ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ | ᠬᠤᠷᠢᠭ᠎ᠠ ᠱᠤᠭᠤᠮ ᠢ ᠪᠠᠲᠤ ᠰᠠᠬᠢᠬᠤ ᠨᠠᠷᠢᠯᠢᠭ ᠣᠨᠤᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠪᠡ᠂ ᠨᠢᠭᠡ ᠳᠤ ︽2024 ᠣᠨ ᠤ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠠᠵᠢᠯ ᠢ ᠠᠬᠢᠭᠤᠯᠬᠤ ᠬᠡᠷᠡᠭᠵᠢᠭᠦᠯᠬᠦ ᠲᠥᠰᠦᠯ︾ ᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ | ᠬᠤᠲᠠ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠣᠭᠰᠠᠨ ᠦᠢᠯᠡᠰ ᠴᠤᠭᠴᠠᠯᠠᠭᠰᠠᠨ ᠬᠦᠮᠦᠨ ᠤ ᠲᠤᠭ᠎ᠠ 2.5 ᠲᠦᠮᠡ ᠬᠦᠷᠴᠦ᠂ 8 | ᠪᠣᠭᠤᠲᠤ ᠶᠢᠨ ᠶᠡᠭᠡ ᠳᠡᠭᠡᠳᠦ ᠰᠤᠷᠭᠠᠭᠤᠯᠢ ᠶᠢᠨ 30192 ᠨᠡᠷᠡᠰ ᠲᠤᠰ ᠬᠤᠭᠤᠴᠠᠭᠠᠨ ᠤ ᠲᠡᠭᠦᠰᠬᠦ ᠰᠤᠷᠤᠭᠴᠢᠳ ᠤᠨ 25299 ᠬᠥᠮᠦᠨ ᠨᠢᠭᠡᠨᠲᠡ ᠠᠵᠢᠯ | ᠣᠯᠭᠤᠬᠤ ᠰᠠᠨᠠᠮᠵᠢ ᠲᠠᠢ ᠪᠣᠯᠵᠣ᠂ ᠡᠭᠦᠨ ᠳᠤ ᠪᠣᠭᠤᠲᠣ ᠳᠤ ᠦᠯᠡᠳᠡᠵᠦ ᠠᠵᠢᠯ ᠣᠯᠬᠤ ᠬᠦᠮᠦᠨ 6419᠂ ᠪᠣᠭᠤᠲᠤ ᠳᠤ ᠦᠯᠡᠳᠡᠬᠦ ᠨᠣᠷᠮ᠎ᠠ 25. | 37% ᠳᠤ ᠬᠦᠷᠪᠡ᠃ ᠬᠤᠶᠠᠷ ᠲᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠠᠬᠢᠭᠤᠯᠬᠤ᠂ | ᠦᠨᠳᠦᠰᠦᠨ ᠱᠠᠲᠤᠨ ᠤ ᠦᠰᠦᠨ ᠪᠤᠶᠢᠵᠢᠯᠲᠠ᠂ ᠵᠠᠯᠠᠭᠤᠴᠤᠳ ᠤᠨ ᠳᠠᠳᠤᠯᠭ᠎ᠠ ᠶᠢᠨ ᠭᠤᠷᠪᠠᠨ ᠵᠦᠢᠯ ᠤᠨ ᠲᠥᠯᠥᠪᠯᠡᠭᠡ ᠶᠢ ᠭᠦᠨᠵᠡᠭᠡᠶ ᠠᠬᠢᠭᠤᠯᠵᠤ᠂ 360 | ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾ ᠪᠠ 650 ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠰᠠᠶᠢᠨ ᠳᠤᠷᠠᠴᠤᠳ ᠤᠨ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢ ᠬᠠᠩᠭᠠᠵᠤ᠂ ᠬᠢᠷᠢ ᠬᠡᠮ ᠢ ᠳᠠᠬᠢᠨ ᠬᠢᠨᠠᠬᠤ᠂ ᠪᠡᠶ᠎ᠡ ᠶᠢᠨ ᠪᠠᠶᠢᠴᠠᠭᠠᠯᠲᠠ ᠬᠢᠬᠦ᠂ ᠠᠵᠢᠯ ᠤᠨ ᠪᠠᠶᠢᠷᠢ ᠳᠤ ᠭᠠᠷᠬᠤ ᠠᠴᠠ | ᠡᠮᠦᠨᠡᠬᠢ ᠪᠣᠯᠪᠠᠰᠤᠷᠠᠯ᠂ ᠢᠯᠡ ᠪᠠᠷ ᠠᠵᠢᠯ ᠤᠨ ᠪᠠᠶᠢᠷᠢ ᠰᠣᠩᠭᠤᠬᠤ ᠵᠡᠷᠭᠡ ᠠᠵᠢᠯ ᠢ ᠪᠡᠶᠡᠯᠡᠭᠦᠯᠵᠦ᠂ 8 ᠳ᠋ᠤᠭᠠᠷ ᠰᠠᠷ᠎ᠠ ᠳᠤ ᠦᠨᠳᠦᠰᠦᠨ ᠱᠠᠲᠤᠨ ᠤ | ᠦᠢᠯᠡᠴᠢᠯᠡᠭᠡᠨ ᠤ ᠲᠦᠰᠦᠯ ᠤᠨ ᠠᠵᠢᠯᠲᠠᠨ ᠨᠢᠭᠡᠨᠲᠡ ᠪᠦᠬᠦᠨ ᠢᠶᠠᠷ ᠢᠶᠠᠨ ᠠᠵᠢᠯ ᠤᠨ ᠪᠠᠶᠢᠷᠢ ᠳᠤ ᠭᠠᠷᠪᠠ᠃ ᠳᠡᠭᠡᠷ᠎ᠡ ᠵᠢᠯ ᠤᠨ 615 ᠨᠡᠶᠢᠭᠡᠮ | ᠲᠣᠭᠤᠷᠢᠭ ᠤᠨ ᠠᠷᠠᠳ ᠤᠨ ᠠᠮᠢᠳᠤᠷᠠᠯ ᠤᠨ ᠬᠥᠮᠦᠰ ᠲᠤ ᠨᠡᠶᠢᠲᠡ 184.5 ᠲᠦᠮᠡᠨ ᠲᠥᠭᠦᠷᠢᠭ ᠤᠨ ᠭᠡᠷ ᠡᠷᠦᠬᠡ ᠲᠥᠪᠬᠡᠨᠡᠭᠦᠯᠬᠦ ᠲᠡᠳᠬᠦᠮᠵᠢ ᠲᠠᠷᠬᠠᠭᠠᠪᠠ᠃ | ᠭᠤᠷᠪᠠ ᠳᠤ᠂ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ᠂ ᠠᠵᠢᠯ ᠤᠯᠬᠤ ᠳᠤ ᠬᠦᠴᠢᠷᠲᠡᠶ ᠬᠡᠷ ᠪᠦᠯᠢ ᠶᠢᠨ ᠭᠡᠰᠢᠭᠦᠨ᠂ ᠵᠡᠮᠳᠡᠭᠴᠦᠳ | ᠵᠡᠷᠭᠡ ᠬᠦᠴᠢᠷᠳᠡᠯᠲᠡᠶ ᠬᠥᠮᠦᠰ ᠤᠨ ᠦᠨᠳᠦᠰᠦᠨ ᠵᠦᠢᠯ ᠢ ᠪᠠᠲᠤᠯᠠᠬᠤ ᠬᠠᠪᠰᠤᠷᠤᠨ ᠲᠡᠳᠬᠦᠬᠦ ᠠᠵᠢᠯ ᠢ ᠨᠠᠷᠢᠯᠢᠭ ᠣᠨᠤᠪᠴᠢᠲᠠᠢ ᠰᠠᠶᠢᠲᠤᠷ ᠬᠢᠵᠦ᠂ | ᠪᠤᠭᠤᠲᠤ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ | ᠠᠵᠢᠯ ᠣᠯᠭᠤᠯᠲᠠ ᠶᠢᠨ ᠲᠤᠰᠠᠯᠠᠮᠵᠢ ᠶᠢᠨ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠠᠵᠢᠯ ᠣᠯᠭᠤᠯᠲᠠ ᠶᠢᠨ ᠬᠡᠷᠡᠭᠴᠡᠭᠡ ᠱᠠᠭᠠᠷᠳᠠᠯᠭ᠎ᠠ ᠲᠠᠢ ᠠᠵᠢᠯ | ᠤᠯᠬᠤ ᠳᠤ ᠬᠦᠴᠢᠷᠲᠡᠶ ᠬᠦᠮᠦᠰ ᠢ ᠬᠠᠪᠰᠤᠷᠤᠨ ᠠᠵᠢᠯ ᠣᠯᠭᠤᠯᠲᠠ ᠶᠢ ᠪᠡᠶᠡᠯᠡᠭᠦᠯᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠵᠠᠮ ᠢᠶᠠᠷ ᠠᠵᠢᠯ ᠤᠯᠬᠤ ᠳᠤ | ᠬᠦᠴᠢᠷᠲᠡᠶ ᠬᠥᠮᠦᠰ ᠲᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠦᠨᠳᠦᠰᠦᠨ ᠵᠦᠢᠯ ᠢ ᠪᠠᠲᠤᠯᠠᠨ ᠲᠥᠪᠬᠢᠨᠡᠭᠦᠯᠬᠦ ᠶᠢ | ᠬᠡᠷᠡᠭᠵᠢᠭᠦᠯᠦᠨ᠎ᠡ᠂ ᠣᠳᠣᠬᠠᠨ ᠪᠣᠯᠲᠠᠯ᠎ᠠ᠂ 504 ᠡᠷᠦᠬᠡ ᠦᠢᠯᠡᠴᠢᠯᠡᠭᠡᠨ ᠤ ᠡᠲᠡᠭᠡᠳ ᠤᠨ ᠬᠡᠷ ᠪᠦᠯᠢ ᠶᠢ ᠰᠤᠷᠪᠤᠯᠵᠢᠯᠠᠵᠤ᠂ 744 ᠦᠢᠯᠡᠴᠢᠯᠡᠭᠡᠨ ᠤ | ᠡᠲᠡᠭᠡᠳ ᠢ ᠬᠠᠪᠰᠤᠷᠤᠨ ᠠᠵᠢᠯ ᠣᠯᠭᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ 28 ᠬᠥᠮᠦᠨ ᠢ ᠰᠢᠨ᠎ᠡ ᠪᠠᠷ ᠲᠣᠬᠢᠷᠠᠭᠤᠯᠪᠠ᠃ | ᠲᠦᠷᠪᠡ ᠳᠤ᠂ 2024 ᠣᠨ ᠤ ᠤᠷᠢᠬᠠᠨ ᠰᠠᠯᠬᠢ ᠠᠵᠢᠯᠯᠠᠭ᠎ᠠ᠂ ︽ᠤᠷᠢᠬᠠᠨ ᠳᠤᠯᠠᠭᠠᠨ ᠮᠠᠯᠴᠢᠨ ᠲᠠᠷᠢᠶᠠᠴᠢᠨ ᠬᠦᠴᠦ ᠶᠠᠪᠤᠭᠴᠢ︾ ᠵᠡᠷᠭᠡ ᠲᠤᠰᠬᠠᠢ | ᠦᠢᠯᠡᠴᠢᠯᠡᠭᠡᠨ ᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠨᠠᠰᠤ ᠠᠬᠠᠰᠢᠷᠠᠭᠰᠠᠨ ᠪᠠ ᠳᠣᠣᠷ᠎ᠠ ᠤᠷ᠎ᠠ ᠴᠢᠳᠠᠪᠤᠷᠢ ᠲᠠᠢ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠡᠯ᠎ᠡ ᠵᠦᠢᠯ ᠤᠨ ᠬᠠᠪᠰᠤᠷᠤᠨ ᠲᠡᠳᠬᠦᠬᠦ ᠪᠠ ᠡᠷᠬᠡ ᠶᠢ ᠨᠢ ᠬᠠᠮᠠᠭᠠᠯᠠᠬᠤ ᠦᠢᠯᠡᠴᠢᠯᠡᠭᠡ ᠶᠢ ᠰᠠᠶᠢᠲᠤᠷ ᠬᠢᠵᠦ᠂ 20.43 ᠲᠦᠮᠡᠨ ᠮᠠᠯᠴᠢᠨ | ᠲᠠᠷᠢᠶᠠᠴᠢᠨ ᠬᠦᠴᠦ ᠶᠠᠪᠤᠭᠰᠠᠳ ᠢ ᠰᠢᠯᠵᠢᠭᠦᠯᠦᠨ ᠠᠵᠢᠯ ᠣᠯᠭᠤᠵᠤ᠂ ᠡᠭᠦᠨ ᠳᠤ ᠵᠢᠷᠭᠤᠭᠠᠨ ᠰᠠᠷ᠎ᠠ ᠠᠴᠠ ᠳᠡᠭᠡᠭᠰᠢ 17.24 ᠲᠦᠮᠡᠨ ᠬᠥᠮᠦᠨ ᠢ | ᠰᠢᠯᠵᠢᠭᠦᠯᠪᠡ︔ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠠᠵᠢᠯ ᠬᠢᠵᠦ ᠠᠵᠢᠯ ᠣᠯᠤᠭᠰᠠᠨ ᠪᠠᠶᠢᠳᠠᠯ ᠢ ᠨᠠᠷᠢᠨ ᠣᠶᠢᠯᠠᠭᠠᠵᠤ ᠬᠢᠨᠠᠨ | ᠬᠠᠷᠭᠤᠭᠤᠯᠬᠤ ᠶᠢ ᠥᠷᠨᠢᠭᠦᠯᠵᠦ᠂ ᠠᠵᠢᠯ ᠣᠯᠭᠤᠯᠲᠠ᠂ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠢ ᠪᠠᠷ | ᠠᠵᠢᠯ ᠣᠯᠭᠤᠵᠤ ᠬᠠᠪᠰᠤᠷᠤᠨ ᠲᠡᠳᠬᠦᠵᠦ᠂ ᠶᠠᠳᠠᠭᠤ ᠠᠴᠠ ᠠᠩᠭᠢᠵᠢᠷᠠᠭᠰᠠᠨ3035 ᠬᠥᠮᠦᠨ ᠳᠤ ᠠᠵᠢᠯ ᠣᠯᠭᠤᠵᠤ᠂ ᠬᠠᠤᠯᠢ ᠳᠤ ᠲᠣᠭᠲᠠᠭᠠᠭᠰᠠᠨ | ᠬᠥᠳᠡᠯᠮᠦᠷᠢᠯᠡᠬᠦ ᠨᠠᠰᠤᠨ ᠤ ᠳᠣᠲᠣᠷ᠎ᠠ ᠶᠠᠳᠠᠭᠤ ᠠᠴᠠ ᠠᠩᠭᠢᠵᠢᠷᠠᠭᠰᠠᠨ 2682 ᠬᠥᠮᠦᠨ ᠪᠠᠶᠢᠵᠤ᠂ ᠲᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠢᠨᠠᠨ ᠬᠡᠮᠵᠢᠬᠦ | ᠡᠲᠡᠭᠡᠳ 766 ᠬᠥᠮᠦᠨ᠂ ᠬᠥᠳᠡᠭᠡ ᠲᠣᠰᠬᠤᠨ ᠤ ᠠᠵᠢᠯ ᠣᠯᠭᠤᠯᠲᠠ ᠶᠢᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 86 | ᠬᠥᠮᠦᠨ ᠢ ᠰᠢᠨ᠎ᠡ ᠪᠠᠷ ᠨᠡᠮᠡᠭᠳᠡᠭᠦᠯᠪᠡ᠃ | |