠲᠤᠭ ᠤᠨ ᠦᠷ ᠤᠨ ᠲᠤᠶᠠᠭ᠎ᠠ︾ ᠵᠡᠷᠭᠡ ᠨᠢᠭᠡ ᠪᠦᠯᠦᠭ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠲᠤᠰᠬᠠᠭᠰᠠᠨ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠪᠡ︔ ᠸᠠᠩ ᠷᠦᠸᠧ ᠹᠧᠢ ᠶᠢᠨ | ᠳᠤᠷᠠᠰᠬᠠᠯ ᠤᠨ ᠣᠷᠳᠣᠨ ᠵᠢᠴᠢ ᠡᠷᠬᠢᠨ ᠲᠣᠭᠤᠷᠢᠨ ᠤ ᠬᠤᠳᠠ ᠶᠢ ᠰᠢᠨᠡᠳᠬᠡᠨ ᠥᠭᠡᠷᠡᠴᠢᠯᠡᠬᠦ ᠶᠢ ᠪᠡᠶᠡᠯᠡᠭᠦᠯᠵᠦ᠂ ︽ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠢ ᠪᠠᠶᠢᠭᠤᠯᠬᠤ︾ ᠦᠵᠡᠭᠦᠯᠦᠯᠭᠡ ᠶᠢᠨ ᠲᠢᠩᠬᠢᠮ ᠤᠨ ᠲᠡᠰ ᠳᠡᠪᠰᠢᠬᠦ ᠶᠢ ᠠᠬᠢᠭᠤᠯᠪᠠ︔ ᠮᠠᠷᠠᠽᠤᠨ ᠤᠷᠤᠯᠳᠤᠭᠠᠨ | ᠂ ᠮᠣᠷᠢᠨ ᠮᠡᠷᠭᠡᠵᠢᠯ ᠤᠨ ᠤᠷᠤᠯᠳᠤᠭᠠᠨ ᠤ ︽ᠪᠣᠭᠤᠲᠤ ᠬᠤᠲᠠ ᠶᠢᠨ ᠬᠤᠣᠰ ᠮᠣᠷᠢ︾ ᠶᠢᠨ ᠬᠤᠳᠠ ᠶᠢᠨ ᠨᠡᠷᠡᠲᠦ ᠲᠡᠮᠳᠡᠭᠲᠦ ᠶᠢ ᠦᠷᠭᠦᠯᠵᠢᠯᠡᠨ ᠡᠭᠦᠳᠪᠡ ᠁ | ᠪᠣᠳᠠᠲᠠᠢ ᠳᠦᠷᠦᠭᠳᠡᠯ ᠲᠠᠢ ᠠᠯᠢ ᠤᠯᠠᠨ ᠠᠷᠭ᠎ᠠ ᠬᠡᠮᠵᠢᠶ᠎ᠡ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠦᠰ ᠤᠨ | ᠰᠡᠳᠬᠢᠯ ᠳᠤ ᠬᠠᠳᠠᠩᠰᠢᠭᠤᠯᠵᠤ᠂ ᠴᠢᠰᠤᠨ ᠰᠤᠳᠠᠰᠤ ᠳᠤ ᠠᠭᠤᠰᠬᠠᠵᠤ᠂ ᠠᠮᠢᠨ ᠰᠤᠳᠠᠰᠤ ᠳᠤ | ᠣᠷᠣᠭᠤᠯᠵᠠᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ᠂ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ | ᠠᠵᠢᠯ ᠢ ᠬᠢᠬᠦ ᠪᠠᠷ ᠪᠠᠷᠠᠬᠤ ᠦᠭᠡᠢ ᠪᠠᠰᠠ ᠶᠡᠭᠡ ᠬᠡᠮᠵᠢᠶᠡᠨ ᠤ ︽ᠴᠢᠮᠡᠭᠡ ᠠᠨᠢᠷ ᠦᠭᠡᠢ ᠲᠦᠮᠡᠨ ᠪᠤᠳᠠᠰ ᠢ ᠤᠮᠳᠠᠯᠠᠬᠤ︾ ᠶᠠᠪᠤᠳᠠᠯ ᠢ ᠬᠢᠬᠦ ᠬᠡᠷᠡᠭᠲᠡᠢ᠃ | ᠣᠶᠢᠷ᠎ᠠ ᠶᠢᠨ ᠵᠢᠯ ᠳᠤ᠂ ᠮᠠᠨ ᠤ ᠬᠤᠲᠠ ᠦᠵᠡᠯ ᠰᠠᠨᠠᠭᠠᠨ ᠤ ᠵᠢᠯᠣᠭᠤᠳᠣᠯᠭ᠎ᠠ᠂ ᠤᠬᠠᠭᠤᠯᠭ᠎ᠠ ᠬᠥᠮᠦᠵᠢᠯ ᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠶᠢᠨ ᠰᠠᠭᠤᠷᠢ ᠴᠢᠨᠠᠷᠲᠠᠶ᠂ ᠤᠳᠤᠷᠢᠳᠤᠮᠵᠢ ᠶᠢᠨ ᠴᠢᠨᠠᠷᠲᠠᠶ ᠠᠵᠢᠯ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠤᠯᠤᠰ ᠠᠷᠠᠳ ᠤᠨ ᠰᠤᠷᠭᠠᠨ ᠬᠥᠮᠦᠵᠢᠯ᠂ ᠺᠠᠳ᠋ᠷ ᠤᠨ ᠰᠤᠷᠭᠠᠨ ᠬᠥᠮᠦᠵᠢᠯ᠂ | ᠰᠤᠷᠭᠠᠭᠤᠯᠢ ᠶᠢᠨ ᠰᠤᠷᠭᠠᠨ ᠬᠥᠮᠦᠵᠢᠯ᠂ ᠨᠡᠶᠢᠭᠡᠮ ᠤᠨ ᠰᠤᠷᠭᠠᠨ ᠬᠥᠮᠦᠵᠢᠯ ᠤᠨ ᠪᠥᠬᠦ ᠶᠠᠪᠤᠴᠠ ᠳᠤ ᠣᠷᠣᠭᠤᠯᠵᠤ᠂ ᠬᠥᠮᠦᠨ ᠰᠣᠶᠤᠯᠵᠢᠭᠰᠠᠨ᠂ ᠣᠯᠠᠨ | ᠲᠦᠮᠡᠨᠴᠢᠯᠡᠭᠰᠡᠨ᠂ ᠪᠣᠳᠠᠲᠤ ᠴᠣᠭᠴᠠᠵᠢᠭᠰᠠᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠡᠯ᠎ᠡ ᠦᠨᠳᠦᠰᠦᠲᠡᠨ ᠨᠦᠭᠦᠳ ᠤᠨ | ᠺᠠᠳ᠋ᠷ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ | ᠡᠯ᠎ᠡ ᠦᠨᠳᠦᠰᠦᠲᠡᠨ ᠨᠦᠭᠦᠳ ᠤᠨ ᠪᠦᠯᠬᠦᠮᠳᠡᠯ ᠳᠠᠪᠰᠢᠯᠲᠠ ᠶᠢᠨ ᠦᠵᠡᠯ ᠰᠠᠨᠠᠭᠠᠨ ᠤ ᠰᠠᠭᠤᠷᠢ ᠶᠢ ᠪᠠᠲᠤᠳᠬᠠᠪᠠ᠃ | ᠪᠤᠭᠤᠲᠤ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠶᠢ | ᠤᠷᠳᠤ ᠬᠤᠭᠤᠴᠠᠭᠠᠨ ᠤ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠡᠭᠦᠷᠭᠡ ᠪᠣᠯᠭᠠᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠭᠤᠣᠯᠯᠠᠭᠴᠢ | ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠲᠡᠦᠬᠡ ᠰᠣᠶᠣᠯ ᠠᠴᠠ ᠤᠶᠤᠨ ᠤᠬᠠᠭᠠᠨ ᠬᠦᠴᠦᠨ ᠴᠢᠳᠠᠯ ᠢ ᠰᠢᠩᠭᠡᠭᠡᠨ ᠠᠪᠴᠤ᠂ ᠴᠠᠭ ᠦᠶ᠎ᠡ ᠶᠢᠨ | ᠵᠣᠷᠢᠭ ᠰᠠᠨᠠᠭ᠎ᠠ ᠪᠠᠷ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠪᠦᠬᠦ ᠬᠤᠳᠠ ᠶᠢᠨ ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠣᠲᠣᠭᠠᠳᠤ | ᠰᠡᠳᠬᠢᠯ ᠳᠤ ︽ᠪᠦᠯᠬᠦᠮᠳᠡᠯ ᠤᠨ ᠴᠡᠴᠡᠭ︾ ᠢ ᠲᠠᠰᠤᠷᠠᠯᠲᠠ ᠦᠭᠡᠢ ᠦᠷᠡᠵᠢᠭᠦᠯᠦᠨ ᠪᠤᠶᠢᠵᠢᠭᠤᠯᠵᠤ᠂ ︽ᠳᠤᠮᠳᠠᠳᠤ ᠶᠢᠨ ᠰᠦᠭ ᠰᠦᠨᠡᠰᠦ︾ ᠶᠢ | ᠵᠣᠵᠠᠭᠠᠳᠬᠠᠨᠠ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠬᠤ — ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ | ᠠᠬᠢᠭᠤᠯᠵᠤ᠂ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ | ᠠᠯᠲᠠᠨ ᠰᠢᠷᠭᠠᠯ ︽ᠲᠡᠮᠦᠷ ᠱᠦᠭᠦᠷ︾ ᠬᠤᠸᠠᠷ ᠴᠡᠴᠡᠭ ᠳᠡᠯᠭᠡᠷᠡᠵᠦ᠂ ᠤᠳᠠᠯ ᠦᠭᠡᠢ ᠲᠣᠭᠤᠭᠠᠨ ᠤ ᠭᠠᠷᠬᠤ ᠳᠠᠷᠬᠠᠨ ᠮᠣᠣᠮᠢᠩᠭᠠᠨ ᠤ ᠬᠤᠨᠢᠨ ᠮᠢᠬᠠᠨ ᠤ | ᠦᠨᠦᠷ ᠬᠠᠩᠬᠤᠯᠤᠨ᠎ᠠ ᠁ ᠥᠪᠥᠷ ᠮᠣᠩᠭᠤᠯ ᠤᠨ ᠳᠠᠷᠬᠠᠨ ᠮᠤᠤᠮᠢᠩᠭᠠᠨ ᠬᠤᠯᠪᠣᠭᠠᠲᠤ ᠬᠤᠱᠢᠭᠤᠨ ᠤ ᠮᠠᠨᠳᠤᠯ ᠪᠠᠯᠭᠠᠰᠤᠨ ᠤ ᠤᠮᠠᠷᠠᠲᠤ ᠬᠢᠯᠢ ᠶᠢᠨ | ᠠᠷᠠᠳ ᠤᠨ ᠵᠠᠩ ᠦᠢᠯᠡ ᠶᠢᠨ ᠬᠤᠭᠤᠯᠠᠨ ᠭᠡᠷ ᠲᠤ ᠣᠷᠣᠬᠤ ᠳᠤ ᠴᠥᠭᠡᠨ ᠪᠤᠰᠤ ᠵᠤᠭᠠᠴᠠᠭᠰᠠᠳ ᠠᠳᠡ ᠤᠮᠠᠷᠠᠲᠤ ᠬᠢᠯᠢ ᠶᠢᠨ ᠭᠤᠶᠣ ᠦᠵᠡᠮᠵᠢ ᠶᠢ | ᠰᠣᠨᠢᠷᠬᠠᠵᠤ ᠲᠠᠯ᠎ᠠ ᠨᠤᠲᠤᠭ ᠤᠨ ᠠᠮᠲᠠᠲᠤ ᠢᠳᠡᠭᠡᠨ ᠢ ᠠᠮᠲᠠᠯᠠᠨ᠎ᠠ᠃ ᠬᠤᠭᠤᠯᠠᠨ ᠬᠡᠷ ᠵᠢᠩᠬᠢᠨᠢ ᠪᠠᠷ ᠡᠵᠡᠩᠨᠡᠭᠰᠡᠨ ᠤ ᠳᠠᠷᠠᠭ᠎ᠠ᠂ ᠡᠳᠦᠷ ᠲᠤᠲᠤᠮ ᠤᠨ | ᠡᠵᠡᠩᠨᠡᠯᠲᠡ ᠶᠢᠨ ᠬᠠᠮᠲᠤ ᠪᠠᠰᠠ ︽ᠨᠠᠮ ᠤᠨ ᠪᠠᠶᠢᠭᠤᠯᠤᠯᠲᠠ + ᠬᠤᠪᠢᠰᠬᠠᠯᠲᠤ ᠵᠢᠭᠤᠯᠴᠢᠯᠠᠯ︾ ᠵᠡᠷᠭᠡ ᠪᠣᠯᠪᠠᠰᠤᠷᠠᠯ ᠤᠨ ᠲᠦᠰᠦᠯ ᠤᠨ ᠬᠠᠮᠲᠤ ᠶᠢᠨ | ᠬᠤᠭᠤᠯᠠ ᠶᠢ ᠳᠠᠭᠠᠭᠠᠴᠢᠯᠠᠨ ᠠᠪᠴᠤ᠂ ᠲᠤᠬᠠᠶ ᠶᠢᠨ ᠭᠠᠵᠠᠷ ᠤᠨ ᠮᠠᠯᠴᠢᠳ ᠢ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠰᠢᠨ᠎ᠡ ᠠᠷᠭ᠎ᠠ ᠵᠠᠮ ᠲᠠᠢ | ᠪᠣᠯᠭᠠᠭᠰᠠᠨ ᠪᠠᠶᠢᠨ᠎ᠠ᠃ | ᠣᠶᠢᠷ᠎ᠠ ᠳᠤ᠂ ᠭᠦᠶᠡᠩ ᠰᠢᠶᠠᠨ ᠤ ᠵᠢᠨᠱᠠᠨ ᠪᠠᠯᠭᠠᠰᠤᠨ ᠤ ᠵᠢᠦ ᠴᠧᠩ ᠲᠣᠰᠬᠤᠨ ᠳᠤ᠂ ᠨᠢᠭᠡᠨ ᠲᠷᠠᠺᠲ᠋ᠣᠷ ᠶᠠᠭ ᠡᠭᠡᠯᠵᠢᠯᠡᠨ ᠲᠠᠷᠢᠶᠠᠯᠠᠵᠤ᠂ 75 ᠨᠠᠰᠤᠲᠠᠶ | ᠲᠣᠰᠬᠤᠨ ᠤ ᠠᠷᠠᠳ ᠯᠢᠦ ᠡᠪᠦᠭᠡᠨ ᠲᠠᠷᠢᠶᠠᠨ ᠦᠵᠦᠭᠦᠷ ᠲᠤ ᠰᠤᠯᠠ ᠠᠯᠬᠤᠯᠠᠨ᠎ᠠ᠃ ︽ᠲᠣᠰᠬᠤᠨ ᠳᠤ ᠲᠠᠷᠢᠶᠠᠴᠢᠳ ᠤᠨ ᠭᠠᠵᠠᠷ ᠰᠢᠷᠣᠢ ᠶᠢ ᠨᠠᠶᠢᠳᠠᠨ | ᠬᠠᠮᠢᠶᠠᠷᠤᠭᠤᠯᠬᠤ᠂ ᠬᠤᠪᠢ ᠣᠷᠣᠭᠤᠯᠬᠤ ᠵᠡᠷᠭᠡ ᠬᠡᠯᠪᠡᠷᠢ ᠶᠢ ᠬᠡᠷᠡᠭᠵᠢᠭᠦᠯᠵᠦ᠂ ᠳᠠᠭᠠᠴᠢᠯᠠᠭᠤᠯᠤᠭᠰᠠᠨ ᠠᠲᠠᠷᠰᠢᠭᠰᠠᠨ ᠦᠭᠡᠢ᠂ ᠨᠠᠮᠤᠷ ᠤᠨ ᠰᠡᠭᠦᠯᠴᠢ ᠳᠤ ᠪᠠᠰᠠ | ᠣᠷᠣᠯᠭ᠎ᠠ ᠲᠠᠢ ᠪᠠᠶᠢᠵᠤ᠂ ᠥᠪᠡᠷ ᠢᠶᠠᠨ ᠲᠠᠷᠢᠶ᠎ᠠ ᠲᠠᠷᠢᠬᠤ ᠳᠤ ᠴᠤ ᠠᠮᠠᠷᠬᠠᠨ ᠪᠣᠯᠵᠠᠢ︾ ᠭᠡᠵᠦ ᠯᠢᠦ ᠡᠪᠦᠭᠡᠨ ᠢᠨᠢᠶᠡᠨ ᠶᠠᠷᠢᠪᠠ᠃ | ᠭᠦᠶᠡᠩ ᠰᠢᠶᠠᠨ ᠤ ᠵᠢᠨᠱᠠᠨ ᠪᠠᠯᠭᠠᠰᠤᠨ ᠤ ᠵᠢᠦ ᠴᠧᠩ ᠲᠣᠰᠬᠤᠨ ᠬᠤᠪᠢ ᠨᠡᠶᠢᠯᠡᠭᠦᠯᠦᠨ ᠡᠵᠡᠩᠨᠡᠬᠦ ᠶᠢ ᠰᠦᠪᠡᠭᠴᠢᠯᠡᠵᠦ᠂ ᠪᠦᠬᠦ ᠲᠣᠰᠬᠤᠨ ᠤ ᠨᠠᠮ ᠤᠨ | ᠭᠡᠰᠢᠭᠦᠨ᠂ ᠪᠠᠶᠠᠵᠢᠯ ᠤᠨ ᠳᠠᠭᠠᠭᠤᠯᠤᠭᠴᠢ ᠬᠢᠭᠡᠳ ᠬᠤᠪᠢ ᠨᠡᠶᠢᠯᠡᠭᠦᠯᠦᠨ ᠡᠵᠡᠩᠨᠡᠵᠦ ᠪᠠᠶᠢᠭ᠎ᠠ ᠲᠣᠰᠬᠤᠨ ᠤ ᠠᠷᠠᠳ ᠤᠨ ᠬᠠᠮᠲᠤ ᠶᠢᠨ ᠴᠢᠷᠮᠠᠶᠢᠯᠭ᠎ᠠ ᠳᠣᠣᠷ᠎ᠠ᠂ | ᠲᠣᠰᠬᠤᠨ ᠤ ᠬᠤᠪᠢ ᠣᠷᠣᠭᠤᠯᠤᠨ ᠡᠵᠡᠩᠨᠡᠵᠦ ᠪᠠᠶᠢᠭ᠎ᠠ ᠲᠠᠷᠢᠮᠠᠯ ᠤᠨ ᠵᠠᠭᠪᠤᠷ ᠨᠢ ᠡᠯᠪᠡᠭ ᠪᠠᠶᠠᠯᠢᠭ ᠠᠰᠢᠭ ᠣᠷᠣᠯᠭ᠎ᠠ ᠣᠯᠤᠭᠰᠠᠨ ᠤ ᠬᠠᠮᠲᠤ ᠵᠢᠦ ᠴᠧᠩ | ᠲᠣᠰᠬᠤᠨ ᠤ ᠨᠠᠩ ᠣᠯᠠᠨ ᠲᠣᠰᠬᠤᠨ ᠤ ᠠᠷᠠᠳ ᠤᠨ ᠣᠷᠣᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠰᠠᠶᠢᠨ ᠠᠵᠤ ᠦᠢᠯᠡᠰ ᠤᠨ ᠵᠠᠭᠪᠤᠷ ᠢᠶᠠᠷ ᠣᠯᠠᠨ ᠢ | ᠳᠠᠶᠢᠴᠢᠯᠠᠨ ᠬᠠᠮᠲᠤ ᠪᠠᠷ ᠪᠠᠶᠠᠵᠢᠭᠤᠯᠪᠠ᠃ | ︽ᠴᠠᠬᠢᠯᠭᠠᠨ ᠳ᠋ᠧᠩ ᠭᠡᠷᠡᠯᠲᠦᠵᠦ ᠤᠯᠠᠯᠵᠠᠬᠤ ᠦᠭᠡᠢ᠂ ᠲᠡᠵᠢᠭᠡᠯ ᠪᠣᠷᠳᠤᠭ᠎ᠠ ᠪᠣᠯᠪᠠᠰᠤᠷᠠᠭᠤᠯᠬᠤ ᠮᠠᠰᠢᠨ ᠨᠢᠰᠬᠦ ᠮᠡᠲᠦ ᠲᠦᠷᠭᠡᠨ ᠡᠷᠭᠢᠯᠳᠦᠵᠦ᠂ ᠮᠠᠯ | ᠮᠠᠯᠵᠢᠬᠤ ᠳᠤ ᠵᠣᠪᠠᠭ᠋ᠤ ᠬᠡᠷᠡᠭ ᠦᠭᠡᠢ᠂ ᠪᠦᠷ ᠴᠠᠬᠢᠯᠭᠠᠨ ᠨᠠᠳᠠ ᠳᠤ ᠪᠠᠲᠤᠯᠠᠭ᠎ᠠ ᠬᠠᠩᠭᠠᠨ᠎ᠠ᠂ ᠨᠠᠮ ᠤᠨ ᠰᠠᠶᠢᠨ ᠲᠦᠷᠦ ᠶᠢᠨ ᠪᠤᠳᠤᠯᠭ᠎ᠠ ᠳᠤ ᠲᠠᠯᠠᠷᠬᠠᠵᠤ ᠪᠠᠶᠢᠨ᠎ᠠ | ︕︾᠂ ᠴᠠᠬᠢᠯᠭᠠᠨ ᠦᠭᠡᠢ ᠪᠠᠶᠢᠭᠰᠠᠨ ᠠᠴᠠ ᠪᠠᠨ ᠴᠠᠬᠢᠯᠭᠠᠨ ᠲᠠᠢ ᠪᠣᠯᠵᠤ᠂ ᠳᠠᠬᠢᠨ ᠤᠳᠤ ᠶᠢᠨ ᠴᠠᠬᠢᠯᠭᠠᠨ ᠲᠣᠣᠷ ᠴᠠᠬᠢᠯᠭᠠᠨ ᠪᠣᠯᠵᠤ᠂ ᠳᠠᠷᠬᠠᠨ ᠮᠤᠤᠮᠢᠩᠭᠠᠨ | ᠬᠤᠯᠪᠣᠭᠠᠲᠤ ᠬᠤᠰᠢᠭᠤᠨ ᠤ ᠪᠠᠲᠤᠬᠠᠭᠠᠯᠭ᠎ᠠ ᠪᠠᠯᠭᠠᠰᠤᠨ ᠤ ᠬᠤᠵᠢᠷᠲᠤ ᠭᠠᠴᠠᠭᠠᠨ ᠤ ᠯᠢᠦ ᠯᠠᠢ ᠲᠢᠶᠠᠨ ᠡᠭᠡᠯ ᠪᠣᠷᠣᠭᠵᠢᠭᠤᠨ ᠦᠭᠡ ᠬᠡᠯᠡ ᠪᠠᠷ ᠬᠢᠯᠢ ᠬᠢᠵᠠᠭᠠᠷ | ᠣᠷᠣᠨ ᠤ ᠡᠯ᠎ᠡ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠨ ᠤ ᠰᠡᠳᠬᠢᠯ ᠤᠨ ᠳᠠᠭᠤᠨ ᠪᠠ ᠰᠠᠶᠢᠨ ᠰᠠᠶᠢᠬᠠᠨ ᠰᠢᠨ᠎ᠡ ᠠᠮᠢᠳᠤᠷᠠᠯ ᠤᠨ ᠰᠢᠨ᠎ᠡ ᠬᠦᠰᠡᠯ | ᠡᠷᠡᠮᠡᠯᠵᠡᠯ ᠢ ᠬᠡᠯᠡᠵᠦ ᠭᠠᠷᠭᠠᠪᠠ᠃ | ᠶᠡᠷᠦᠩᠬᠡᠢ ᠱᠦᠵᠢ ᠰᠢ ᠶᠢᠨ ᠫᠢᠩ᠄ ︽ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠨᠢᠭᠡ ᠦᠨᠳᠦᠰᠦᠲᠡᠨ ᠢ | ᠴᠦ ᠣᠷᠬᠢᠭᠳᠠᠭᠤᠯᠵᠤ ᠪᠣᠯᠬᠤ ᠦᠭᠡᠢ︾ ᠭᠡᠵᠦ ᠵᠢᠭᠠᠵᠤ ᠭᠠᠷᠭᠠᠪᠠ᠃ | ᠮᠠᠨ ᠤ ᠬᠤᠲᠠ ︽ᠨᠢᠭᠡ ᠰᠢᠨ᠎ᠡ ᠶᠢ ᠡᠭᠦᠳᠬᠦ᠂ ᠭᠤᠷᠪᠠ ᠶᠢ ᠪᠡᠶᠡᠯᠡᠭᠦᠯᠬᠦ︾ ᠪᠠᠷ ᠪᠤᠭᠤᠲᠤ ᠶᠢᠨ ᠡᠯ᠎ᠡ ᠵᠦᠢᠯ ᠤᠨ ᠠᠵᠢᠯ ᠢ ᠵᠢᠯᠣᠭᠤᠳᠬᠤ ᠶᠢᠨ ᠦᠨᠳᠦᠰᠦᠨ | ᠵᠢᠷᠤᠮᠯᠠᠯ ᠪᠣᠯᠭᠠᠬᠤ ᠶᠢ ᠢᠮᠠᠭᠲᠠ ᠪᠠᠷᠢᠮᠲᠠᠯᠠᠵᠤ᠂ ᠪᠣᠶ ᠪᠥᠬᠦᠶ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠬᠤ ᠶᠢ ᠡᠰᠡᠷᠭᠦᠴᠡᠬᠦ ᠪᠠᠷ ᠠᠴᠢ ᠬᠤᠯᠪᠣᠭᠳᠠᠯ ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ᠂ ᠬᠥᠮᠦᠰ ᠤᠨ ᠰᠡᠳᠬᠢᠯ ᠢ ᠨᠢᠭᠲᠠᠷᠠᠭᠤᠯᠬᠤ ᠶᠢᠨ ᠠᠴᠢ ᠬᠤᠯᠪᠣᠭᠳᠠᠯ ᠣᠯᠭᠤᠬᠤ᠂ ᠬᠥᠭᠵᠢᠯᠲᠡ ᠶᠢᠨ ᠦᠷ᠎ᠡ ᠪᠦᠲᠦᠭᠡᠯ ᠢ | ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠣᠯᠠᠨ | ᠡᠳ᠋ᠯᠡᠭᠦᠯᠦᠨ᠎ᠡ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠬᠥᠮᠦᠨ ᠨᠢᠭᠡᠪᠦᠷᠢ ᠶᠢᠨ ᠪᠡᠶ᠎ᠡ ᠳᠡᠭᠡᠷ᠎ᠡ ᠲᠤᠯᠭᠠᠷᠠᠪᠠᠯ ︽ᠨᠢᠭᠡ ᠶᠢ ᠴᠦ ᠣᠷᠬᠢᠭᠳᠠᠭᠤᠯᠵᠤ | ᠪᠣᠯᠬᠤ ᠦᠭᠡᠢ︾᠃ | ᠡᠯ᠎ᠡ ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠦᠰᠢᠭᠯᠡᠬᠦ ︽ᠡᠮᠴᠢᠯᠡᠭᠡᠨ︾ ᠲᠠᠢ ᠪᠣᠯᠭᠠᠬᠤ ᠶᠢᠨ ᠲᠥᠯᠥᠭᠡ᠂ ᠬᠤᠲᠠ ᠶᠢᠨ ᠨᠠᠮ ᠤᠨ ᠬᠤᠷᠢᠶ᠎ᠠ᠂ | ᠬᠤᠲᠠ ᠶᠢᠨ ᠵᠠᠰᠠᠭ ᠤᠨ ᠣᠷᠳᠣᠨ ︽ᠡᠮᠴᠢᠯᠡᠭᠡᠨ ᠤ ᠥᠨᠳᠦᠷᠯᠢᠭ ᠢ ᠪᠥᠬᠦ ᠲᠠᠯ᠎ᠠ ᠪᠠᠷ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ | ᠡᠮᠨᠡᠯᠭᠡ ᠶᠢᠨ ᠬᠤᠷᠢᠶ᠎ᠠ ᠶᠢᠨ ᠥᠨᠳᠥᠷ ᠬᠢᠷᠢ ᠲᠦᠪᠰᠢᠨ ᠤ ᠪᠥᠲᠥᠭᠡᠨ ᠪᠠᠶᠢᠭᠤᠯᠤᠯᠲᠠ ᠳᠤ ᠰᠢᠨ᠎ᠡ ᠦᠷ᠎ᠡ ᠪᠦᠲᠦᠮᠵᠢ ᠣᠯᠤᠭᠰᠠᠨ᠂ ᠡᠮᠴᠢᠯᠡᠭᠡᠨ ᠤ | ᠦᠢᠯᠡᠴᠢᠯᠡᠭᠡᠨ ᠤ ᠬᠢᠷᠢ ᠲᠦᠪᠰᠢᠨ ᠰᠢᠨ᠎ᠡ ᠳᠡᠭᠡᠭᠡᠭᠰᠢᠯᠡᠯᠲᠡ ᠶᠢ ᠪᠡᠶᠡᠯᠡᠭᠦᠯᠦᠭᠰᠡᠨ ᠵᠡᠷᠭᠡ ᠠᠷᠪᠠᠨ ᠲᠠᠯ᠎ᠠ ᠶᠢᠨ ᠭᠤᠴᠢᠨ ᠵᠦᠢᠯ ᠤᠨ ᠭᠤᠤᠯᠳᠠᠯᠭ᠎ᠠ ᠲᠠᠢ | ᠡᠭᠦᠷᠭᠡ ᠶᠢ ᠳᠤᠷᠠᠳᠴᠤ᠂ ᠪᠤᠭᠤᠲᠤ ᠶᠢ ᠤᠮᠠᠷᠠᠲᠤ ᠣᠷᠣᠨ ᠪᠠᠷᠠᠭᠤᠨ ᠬᠤᠶᠢᠲᠤ ᠣᠷᠣᠨ ᠢ ᠨᠥᠯᠥᠭᠡᠯᠡᠨ ᠳᠠᠶᠢᠴᠢᠯᠠᠬᠤ ᠪᠦᠬᠦ ᠤᠯᠤᠰ ᠲᠤ ᠨᠡᠷᠡᠲᠡᠢ ᠡᠮ | ᠡᠮᠨᠡᠯᠭᠡ ᠶᠢᠨ ᠦᠨᠳᠦᠷᠯᠢᠭ ᠭᠠᠵᠠᠷ ᠪᠣᠯᠭᠠᠨ ᠪᠠᠶᠢᠭᠤᠯᠵᠤ᠂ ᠮᠠᠨ ᠤ ᠬᠤᠲᠠ ᠶᠢᠨ ᠡᠮᠴᠢᠯᠡᠭᠡᠨ ᠤ ᠦᠢᠯᠡᠴᠢᠯᠡᠭᠡᠨ ᠤ ᠦᠷᠢᠰᠦᠯᠳᠦᠬᠦ ᠬᠦᠴᠦᠨ᠂ ᠰᠠᠴᠤᠷᠠᠯᠲᠠ ᠶᠢᠨ | ᠬᠦᠴᠦᠨ ᠪᠠ ᠨᠥᠯᠥᠭᠡᠯᠡᠬᠦ ᠬᠦᠴᠦᠨ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢ ᠲᠣᠳᠣᠷᠬᠠᠶ ᠲᠣᠭᠲᠠᠭᠠᠪᠠ᠃ | ᠬᠡᠦᠬᠡᠳ ᠤᠳ ᠲᠤ ᠨᠡᠩ ᠰᠢᠯᠢᠳᠡᠭ ᠨᠡᠩ ᠡᠷᠬᠡ ᠲᠡᠭᠰᠢ ᠰᠤᠷᠭᠠᠨ ᠬᠥᠮᠦᠵᠢᠯ ᠬᠦᠷᠲᠡᠭᠡᠬᠦ ᠶᠢᠨ ᠲᠥᠯᠥᠭᠡ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ︽ᠰᠤᠷᠭᠠᠨ ᠬᠥᠮᠦᠵᠢᠯ ᠤᠨ ᠥᠨᠳᠦᠷᠯᠢᠭ ᠢ ᠪᠦᠬᠦ ᠲᠠᠯ᠎ᠠ ᠪᠠᠷ ᠪᠠᠶᠢᠭᠤᠯᠵᠤ ᠰᠤᠷᠭᠠᠨ ᠬᠥᠮᠦᠵᠢᠯ ᠤᠨ ᠬᠦᠴᠦᠷᠬᠡᠭ ᠬᠤᠳᠠ ᠶᠢ ᠲᠦᠷᠭᠡᠨ ᠪᠦᠳᠦᠭᠡᠨ | ᠪᠠᠶᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠵᠤ᠂ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ | ᠰᠤᠷᠭᠠᠨ ᠬᠥᠮᠦᠵᠢᠯ ᠤᠨ ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠬᠢ᠂ ᠬᠠᠮᠲᠤᠯᠢᠭ ᠤᠨ ᠵᠥᠷᠢᠶ᠎ᠡ ᠶᠢ ᠴᠢᠷᠮᠠᠶᠢᠨ ᠪᠠᠭᠠᠰᠬᠠᠵᠤ᠂ | ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠵᠦ ᠬᠠᠪᠰᠤᠷᠤᠨ ᠲᠡᠳᠬᠦᠬᠦ ᠲᠣᠭᠲᠠᠴᠠ ᠪᠣᠯᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ | ᠪᠡᠶᠡᠯᠡᠭᠦᠯᠦᠨ᠎ᠡ᠃ | ᠡᠯ᠎ᠡ ᠦᠨᠳᠦᠰᠦᠲᠡᠨ ᠨᠦᠭᠦᠳ ᠤᠨ ᠣᠯᠠᠨ ᠲᠦᠮᠡᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠬᠦᠰᠡᠯ ᠢ ᠭᠡᠷᠡᠯᠲᠦᠭᠦᠯᠬᠦ ᠶᠢᠨ ᠲᠥᠯᠥᠭᠡ᠂ ᠮᠠᠨ ᠤ ᠬᠤᠲᠠ | ︽ᠢᠳᠡᠭᠡ ᠲᠠᠢ ᠭᠡᠷ ᠪᠠᠶᠢᠰᠢᠩ︾ ᠢ ᠬᠡᠷᠡᠭᠵᠢᠭᠦᠯᠵᠦ᠂ ᠯᠢᠨ ᠨᠠᠨ ᠫᠢᠩ ᠹᠠᠩ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠢ ᠬᠡᠷᠡᠭᠵᠢᠭᠦᠯᠵᠦ᠂ | ᠴᠠᠭ ᠲᠠᠢ ᠤᠷᠤᠯᠳᠤᠨ᠂ ᠪᠣᠳᠠᠲᠠᠶ ᠠᠵᠢᠯᠯᠠᠬᠤ ᠪᠠᠷ ᠲᠡᠷᠢᠭᠦᠨ ᠳᠤ ᠣᠷᠣᠬᠤ ᠪᠠᠷ ᠴᠢᠷᠮᠠᠶᠢᠵᠤ᠂ ᠨᠢᠳᠤᠨ ᠳᠤ ᠦᠵᠡᠭᠳᠡᠵᠦ ᠭᠠᠷ ᠲᠤ ᠪᠠᠷᠢᠭᠳᠠᠮ᠎ᠠ | ᠬᠤᠪᠢᠷᠠᠯᠲᠠ ᠶᠢᠨ ᠳᠤᠮᠳᠠ᠂ ᠠᠭᠠᠵᠢᠮ ᠢᠶᠠᠷ ᠳᠤᠯᠠᠭᠠᠨ ᠵᠣᠯ ᠵᠢᠷᠭᠠᠯᠲᠤ ᠠᠷᠠᠳ ᠤᠨ ᠠᠮᠢᠳᠤᠷᠠᠯ ᠤᠨ ᠵᠢᠷᠤᠭ ᠳᠦᠷᠰᠦ ᠶᠢ ᠳᠡᠯᠭᠡᠪᠡ᠃ | ᠳᠤᠮᠳᠠᠳᠤ ᠶᠢᠨ ᠦᠨᠳᠦᠰᠦᠲᠡᠨ ᠪᠣᠯ ᠨᠢᠭᠡᠨ ᠶᠡᠭᠡ ᠭᠡᠷ ᠪᠦᠯᠢ ᠮᠥᠨ᠂ ᠨᠢᠭᠡ ᠭᠡᠷ ᠤᠨ ᠬᠥᠮᠦᠰ ᠴᠥᠮ ᠰᠠᠶᠢᠨ ᠰᠠᠶᠢᠬᠠᠨ ᠠᠮᠢᠳᠤᠷᠠᠵᠤ᠂ ᠠᠷᠠᠳ ᠤᠨ | ᠠᠮᠢᠳᠤᠷᠠᠯ ᠤᠨ ᠢᠨᠵᠧᠨᠧᠷᠢᠩ ᠨᠢᠭᠡᠪᠦᠷᠢ ᠶᠢ ᠪᠣᠲᠠᠲᠠᠢ ᠳᠤ ᠨᠠᠶᠢᠳᠠᠪᠤᠷᠢᠵᠢᠭᠤᠯᠵᠤ᠂ ᠠᠷᠠᠳ ᠲᠤ ᠠᠰᠢᠭ ᠬᠦᠷᠲᠡᠭᠡᠬᠦ ᠶᠠᠪᠤᠳᠠᠯ ᠨᠢᠭᠡᠪᠦᠷᠢ ᠶᠢ ᠬᠥᠮᠦᠰ ᠤᠨ | ᠰᠡᠳᠬᠢᠯ ᠢ ᠳᠤᠯᠠᠭᠠᠴᠠᠭᠤᠯᠤᠨ᠎ᠠ᠃ ᠣᠳᠣᠬᠠᠨ ᠳᠤ᠂ ᠪᠤᠭᠤᠲᠤ ᠶᠢᠨ ᠡᠯ᠎ᠡ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠬᠦᠷᠲᠡᠮᠵᠢ ᠶᠢᠨ ᠲᠦᠷᠦᠭᠳᠡᠯ᠂ | ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠨᠡᠩ ᠲᠡᠭᠦᠯᠳᠡᠷᠵᠢᠵᠦ᠂ ᠳᠤᠮᠳᠠᠳᠤ ᠶᠢᠨ ᠦᠨᠳᠦᠰᠦᠲᠡᠨ ᠳᠤ ᠬᠠᠷᠢᠶᠠᠯᠠᠭᠳᠠᠬᠤ ᠰᠡᠳᠬᠢᠯᠭᠡ᠂ | ᠮᠡᠳᠡᠷᠡᠬᠦ ᠲᠦᠷᠦᠭᠳᠡᠯ ᠴᠦ ᠲᠠᠰᠤᠷᠠᠯᠳᠠ ᠦᠭᠡᠢ ᠨᠡᠮᠡᠭᠳᠡᠪᠡ᠃ | ᠰᠡᠳᠭᠢᠯ ᠵᠢᠷᠦᠬᠡ ᠪᠠᠨ ᠬᠤᠯᠪᠤᠯᠴᠠᠬᠤ — ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠭᠦᠨᠵᠡᠭᠡᠶᠢᠷᠡᠭᠦᠯᠵᠦ᠂ ᠡᠯ᠎ᠡ ᠦᠨᠳᠦᠰᠦᠲᠡᠨ ᠨᠦᠭᠦᠳ ᠤᠨ ᠤᠯᠠᠨ | ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠵᠤ ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ ᠪᠤᠢ ᠪᠣᠯᠭᠠᠨ᠎ᠠ | ︽ᠴᠢ ᠮᠠᠨ ᠤ ᠭᠡᠷ ᠲᠤ ᠢᠷᠡᠵᠦ ᠪᠣᠭᠤᠷᠰᠤᠭ ᠢᠳᠡ᠂ ᠪᠢ ᠲᠠᠨ ᠤ ᠳᠤ ᠣᠴᠢᠵᠤ ᠶᠧᠪᠡᠩ ᠢᠳᠡᠶ᠎ᠡ︾᠂ ᠨᠠᠢᠮᠠᠨ ᠰᠠᠷ᠎ᠠ ᠶᠢᠨ ᠲᠡᠷᠭᠡᠯ ᠪᠠᠶᠠᠷ ᠤᠨ ᠡᠳᠦᠷ᠂ | ᠳ᠋ᠦᠩ ᠾᠧ ᠲᠣᠭᠤᠷᠢᠭ ᠤᠨ ᠬᠤᠲᠣᠩ ᠠᠷᠠᠳ ᠤᠨ ᠵᠡᠭᠡᠯᠢ ᠭᠤᠳᠤᠮᠵᠢ ᠶᠢᠨ ᠰᠠᠨ ᠭᠤᠸᠠᠨ ᠮᠢᠶᠣᠤ ᠨᠡᠶᠢᠭᠡᠮ ᠲᠣᠭᠤᠷᠢᠭ ᠲᠤ ᠬᠦᠷᠬᠦ ᠳᠤ᠂ ᠪᠣᠭᠤᠷᠰᠤᠭ᠂ | ᠶᠧᠪᠡᠩ᠂ ᠵᠢᠮᠢᠰ ᠢ ᠬᠥᠳᠡᠯᠭᠡᠭᠡᠨ ᠤ ᠥᠷᠥᠭᠡ ᠪᠠᠷ ᠳᠦᠭᠦᠷᠭᠡᠵᠦ᠂ ᠡᠯ᠎ᠡ ᠦᠨᠳᠦᠰᠦᠲᠡᠨ ᠤ ᠰᠠᠭᠤᠭᠠᠯᠢ ᠠᠷᠠᠳ ᠨᠢᠭᠡ ᠲᠠᠩᠬᠢᠮ ᠳᠤ ᠴᠤᠭᠯᠠᠷᠠᠨ᠂ ᠠᠮᠲᠠᠲᠤ | ᠢᠳᠡᠭᠡᠨ ᠠᠮᠲᠠᠯᠠᠵᠤ᠂ ᠳᠠᠭᠤᠤ ᠪᠦᠵᠢᠭ ᠲᠣᠭᠯᠠᠵᠤ᠂ ᠪᠠᠶᠠᠷ ᠬᠥᠷ ᠲᠠᠢ ᠠᠭᠤᠷ ᠠᠮᠢᠰᠬᠤᠯ ᠳᠤ ᠬᠠᠮᠲᠤᠪᠠᠷ ᠨᠠᠢᠮᠠᠨ ᠰᠠᠷ᠎ᠠ ᠶᠢᠨ ᠲᠡᠷᠭᠡᠯ ᠪᠠᠶᠠᠷ ᠢ ᠪᠠᠶᠠᠷᠯᠠᠨ | ᠪᠡᠯᠭᠡᠯᠡᠨ᠎ᠡ᠃ | ᠪᠸᠢ ᠯᠢᠶᠠᠩ ᠤᠨ ᠪᠤᠴᠠᠵᠤ ᠨᠡᠭᠦᠭᠰᠡᠨ ᠰᠠᠭᠤᠭᠠᠯᠢ ᠠᠷᠠᠳ᠂ ᠬᠤᠲᠣᠩ ᠦᠨᠳᠦᠰᠦᠲᠡᠨ ᠤ ᠨᠠᠰᠤᠲᠠᠨ ᠪᠠᠶ ᠹᠧᠩ ᠶᠢᠩ᠄ ︽ᠨᠠᠮ ᠪᠠ ᠵᠠᠰᠠᠭ ᠤᠨ | ᠣᠷᠳᠣᠨ ᠠᠴᠠ ᠤᠯᠠᠨ ᠢ ᠰᠠᠶᠢᠨ ᠠᠮᠢᠳᠤᠷᠠᠭᠤᠯᠵᠤ᠂ ᠰᠠᠨ ᠭᠤᠸᠠᠨ ᠮᠢᠶᠣᠣ ᠨᠡᠶᠢᠭᠡᠮ ᠲᠣᠭᠤᠷᠢᠭ ᠲᠤ ᠠᠮᠢᠳᠤᠷᠠᠵᠤ ᠪᠠᠶᠢᠭ᠎ᠠ ᠡᠯ᠎ᠡ ᠦᠨᠳᠦᠰᠦᠲᠡᠨ ᠨᠦᠭᠦᠳ ᠤᠨ | ᠤᠯᠠᠨ ᠲᠦᠮᠡᠨ ᠨᠢᠭᠡ ᠭᠡᠷ ᠢᠶᠠᠨ ᠮᠡᠲᠦ ᠳᠣᠲᠣᠨᠣ︾ ᠭᠡᠵᠦ ᠬᠡᠯᠡᠪᠡ᠃ | ᠰᠠᠨ ᠭᠤᠸᠠᠨ ᠮᠢᠶᠣᠣ ᠨᠡᠶᠢᠭᠡᠮ ᠲᠣᠭᠤᠷᠢᠭ ᠤᠨ ᠡᠯ᠎ᠡ ᠦᠨᠳᠦᠰᠦᠲᠡᠨ ᠤ ᠪᠠᠶᠠᠷ ᠪᠠᠶᠠᠰᠬᠤᠯᠠᠩᠲᠤ ᠪᠠᠶᠢᠳᠠᠯ ᠪᠣᠯ ᠮᠠᠨ ᠤ ᠬᠤᠲᠠ ᠶᠢᠨ ᠬᠠᠷᠢᠯᠴᠠᠨ | ᠰᠢᠭᠢᠳᠭᠡᠭᠰᠡᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠠᠬᠢᠭᠤᠯᠤᠭᠰᠠᠨ ᠬᠤᠷᠢᠶᠠᠩᠭᠤᠶ | ᠳᠦᠷᠰᠦ ᠮᠥᠨ᠃ | ᠤᠢᠢᠷ᠎ᠠ ᠶᠢᠨ ᠵᠢᠯ᠂ ᠪᠤᠭᠤᠲᠤ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ | ᠭᠤᠣᠯ ᠰᠢᠵᠢᠮ ᠢ ᠪᠠᠷᠢᠮᠲᠠᠯᠠᠵᠤ᠂ ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠪᠤᠨ ᠲᠠᠯ᠎ᠠ ᠠᠴᠠ ᠪᠦᠬᠦ ᠲᠠᠯ᠎ᠠ ᠪᠠᠷ ᠰᠢᠭᠢᠳᠴᠦ᠂ | ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤ ᠪᠠᠷ ᠰᠠᠭᠤᠷᠢᠰᠢᠵᠤ ᠬᠠᠮᠲᠤ ᠪᠠᠷ ᠰᠤᠷᠤᠯᠴᠠᠬᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ᠂ | ᠬᠠᠮᠲᠤ ᠪᠠᠷ ᠠᠵᠢᠯᠯᠠᠵᠤ ᠬᠠᠮᠲᠤ ᠪᠠᠷ ᠵᠢᠷᠭᠠᠬᠤ ᠨᠡᠶᠢᠭᠡᠮ ᠤᠨ ᠨᠥᠬᠦᠴᠡᠯ ᠢ | ᠡᠭᠦᠳᠪᠡ᠃ | ᠬᠥᠮᠦᠨ ᠶᠠᠪᠤᠬᠤ ᠳᠣᠳᠣᠮ ᠣᠢᠷᠠᠲᠤᠵᠤ᠂ ᠰᠡᠳᠭᠢᠯ ᠶᠠᠪᠤᠬᠤ ᠳᠣᠳᠣᠮ ᠲᠣᠲᠤᠨᠤᠯᠴᠠᠨᠠ᠃ | ᠣᠳᠣᠬᠠᠨ ᠳᠤ᠂ ᠪᠤᠭᠤᠲᠤ ᠶᠢᠨ ᠡᠨᠡᠬᠦ ᠬᠠᠯᠠᠭᠤᠨ ᠬᠦᠷᠦᠰᠦᠨ ᠳᠡᠭᠡᠷ᠎ᠡ᠂ ᠡᠯ᠎ᠡ ᠦᠨᠳᠦᠰᠦᠲᠡᠨ ᠨᠦᠭᠦᠳ ᠡᠶ᠎ᠡ ᠨᠠᠶᠢᠷᠲᠠᠶ ᠬᠠᠮᠲᠤ ᠣᠷᠣᠰᠢᠵᠤ᠂ ᠬᠠᠮᠲᠤ ᠪᠠᠷ | ᠬᠥᠭᠵᠢᠭᠰᠡᠨ ᠰᠡᠳᠬᠢᠯ ᠬᠥᠳᠡᠯᠭᠡᠮ᠎ᠡ ᠦᠵᠡᠭᠳᠡᠯ ᠭᠠᠵᠠᠷ ᠪᠣᠯᠭᠠᠨ ᠳᠤ ᠬᠠᠷᠠᠭᠳᠠᠨ᠎ᠠ᠃ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠳᠤ ᠡᠷᠬᠢᠯᠡᠭᠰᠡᠨ ᠵᠠᠯᠠᠭᠤ ᠺᠠᠳ᠋ᠷ ᠤᠨ ᠠᠩᠭᠢ ᠮᠠᠨᠳᠤᠯ ᠪᠠᠯᠭᠠᠰᠤᠨ ᠳᠤ ᠬᠦᠷᠴᠦ ︽ᠭᠤᠷᠪᠠᠨ ᠠᠳᠠᠯᠢ︾ | ᠵᠢᠭᠠᠨ ᠰᠤᠷᠭᠠᠯᠲᠠ ᠶᠢᠨ ᠠᠵᠢᠯᠯᠠᠭ᠎ᠠ ᠦᠷᠨᠢᠭᠦᠯᠦᠭᠰᠡᠨ ᠳᠤ᠂ ᠪᠣᠯᠪᠠᠰᠤᠷᠠᠯ ᠳᠤ ᠣᠷᠣᠯᠴᠠᠭᠰᠠᠨ 42 ᠰᠢᠯᠢᠳᠡᠭ ᠵᠠᠯᠠᠭᠤ ᠺᠠᠳ᠋ᠷ ᠬᠢᠯᠢ ᠶᠢᠨ ᠮᠠᠯᠴᠢᠳ ᠲᠠᠢ ᠬᠠᠮᠲᠤ | ᠢᠳᠡᠵᠦ᠂ ᠬᠠᠮᠲᠤ ᠰᠠᠭᠤᠵᠤ᠂ ᠬᠠᠮᠲᠤ ᠬᠥᠳᠡᠯᠮᠦᠷᠢᠯᠡᠵᠦ᠂ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ᠂ ᠣᠷᠣᠯᠭ᠎ᠠ ᠶᠢᠨ ᠪᠠᠶᠢᠳᠠᠯ᠂ | ᠬᠦᠴᠢᠷᠳᠡᠯᠲᠡᠢ ᠬᠡᠷᠡᠭᠴᠡᠭᠡ ᠶᠢ ᠨᠠᠷᠢᠨ ᠣᠶᠢᠯᠠᠭᠠᠵᠤ᠂ ᠠᠵᠢᠯᠯᠠᠵᠤ ᠪᠠᠶᠢᠭ᠎ᠠ ᠬᠦᠷᠢᠶ᠎ᠡ ᠴᠠᠷᠠᠭ᠎ᠠ ᠲᠠᠢ ᠪᠠᠨ ᠬᠤᠯᠪᠤᠭᠳᠠᠭᠤᠯᠵᠤ ᠮᠠᠳᠠᠭ ᠲᠠᠢ ᠠᠰᠠᠭᠤᠳᠠᠯ ᠢ | ᠰᠢᠢᠳᠪᠦᠷᠢᠯᠡᠵᠦ᠂ ᠮᠠᠯᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠠᠷᠭ᠎ᠠ ᠪᠤᠳᠤᠵᠤ᠂ ᠰᠡᠳᠬᠢᠴᠡ ᠶᠢ ᠰᠦᠪᠡᠭᠴᠢᠯᠡᠪᠡ᠃ | ᠳ᠋ᠦᠩ ᠾᠧ ᠲᠣᠭᠤᠷᠢᠭ ᠤᠨ ᠶᠠᠩ ᠭᠧ ᠯᠡᠩ ᠵᠡᠭᠡᠯᠢ ᠶᠢᠨ ᠵᠡᠭᠦᠨ ᠣᠪᠣᠭ᠎ᠠ ᠨᠡᠶᠢᠭᠡᠮ ᠲᠣᠭᠤᠷᠢᠭ ᠤᠨ ᠡᠮᠡᠭᠲᠡᠶᠢᠴᠦᠳ ᠤᠨ ᠠᠳᠠᠯ ᠦᠢᠯᠡᠰ ᠴᠣᠭᠴᠠᠯᠠᠬᠤ | ᠬᠦᠷᠢᠶᠡᠯᠡᠩ ᠳᠤ᠂ ᠡᠯ᠎ᠡ ᠦᠨᠳᠦᠰᠦᠲᠡᠨ ᠨᠦᠭᠦᠳ ᠤᠨ ᠤᠯᠠᠨ ᠲᠦᠮᠡᠨ ᠬᠠᠮᠲᠤᠷᠠᠨ ᠠᠳᠠᠯ ᠦᠢᠯᠡᠰ ᠴᠣᠭᠴᠠᠯᠠᠵᠤ᠂ ᠬᠠᠷᠢᠯᠴᠠᠨ ᠬᠠᠪᠰᠤᠷᠤᠯᠴᠠᠵᠤ᠂ ᠨᠡᠶᠢᠭᠡᠮ | ᠲᠣᠭᠤᠷᠢᠭ ᠤᠨ ᠬᠢᠨ ᠪᠠᠰᠠ ᠠᠵᠢᠯ ᠣᠯᠵᠤ ᠠᠳᠠᠯ ᠦᠢᠯᠡᠰ ᠴᠣᠭᠴᠠᠯᠠᠬᠤ ᠪᠣᠯᠪᠠᠰᠤᠷᠠᠯ ᠢ ᠪᠠᠶᠢᠩᠭᠤ ᠶᠢᠨ ᠴᠢᠨᠠᠷᠲᠠᠢ ᠥᠷᠨᠢᠭᠦᠯᠵᠦ᠂ ᠠᠵᠢᠯᠲᠠᠨ ᠤᠷᠢᠵᠤ ᠡᠯᠰᠡᠬᠦ | ᠮᠡᠳᠡᠭᠡ ᠵᠠᠩᠭᠢ ᠶᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ᠤᠨ ᠦᠷᠭᠦᠯᠵᠢᠯᠡᠭᠰᠡᠨ ᠳᠡᠯᠭᠡᠴᠡ ᠪᠠᠷ ᠨᠡᠶᠢᠲᠡᠯᠡᠵᠦ᠂ ᠡᠯ᠎ᠡ ᠦᠨᠳᠦᠰᠦᠲᠡᠨ ᠨᠦᠭᠦᠳ ᠤᠨ | ᠤᠯᠠᠨ ᠲᠦᠮᠡᠨ ᠳᠤ ᠴᠠᠭ ᠲᠤᠬᠠᠢ ᠳᠤᠨᠢ ᠠᠵᠢᠯ ᠤᠨ ᠪᠠᠶᠢᠷᠢ ᠶᠢᠨ ᠮᠡᠳᠡᠭᠡ ᠵᠠᠩᠭᠢ ᠬᠠᠩᠭᠠᠵᠤ᠂ ᠠᠵᠢᠯ ᠣᠯᠭᠤᠯᠲᠠ ᠶᠢ ᠳᠠᠶᠢᠴᠢᠯᠠᠵᠤ᠂ ᠣᠷᠣᠯᠭ᠎ᠠ ᠶᠢ | ᠨᠡᠮᠡᠭᠳᠡᠭᠦᠯᠵᠦ᠂ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠦᠨ᠎ᠡ᠃ | ᠵᠢᠦᠶᠤᠸᠠᠨ ᠲᠣᠭᠤᠷᠢᠭ ᠤᠨ ᠠᠭᠠᠷᠤᠲᠠᠢ ᠰᠤᠮᠤᠨ ᠳᠤ᠂ ︽ᠬᠤᠶᠠᠷ ᠵᠥᠪᠯᠡᠯ︾ ᠤᠨ ᠺᠠᠳ᠋ᠷ ᠮᠠᠯᠴᠢᠳ ᠲᠠᠢ ᠬᠤᠤᠰᠯᠠᠵᠤ᠂ ᠪᠠᠶᠢᠭᠤᠯᠭ᠎ᠠ ᠶᠢᠨ ᠺᠠᠳ᠋ᠷ | ᠮᠠᠯᠴᠢᠳ ᠲᠠᠢ ︽ᠰᠠᠳᠤᠨ ᠲᠥᠷᠥᠯ︾ ᠲᠠᠨᠢᠵᠤ᠂ ᠬᠤᠷᠰᠢᠶ᠎ᠠ ᠮᠠᠯᠴᠢᠳ ᠲᠠᠢ ︽ᠬᠠᠮᠲᠤ ᠶᠢᠨ ᠴᠣᠭᠴᠠ︾ ᠶᠢ ᠪᠠᠶᠢᠭᠤᠯᠵᠤ᠂ ᠤᠳᠠᠭ᠎ᠠ ᠳᠠᠷᠠᠭᠠᠯᠠᠨ ᠬᠦᠴᠢᠷᠳᠡᠯ ᠢ | ᠰᠢᠢᠳᠪᠦᠷᠢᠯᠡᠬᠦ ᠶᠠᠪᠤᠴᠠ ᠳᠤ᠂ ᠰᠠᠳᠤᠨ ᠳᠠᠨᠢᠯᠴᠠᠭᠰᠠᠨ ᠺᠠᠳ᠋ᠷᠴᠤᠳ ᠬᠢᠭᠡᠳ ᠮᠠᠯᠴᠢᠨ ᠲᠠᠷᠢᠶᠠᠴᠢᠳ ᠶᠠᠪᠤᠬᠤ ᠲᠤᠳᠤᠮ ᠠᠵᠢᠯᠴᠢ ᠬᠢᠴᠢᠶᠡᠩᠭᠦᠢ᠂ ᠶᠠᠪᠤᠬᠤ | ᠲᠤᠳᠤᠮ ᠲᠣᠲᠤᠨᠤ ᠪᠣᠯᠵᠤ᠂ ᠰᠡᠳᠬᠢᠯ ᠵᠢᠷᠦᠬᠡ ᠪᠠᠨ ᠬᠤᠯᠪᠣᠭᠰᠠᠨ ᠬᠠᠮᠲᠤ ᠶᠢᠨ ᠴᠣᠭᠴᠠ ᠪᠣᠯᠵᠠᠶ᠃ | ᠤᠰᠤ ᠰᠦ ᠠᠭᠤᠰᠤᠯᠴᠠᠵᠤ᠂ ᠰᠡᠳᠭᠢᠯᠭᠡ ᠭᠦᠨ ᠵᠤᠵᠠᠭᠠᠨ ᠪᠣᠯᠪᠠ᠃ ᠠᠯᠢ ᠣᠯᠠᠨ ᠥᠪᠡᠷᠮᠢᠴᠡ ᠣᠨᠴᠠᠯᠢᠭ ᠲᠠᠢ ᠠᠵᠢᠯ ᠤᠨ ᠠᠷᠭ᠎ᠠ | ᠬᠡᠮᠵᠢᠶ᠎ᠡ ᠨᠦᠭᠦᠳ ᠨᠢ ᠪᠤᠭᠤᠲᠤ ᠬᠤᠲᠠ ᠶᠢᠨ ᠡᠯ᠎ᠡ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠥᠬᠦᠷᠯᠡᠯ ᠢ ᠤᠯᠠᠮ ᠠᠴᠠ ᠤᠯᠠᠮ ᠭᠦᠨ ᠵᠤᠵᠠᠭᠠᠨ | ᠪᠣᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠨᠡᠶᠢᠭᠡᠮ ᠤᠨ ᠰᠠᠭᠤᠷᠢ ᠶᠢ ᠨᠠᠩ ᠪᠠᠲᠤ | ᠪᠠᠬᠢ ᠪᠣᠯᠭᠠᠪᠠ᠃ | ᠠᠨᠠᠷ ᠤᠨ ᠴᠡᠴᠡᠭ ᠦᠩᠭᠡ ᠢᠯᠭᠠᠷᠠᠨ ᠳᠡᠯᠭᠡᠷᠡᠵᠦ᠂ ᠦᠨᠳᠦᠰᠦᠲᠡᠨ ᠨᠦᠭᠦᠳ ᠰᠡᠳᠬᠢᠯ ᠨᠢᠭᠡᠳᠦᠨ ᠢᠷᠡᠭᠡᠳᠦᠢ ᠵᠦᠭ | ᠤᠷᠤᠭᠰᠢᠯᠠᠨ᠎ᠠ᠃ | ᠰᠢᠨ᠎ᠡ ᠠᠶᠠᠨ ᠵᠠᠮ ᠳᠤ᠂ ᠪᠤᠭᠤᠲᠤ ᠬᠤᠳᠠ ᠶᠢᠨ ᠡᠯ᠎ᠡ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ᠂ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠵᠦ᠂ ᠰᠠᠶᠢᠨ ᠰᠠᠶᠢᠬᠠᠨ ᠭᠡᠷ ᠣᠷᠣᠨ ᠢᠶᠠᠨ ᠬᠠᠮᠲᠤ ᠪᠠᠷ | ᠪᠦᠳᠦᠭᠡᠨ ᠪᠠᠶᠢᠭᠤᠯᠵᠤ᠂ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠵᠤ᠂ ᠭᠠᠷ ᠬᠤᠯᠪᠣᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ | ᠪᠤᠭᠤᠲᠤ ᠶᠢ ᠬᠠᠮᠲᠤ ᠪᠠᠷ ᠪᠦᠳᠦᠭᠡᠨ ᠪᠠᠶᠢᠭᠤᠯᠬᠤ ᠴᠤᠭ ᠪᠠᠳᠠᠷᠠᠩᠭᠤᠢ ᠬᠦᠴᠦᠨ ᠢ ᠨᠢᠭᠲᠠᠷᠠᠭᠤᠯᠤᠨ᠎ᠠ᠃ | |