8 ᠰᠠᠷ᠎ᠠ ᠶᠢᠨ 20 ᠤ ᠡᠳᠦᠷ᠂ ᠬᠤᠶᠠᠳᠤᠭᠠᠷ ᠬᠤᠭᠤᠴᠠᠭᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ ᠤ ᠵᠥᠪᠳᠡᠯᠴᠡᠬᠦ ᠬᠤᠷᠠᠯ᠂ ᠤᠯᠤᠰ ᠤᠨ | ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠤᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ ᠤᠨ 2024 ᠣᠨ ᠤ ᠬᠤᠷᠠᠯ ᠭᠦᠭᠡᠬᠤᠲᠠ ᠳᠤ ᠡᠬᠢᠯᠡᠪᠡ᠃ ᠤᠷᠤᠰ᠂ | ᠮᠣᠩᠭᠤᠯ ᠤᠯᠤᠰ᠂ ᠠᠩᠭ᠍ᠯᠢ᠂ ᠭᠧᠷᠮᠠᠨ᠂ ᠺᠤᠷᠢᠶᠠ᠂ ᠶᠠᠫᠤᠨ ᠵᠡᠷᠭᠡ ᠤᠯᠤᠰ ᠠᠴᠠ ᠬᠦᠷᠦᠯᠴᠡᠨ ᠢᠷᠡᠭᠰᠡᠨ ᠭᠠᠳᠠᠭᠠᠳᠤ ᠶᠢᠨ ᠵᠣᠴᠢᠨ᠂ ᠤᠯᠤᠰ ᠤᠨ ᠬᠤᠯᠪᠣᠭᠳᠠᠯ ᠪᠦᠬᠦᠢ ᠶᠠᠮᠤᠨ | ᠵᠥᠪᠯᠡᠯ ᠪᠣᠯᠣᠨ ᠬᠤᠯᠪᠣᠭᠳᠠᠯ ᠪᠦᠬᠦᠢ ᠮᠤᠵᠢ ᠥᠪᠡᠷᠲᠡᠭᠡᠨ ᠵᠠᠰᠠᠬᠤ ᠣᠷᠣᠨ ᠤ ᠲᠥᠯᠥᠭᠡᠯᠡᠭᠴᠢ᠂ ᠬᠤᠯᠪᠣᠭᠳᠠᠯ ᠪᠦᠬᠦᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ | ᠪᠣᠯᠣᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠨ 300 ᠰᠢᠬᠠᠮ ᠬᠥᠮᠥᠨ ᠨᠢᠭᠡ ᠲᠠᠩᠬᠢᠮ ᠳᠤ ᠴᠤᠭᠯᠠᠷᠠᠵᠤ᠂ ᠨᠡᠭᠡᠭᠡᠯᠲᠡ ᠬᠢᠬᠦ ᠪᠠ ᠬᠠᠮᠲᠤᠷᠠᠯᠴᠠᠭ᠎ᠠ | ᠬᠢᠬᠦ ᠲᠤᠬᠠᠢ ᠬᠠᠮᠲᠤ ᠪᠠᠷ ᠶᠠᠷᠢᠯᠴᠠᠪᠠ᠃ | ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠠᠵᠤ ᠠᠬᠤᠢ ᠶᠢᠨ ᠵᠥᠪᠯᠡᠯ ᠤᠨ ᠳᠡᠳ᠋ ᠡᠷᠭᠢᠯᠡᠭᠴᠢ ᠮᠠ ᠵᠢᠶᠠᠨ ᠲᠠᠩ ᠣᠷᠣᠯᠴᠠᠬᠰᠠᠨ | ᠪᠥᠭᠡᠳ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠨ ᠨᠠᠶᠢᠳᠠᠯᠭ᠎ᠠ ᠪᠠᠷ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ | ᠪᠠᠶᠠᠷ ᠤᠨ ᠦᠭᠡ ᠬᠡᠯᠡᠪᠡ᠃ ᠮᠣᠩᠭᠤᠯ ᠤᠯᠤᠰ ᠤᠨ ᠬᠦᠨᠡᠰᠦ ᠬᠥᠳᠡᠭᠡ ᠠᠵᠤ ᠠᠬᠤᠢ ᠬᠥᠩᠭᠡᠨ ᠠᠵᠤ ᠦᠢᠯᠡᠳᠪᠦᠷᠢ ᠶᠢᠨ ᠶᠠᠮᠤᠨ ᠤ ᠲᠥᠷᠥ ᠶᠢᠨ ᠶᠠᠪᠤᠳᠠᠯ ᠤᠨ ᠨᠠᠷᠢᠨ ᠪᠢᠴᠢᠭᠡᠴᠢ | ᠲ᠊ · ᠵᠠᠮᠪᠠᠯᠰᠡᠷᠡᠩ᠂ ᠣᠷᠣᠰ ᠤᠨ ᠬᠤᠶᠢᠲᠤ ᠪᠠᠶᠢᠭᠠᠯ ᠬᠢᠯᠢ ᠬᠢᠵᠠᠭᠠᠷ ᠣᠷᠣᠨ ᠤ ᠵᠠᠰᠠᠭ ᠤᠨ ᠣᠷᠳᠣᠨ ᠤ ᠨᠢᠭᠡᠳᠦᠭᠡᠷ ᠳᠡᠳ᠋ ᠲᠡᠷᠢᠭᠦᠯᠡᠭᠴᠢ ᠵᠠᠰᠠᠭ ᠵᠠᠬᠢᠷᠭᠠᠨ ᠤ ᠳᠠᠷᠤᠭ᠎ᠠ ᠶᠢᠨ | ᠠᠯᠪᠠᠨ ᠲᠢᠩᠬᠢᠮ ᠤᠨ ᠡᠷᠭᠢᠯᠡᠭᠴᠢ ᠮᠢᠯᠬᠠᠶ᠋ᠢᠳᠠᠯᠤᠹ · ᠮᠠ᠊ · ᠹᠠ᠂ ᠳᠤᠮᠳᠠᠳᠤ ᠤᠯᠤᠰ ᠤᠨ ᠣᠯᠠᠨ ᠤᠯᠤᠰ ᠤᠨ ᠠᠵᠤ ᠠᠬᠤᠢ ᠶᠢᠨ ᠰᠣᠯᠢᠯᠴᠠᠭᠠᠨ ᠤ ᠲᠥᠪ ᠤᠨ ᠪᠠᠶᠢᠩᠭᠤ ᠶᠢᠨ | ᠳᠡᠳ᠋ ᠬᠡᠷᠡᠭ ᠡᠷᠭᠢᠯᠡᠭᠴᠢᠳ ᠤᠨ ᠳᠠᠷᠤᠭ᠎ᠠ ᠵᠠᠩ ᠰᠢᠶᠣᠣ ᠴᠢᠶᠠᠩ ᠪᠠᠶᠠᠷ ᠤᠨ ᠦᠭᠡ ᠬᠡᠯᠡᠪᠡ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ | ᠲᠡᠷᠢᠭᠦᠯᠡᠭᠴᠢ ᠶᠠᠩ ᠶᠢᠨ ᠡᠭᠢᠯᠡᠯᠲᠡ ᠶᠢᠨ ᠶᠣᠰᠣᠯᠠᠯ ᠢ ᠡᠷᠭᠢᠯᠡᠪᠡ᠃ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠩ ᠵᠢᠶᠧ ᠣᠷᠣᠯᠴᠠᠵᠠᠢ᠃ | ᠸᠠᠩ ᠯᠢ ᠰᠢᠶᠠ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠭᠠᠳᠠᠭᠠᠳᠤ ᠨᠡᠭᠡᠭᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠨᠳᠦ | ᠬᠦᠰᠡᠯ ᠨᠠᠶᠢᠳᠠᠯᠭ᠎ᠠ ᠲᠠᠯᠪᠢᠵᠤ᠂ ᠪᠢᠳᠡᠨ ᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠴᠣᠭᠴᠠᠯᠠᠬᠤ ᠬᠡᠷᠡᠭᠲᠡᠢ ᠭᠡᠵᠦ ᠱᠠᠭᠠᠷᠳᠠᠪᠠ᠃ ᠨᠠᠮ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠲᠣᠭᠤᠷᠢᠨ ᠳᠤ ᠴᠢᠬᠤᠯᠠ | ᠶᠡᠭᠡ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠳᠤᠷᠠᠳᠴᠤ᠂ ᠥᠪᠥᠷ ᠮᠣᠩᠭᠤᠯ ᠳᠤ ᠴᠢᠬᠤᠯᠠ ᠶᠡᠭᠡ ᠠᠵᠠ ᠲᠣᠭᠢᠶᠠᠯ ᠠᠪᠴᠢᠷᠠᠪᠠ᠃ ᠥᠪᠥᠷ ᠮᠣᠩᠭᠤᠯ ᠤᠨ ᠥᠩᠭᠡ ᠦᠵᠡᠮᠵᠢ | ᠰᠦᠷᠯᠢᠭ ᠰᠠᠶᠢᠬᠠᠨ᠂ ᠡᠳ᠋ ᠭᠠᠷᠤᠯᠲᠠ ᠡᠯᠪᠡᠭ ᠪᠠᠶᠠᠯᠢᠭ᠂ ᠳᠣᠲᠣᠭᠠᠳᠤ ᠭᠠᠳᠠᠭᠠᠳᠤ ᠲᠠᠢ ᠬᠤᠯᠪᠣᠯᠳᠤᠨ ᠨᠡᠪᠲᠡᠷᠡᠯᠴᠡᠵᠦ᠂ ᠬᠥᠭᠵᠢᠯᠲᠡ ᠥᠷᠨᠢᠭᠦᠨ ᠪᠠᠶᠢᠨ᠎ᠠ᠂ ᠣᠯᠠᠨ ᠤ ᠥᠪᠥᠷ | ᠮᠣᠩᠭᠤᠯ ᠤᠨ ᠥᠨᠳᠥᠷ ᠲᠦᠪᠰᠢᠨ ᠪᠦᠬᠦᠢ ᠨᠡᠭᠡᠭᠡᠯᠲᠡ᠂ ᠴᠢᠨᠠᠷ ᠰᠠᠶᠢᠲᠠᠢ ᠬᠥᠭᠵᠢᠯᠲᠡ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠂ ᠡᠯ᠎ᠡ | ᠡᠲᠡᠭᠡᠳ ᠤᠨ ᠨᠠᠶᠢᠵᠠ ᠨᠠᠷ ᠤᠨ ᠥᠪᠥᠷ ᠮᠣᠩᠭᠤᠯ ᠳᠤ ᠢᠷᠡᠵᠦ᠂ ᠥᠪᠥᠷ ᠮᠣᠩᠭᠤᠯ ᠢ ᠣᠶᠢᠯᠠᠭᠠᠨ᠂ ᠥᠪᠥᠷ ᠮᠣᠩᠭᠤᠯ ᠳᠤ ᠪᠡᠯᠡ ᠣᠷᠣᠭᠤᠯᠵᠤ᠂ ᠡᠨᠡ ᠬᠦ ᠬᠠᠯᠠᠭᠤᠨ ᠬᠥᠷᠥᠰᠥᠨ | ᠳᠡᠭᠡᠷ᠎ᠡ ᠠᠵᠢᠯ ᠦᠢᠯᠡᠰ ᠢᠶᠠᠨ ᠪᠦᠲᠦᠭᠡᠵᠦ᠂ ᠥᠷᠲᠡᠭ ᠢᠶᠠᠨ ᠪᠡᠶᠡᠯᠡᠭᠦᠯᠦᠨ᠂ ᠢᠷᠡᠭᠡᠳᠦᠢ ᠶᠢᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠶᠢ ᠴᠢᠩ ᠰᠡᠳᠬᠢᠯ ᠠᠴᠠ ᠪᠠᠨ ᠤᠷᠢᠵᠤ | ᠪᠠᠶᠢᠨ᠎ᠠ᠃ ᠥᠪᠥᠷ ᠮᠣᠩᠭᠤᠯ ᠤᠨ ᠬᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠤᠯᠤᠰ ᠤᠨ ᠴᠢᠯᠦᠭᠡᠲᠦ ᠠᠷᠠᠯᠵᠢᠶᠠᠨ ᠤ | ᠲᠤᠷᠰᠢᠯᠲᠠ ᠶᠢᠨ ᠣᠷᠣᠨ ᠢ ᠢᠳᠡᠪᠬᠢᠲᠡᠢ ᠡᠭᠦᠳᠦᠨ ᠪᠠᠶᠢᠭᠤᠯᠵᠤ᠂ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠪᠤᠶ ᠪᠤᠯᠭᠠᠵᠤ᠂ ᠤᠯᠤᠰ ᠤᠨ | ᠳᠣᠲᠣᠭᠠᠳᠤ ᠭᠠᠳᠠᠭᠠᠳᠤ᠂ ᠣᠷᠣᠨ ᠤ ᠳᠣᠲᠣᠨ᠎ᠠ ᠭᠠᠳᠠᠨᠠᠬᠢ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠳᠤ ᠰᠢᠯᠢᠳᠡᠭ ᠦᠢᠯᠡᠴᠢᠯᠡᠭᠡ ᠬᠠᠩᠭᠠᠵᠤ᠂ ᠬᠠᠮᠲᠤ ᠪᠠᠷ ᠠᠰᠢᠭ | ᠭᠦᠷᠳᠡᠭᠦ ᠬᠥᠭᠵᠢᠯᠲᠡ ᠶᠢᠨ ᠰᠢᠨ᠎ᠡ ᠪᠠᠶᠢᠷᠢᠰᠢᠯ ᠢ ᠭᠠᠷ ᠬᠤᠯᠪᠣᠨ ᠪᠠᠶᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ | ᠬᠠᠭᠤᠳᠠᠰᠤ ᠶᠢ ᠬᠠᠮᠲᠤ ᠪᠠᠷ ᠪᠢᠴᠢᠭᠯᠡᠶ᠎ᠡ ᠭᠡᠪᠡ᠃ | ᠡᠭᠢᠯᠡᠯᠲᠡ ᠶᠢᠨ ᠶᠣᠰᠣᠯᠠᠯ ᠳᠡᠭᠡᠷ᠎ᠡ᠂ 128 ᠠᠵᠤ ᠠᠬᠤᠢ ᠠᠷᠠᠯᠵᠢᠶᠠᠨ ᠤ ᠬᠠᠮᠲᠤᠷᠠᠯᠴᠠᠭᠠᠨ ᠤ ᠲᠥᠷᠥᠯ ᠵᠦᠢᠯ ᠳᠤ ᠭᠠᠷ ᠤᠨ ᠥᠰᠥᠭ ᠵᠢᠷᠤᠵᠤ᠂ ᠬᠥᠯᠥᠨ ᠪᠤᠶᠢᠷ ᠬᠤᠲᠠ | ᠪᠣᠯᠣᠨ ᠮᠣᠩᠭᠤᠯ ᠤᠯᠤᠰ ᠤᠨ ᠳᠣᠷᠣᠨᠠᠲᠤ ᠠᠶᠢᠮᠠᠭ᠂ ᠬᠢᠩᠭᠠᠨ ᠠᠶᠢᠮᠠᠭ ᠪᠣᠯᠣᠨ ᠮᠣᠩᠭᠤᠯ ᠤᠯᠤᠰ ᠤᠨ ᠳᠣᠷᠣᠨᠠᠲᠤ ᠠᠶᠢᠮᠠᠭ ᠪᠣᠯᠣᠨ ᠲᠥᠪ ᠠᠶᠢᠮᠠᠭ᠂ ᠠᠯᠠᠱᠠ ᠠᠶᠢᠮᠠᠭ ᠪᠣᠯᠣᠨ | ᠮᠣᠩᠭᠤᠯ ᠤᠯᠤᠰ ᠤᠨ ᠥᠪᠦᠷᠬᠠᠩᠭᠠᠶ ᠠᠶᠢᠮᠠᠭ ᠨᠥᠭᠦᠷᠰᠡᠭ ᠬᠤᠲᠠ ᠶᠢᠨ ᠬᠠᠷᠢᠴᠠᠭ᠎ᠠ ᠪᠠᠶᠢᠭᠤᠯᠪᠠ᠃ ᠬᠤᠷᠠᠯ ᠤᠨ ᠬᠤᠭᠤᠴᠠᠭᠠᠨ ᠳᠤ ᠪᠠᠰᠠ ︽ ᠨᠢᠭᠡ ᠪᠦᠰᠡ ᠨᠢᠭᠡ ᠵᠠᠮ ︾ ᠤᠨ | ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ᠂ ᠳᠤᠮᠳᠠᠳᠤ ᠮᠣᠩᠭᠤᠯ ᠣᠷᠣᠰ ᠤᠨ ᠪᠡᠯᠡ | ᠣᠷᠣᠭᠤᠯᠤᠯᠲᠠ ᠠᠷᠠᠯᠵᠢᠶᠠᠨ ᠤ ᠬᠠᠮᠲᠤᠷᠠᠯᠴᠠᠭ᠎ᠠ ᠶᠢᠨ ᠲᠠᠨᠢᠯᠴᠠᠭᠤᠯᠭ᠎ᠠ ᠶᠢᠨ ᠬᠤᠷᠠᠯ᠂ ᠪᠣᠬᠢᠷᠳᠤᠯ ᠦᠭᠡᠢ ᠳᠤᠮᠳᠠᠳᠤ ᠤᠯᠤᠰ· ᠡᠨᠧᠷᠭᠢ ᠶᠢᠨ ᠠᠵᠤ ᠦᠢᠯᠡᠰ ᠤᠨ ᠲᠥᠷᠥᠯ | ᠵᠦᠢᠯ ᠢ ᠵᠣᠯᠭᠠᠭᠤᠯᠬᠤ ᠬᠤᠷᠠᠯ ᠵᠡᠷᠭᠡ ᠠᠵᠢᠯᠯᠠᠭ᠎ᠠ ᠶᠢ ᠡᠷᠭᠢᠯᠡᠭᠦ ᠪᠣᠯᠣᠨ᠎ᠠ᠃ |