8 ᠳ᠋ᠤᠭᠠᠷ ᠰᠠᠷ᠎ᠠ ᠶᠢᠨ 16 ᠤ ᠡᠳᠦᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠮᠤᠷ ᠲᠦᠪᠰᠢᠨ ᠪᠥᠭᠡᠳ ᠥᠨᠳᠥᠷ | ᠪᠦᠲᠦᠮᠵᠢᠲᠡᠶ ︽ ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠠᠬᠢᠭᠤᠯᠬᠤ ᠲᠤᠬᠠᠢ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠰᠢᠪᠲᠤᠯᠤᠯᠲᠠ ᠪᠣᠯᠭᠠᠵᠤ᠂ ︽ ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ | ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠦᠢᠯᠡᠴᠢᠯᠡᠭᠡᠨ ᠤ ᠵᠦᠢᠯᠡᠰ ᠢ ᠣᠷᠣᠨ ᠪᠦᠰᠡ ᠠᠯᠤᠰᠯᠠᠨ ᠰᠦᠯᠵᠢᠶᠡᠨ ᠳᠡᠭᠡᠷ᠎ᠡ ᠭᠦᠢᠴᠡᠳᠬᠡᠬᠦ᠂ ᠱᠠᠲᠤ | ᠳᠠᠪᠬᠤᠷᠭ᠎ᠠ ᠠᠯᠤᠰᠯᠠᠨ ᠬᠠᠮᠵᠢᠯᠴᠠᠨ ᠬᠤᠯᠪᠣᠯᠳᠤᠬᠤ᠂ ᠦᠵᠦᠭᠦᠷ ᠠᠯᠤᠰᠯᠠᠨ ᠲᠤᠯᠭᠠᠭᠤᠷᠢᠯᠠᠬᠤ ᠦᠢᠯᠡᠴᠢᠯᠡᠭᠡ ᠶᠢ ᠬᠥᠲᠥᠯᠥᠨ ᠠᠬᠢᠭᠤᠯᠵᠤ᠂ ᠥᠨᠳᠥᠷ | ᠪᠦᠲᠦᠮᠵᠢᠲᠡᠶ᠂ ᠡᠷᠬᠡ ᠰᠦᠷᠲᠡᠶ᠂ ᠳᠥᠭᠦᠮ ᠳᠥᠲᠡ ︽ ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ | ᠶᠢᠨ ᠲᠠᠪᠴᠠᠩ ᠢ ᠪᠣᠶ ᠪᠣᠯᠭᠠᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠵᠢᠴᠢ 12 ᠠᠶᠢᠮᠠᠭ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠤᠬᠠᠶᠢᠯᠠᠭᠰᠠᠨ ᠠᠵᠢᠯ ᠤᠳ ᠢ ᠳᠡᠶᠢᠯᠬᠦ ᠶᠢᠨ ᠴᠢᠨᠡᠭᠡ ᠪᠠᠷ ᠨᠢ ᠰᠦᠯᠵᠢᠶ᠎ᠡ ᠪᠠᠷ ᠳᠠᠮᠵᠢᠭᠤᠯᠤᠨ ᠪᠡᠶᠡᠯᠡᠭᠦᠯᠬᠦ ᠪᠠᠷ | ᠲᠣᠬᠢᠷᠠᠭᠤᠯᠵᠤ᠂ ᠣᠯᠠᠨ ᠲᠦᠮᠡᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ ᠢᠨᠲ᠋ᠧᠷ ᠰᠦᠯᠵᠢᠶ᠎ᠡ + ᠳᠣᠲᠣᠭᠠᠳᠤ ᠶᠢ | ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ APP᠂ ᠰᠦᠯᠵᠢᠶᠡᠨ ᠦᠷᠲᠡᠭᠡ᠂ ᠣᠯᠠᠨ ᠨᠡᠶᠢᠲᠡ ᠶᠢᠨ ᠸᠢᠴᠠᠲ ᠲᠠᠪᠴᠠᠩ᠂ ᠲᠣᠭᠠᠴᠠᠭ᠎ᠠ | ᠬᠢᠬᠦ ᠲᠠᠪᠴᠠᠩ ᠵᠢᠴᠢ ︽ᠮᠥᠩᠬᠡ ᠰᠤᠪᠠᠭ︾ APP ᠵᠡᠷᠭᠡ ᠪᠠᠷ ᠳᠠᠮᠵᠢᠭᠤᠯᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ ᠭᠦᠢᠴᠡᠳᠭᠡᠵᠦ ᠪᠣᠯᠤᠨ᠎ᠠ᠃ | ᠰᠢᠰᠲ᠋ᠧᠮ ᠢ ᠵᠣᠯᠭᠠᠭᠤᠯᠬᠤ ᠶᠢ ᠠᠬᠢᠭᠤᠯᠬᠤ ᠲᠠᠯ᠎ᠠ ᠪᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ ᠢᠨᠲ᠋ᠧᠷ | ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠲᠠᠪᠴᠠᠩ ᠨᠢ ᠳᠣᠲᠣᠭᠠᠳᠤ ᠶᠢ ᠬᠠᠮᠠᠭᠠᠯᠠᠬᠤ ᠶᠠᠮᠤᠨ ᠤ ︽ | ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ︾ ᠶᠢᠨ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠨᠢᠭᠡ | ᠴᠣᠭᠴᠠᠵᠢᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ᠂ ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠵᠡᠷᠭᠡ 17 ᠲᠠᠪᠴᠠᠩ ᠤᠨ ᠲᠤᠭ᠎ᠠ ᠪᠠᠷᠢᠮᠲᠠ ᠲᠠᠢ ᠵᠣᠯᠭᠠᠯᠳᠤᠭᠤᠯᠬᠤ ᠶᠢ ᠪᠡᠶᠡᠯᠡᠭᠦᠯᠵᠦ᠂ ᠣᠯᠠᠨ ᠱᠠᠲᠤᠨ ᠤ ᠲᠠᠪᠴᠠᠩ ᠤᠨ ᠬᠤᠯᠪᠣᠭᠠᠯᠠᠨ | ᠬᠦᠳᠦᠯᠦᠯᠴᠡᠬᠦ ᠶᠢ ᠪᠡᠶᠡᠯᠡᠭᠦᠯᠪᠡ᠃ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠵᠢᠷᠤᠮᠵᠢᠭᠤᠯᠬᠤ ᠲᠠᠯ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠨᠢᠭᠡᠳᠦᠯᠲᠡᠶ᠂ ᠵᠢᠷᠤᠮᠵᠢᠭᠰᠠᠨ ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠭᠠᠷᠴᠠᠭ ᠢ ᠨᠠᠶᠢᠷᠠᠭᠤᠯᠤᠨ ᠵᠣᠬᠢᠶᠠᠵᠤ᠂ ᠤᠯᠠᠨ ᠨᠡᠶᠢᠲᠡ ᠶᠢᠨ ᠠᠮᠢᠳᠤᠷᠠᠯ ᠪᠠ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠠᠵᠢᠯᠯᠠᠭ᠎ᠠ ᠲᠠᠢ ᠨᠢᠭᠲᠠ ᠬᠤᠯᠪᠣᠭ᠎ᠠ ᠲᠠᠢ ᠦᠢᠯᠡᠴᠢᠯᠡᠭᠡᠨ ᠤ ᠵᠦᠢᠯᠡᠰ ᠢ ᠳᠡᠶᠢᠯᠬᠦ ᠶᠢᠨ ᠴᠢᠨᠡᠭᠡ ᠪᠠᠷ ᠨᠢ ᠰᠦᠯᠵᠢᠶ᠎ᠡ ᠪᠠᠷ ᠳᠠᠮᠵᠢᠭᠤᠯᠤᠨ | ᠪᠡᠶᠡᠯᠡᠭᠦᠯᠬᠦ ᠱᠠᠭᠠᠷᠳᠠᠯᠭ᠎ᠠ ᠪᠠᠷ ᠰᠦᠯᠵᠢᠶᠡᠨ ᠳᠡᠭᠡᠷ᠎ᠡ ᠭᠥᠯᠢᠶᠡᠨ ᠠᠪᠴᠤ ᠰᠢᠢᠳᠪᠦᠷᠢᠯᠡᠬᠦ᠂ ᠰᠦᠯᠵᠢᠶᠡᠨ ᠳᠡᠭᠡᠷ᠎ᠡ ᠬᠦᠢᠴᠡᠳᠭᠡᠬᠦ᠂ ᠰᠦᠯᠵᠢᠶᠡᠨ ᠳᠡᠭᠡᠷ᠎ᠡ | ᠬᠠᠷᠢᠭᠤ ᠲᠤᠰᠬᠠᠬᠤ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ | ᠲᠠᠪᠴᠠᠩ ᠤᠨ ᠴᠢᠳᠠᠮᠵᠢ ᠶᠢ ᠲᠡᠭᠦᠯᠳᠡᠷᠵᠢᠭᠦᠯᠵᠦ᠂ ᠬᠡᠷᠡᠭᠯᠡᠭᠴᠢ ᠶᠢᠨ ᠣᠶᠢᠯᠠᠭᠠᠯᠲᠠ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠶᠢᠨ ᠲᠥᠯᠥᠭᠡ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠡᠷᠡᠭᠯᠡᠭᠴᠢ ᠶᠢᠨ ᠬᠠᠷᠠᠭᠠᠰᠤ ᠠᠴᠠ ᠡᠭᠦᠰᠴᠦ᠂ ᠦᠢᠯᠡᠴᠢᠯᠡᠭᠡ ᠶᠢ ᠰᠠᠶᠢᠵᠢᠷᠠᠭᠤᠯᠬᠤ | ᠴᠢᠭᠯᠡᠯ ᠢ ᠣᠨᠣᠪᠴᠢᠲᠠᠶ ᠡᠷᠢᠨ ᠂ ᠡᠳᠦᠷ ᠲᠤᠲᠤᠮ ᠤᠨ ᠲᠤᠬᠠᠶᠢᠯᠠᠭᠰᠠᠨ ᠠᠵᠢᠯ ᠤᠨ ᠳᠤᠮᠳᠠᠬᠢ ᠬᠡᠷᠡᠭᠴᠡᠭᠡ ᠱᠠᠭᠠᠷᠳᠠᠯᠭ᠎ᠠ ᠶᠢᠨ ᠬᠡᠮᠵᠢᠶ᠎ᠡ ᠶᠡᠭᠡ᠂ ᠭᠦᠢᠴᠡᠭᠡᠬᠦ | ᠳᠠᠪᠲᠠᠮᠵᠢ ᠥᠨᠳᠥᠷ᠂ ᠴᠠᠭ ᠤᠨ ᠣᠨᠴᠠᠯᠢᠭ ᠪᠥᠬᠦᠶ ᠥᠨᠳᠥᠷ ᠳᠠᠪᠲᠠᠮᠵᠢᠲᠤ ᠵᠦᠢᠯᠡᠰ ᠢ ᠡᠮᠬᠢᠯᠡᠨ ᠳᠢᠭᠯᠡᠵᠦ᠂ ᠥᠪᠡᠷᠲᠡᠭᠡᠨ ᠵᠠᠰᠠᠬᠤ ᠣᠷᠣᠨ ᠤ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ | ᠲᠠᠪᠴᠠᠩ ᠳᠤ ︽ᠥᠨᠳᠥᠷ ᠳᠠᠪᠲᠠᠮᠵᠢᠲᠤ ᠵᠦᠢᠯᠡᠰ ᠤᠨ ᠲᠤᠰᠬᠠᠶ ᠣᠷᠣᠨ︾ ᠢ ᠲᠣᠬᠢᠷᠠᠭᠤᠯᠤᠨ᠂ ᠣᠯᠠᠨ ᠲᠦᠮᠡᠨ ᠤ ᠠᠵᠢᠯ ᠶᠠᠪᠤᠳᠠᠯ ᠭᠦᠢᠴᠡᠳᠭᠡᠬᠦ | ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠥᠳᠡᠯᠦᠩᠭᠦᠶ ᠪᠠᠷ ᠰᠢᠨᠡᠳᠬᠡᠬᠦ ᠶᠢᠨ ᠬᠠᠮᠲᠤ ᠲᠥᠪᠯᠡᠷᠡᠭᠦᠯᠦᠨ ᠳᠡᠯᠭᠡᠨ ᠦᠵᠡᠭᠦᠯᠵᠦ᠂ ᠣᠯᠠᠨ ᠲᠦᠮᠡᠨ ᠤ | ᠲᠤᠬᠠᠶᠢᠯᠠᠭᠰᠠᠨ ᠠᠵᠢᠯ ᠢ ᠲᠦᠷᠭᠡᠨ ᠡᠷᠢᠵᠦ ᠣᠯᠬᠤ ᠶᠢᠨ ᠬᠠᠮᠲᠤ ᠭᠦᠢᠴᠡᠳᠭᠡᠬᠦ ᠳᠤ ᠲᠥᠬᠦᠮ ᠦᠵᠡᠭᠦᠯᠪᠡ᠃ | |