︽ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠤᠭᠤᠲᠤ ᠬᠤᠲᠠ ᠶᠢᠨ ᠬᠤᠷᠢᠶ᠎ᠠ ᠶᠢᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠨᠢ ᠪᠢᠳᠡᠨ ᠤ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ | ᠬᠢᠬᠦ ᠳᠤ ᠴᠢᠭᠯᠡᠯ ᠠᠷᠭ᠎ᠠ ᠵᠠᠮ ᠢ ᠲᠣᠳᠣᠷᠬᠠᠶ ᠪᠣᠯᠭᠠᠪᠠ︾ ᠭᠡᠵᠦ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠨᠠᠮ ᠤᠨ ᠠᠵᠢᠯ ᠤᠨ ᠬᠤᠷᠢᠶᠠᠨ ᠤ | ᠱᠦᠵᠢ ᠭᠤᠤ ᠶᠦᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠢᠯᠡᠷᠬᠡᠶᠢᠯᠡᠵᠦ᠂ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠨᠠᠮ ᠤᠨ | ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠤᠨ ᠲᠤᠭᠤᠰᠢᠯᠠᠭᠤᠯᠵᠤ᠂ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠠ ︽ᠲᠣᠭᠲᠠᠭᠠᠯ︾ ᠤᠨ ᠪᠠᠶᠠᠯᠢᠭ ᠠᠭᠤᠯᠤᠭᠳᠠᠬᠤᠨ ᠪᠠ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠤᠢᠢᠯᠠᠭᠠᠨ | ᠡᠵᠡᠮᠰᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ | ᠬᠠᠮᠠᠭᠠᠯᠠᠬᠤ︾ ᠶᠢ ᠡᠷᠡᠰ ᠪᠡᠶᠡᠯᠡᠭᠦᠯᠦᠨ᠎ᠡ ᠭᠡᠪᠡ᠃ | ︽ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠭᠤᠣᠯᠳᠠᠯᠭ᠎ᠠ ᠶᠢ ᠲᠤᠪᠤᠶᠢᠯᠭᠠᠨ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠷᠡᠰ | ᠭᠤᠶᠢᠪᠢᠰᠢ ᠦᠭᠡᠢ ᠪᠣᠳᠠᠲᠠᠢ ᠠᠳᠬᠤᠵᠤ ︿ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ﹀ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠡᠭᠦᠷᠭᠡ ᠶᠢ ᠪᠡᠶᠡᠯᠡᠭᠦᠯᠵᠦ᠂ | ᠵᠢᠯ ᠤᠨ ᠡᠴᠦᠰ ᠪᠣᠯᠬᠤ ᠳᠤ ᠬᠤᠪᠣᠷ ᠰᠢᠷᠣᠶ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 600 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠦᠬᠦ ᠬᠤᠳᠠ ᠶᠢᠨ | 60% ᠶᠢ ᠡᠵᠡᠯᠡᠵᠦ᠂ ᠪᠦᠬᠦ ᠬᠤᠳᠠ ᠶᠢᠨ ᠬᠤᠪᠣᠷ ᠰᠢᠷᠣᠶ ᠶᠢᠨ ᠦᠢᠯᠡᠳᠬᠦᠨ ᠤ ᠥᠷᠲᠡᠭ ᠢ ᠮᠢᠩᠭᠠᠨ ᠳ᠋ᠦᠩᠰᠢᠭᠤᠷ ᠢ ᠲᠠᠪᠠᠭᠤᠯᠬᠤ ᠪᠠᠷ ᠴᠢᠷᠮᠠᠶᠢᠨ᠎ᠠ︾ ᠭᠡᠵᠦ ᠭᠤᠤ ᠶᠦᠩ | ᠢᠯᠡᠷᠬᠡᠶᠢᠯᠡᠵᠦ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠲᠣᠭᠲᠠᠮᠠᠯ ᠰᠣᠷᠢᠨᠵᠢᠨ ᠮᠠᠲ᠋ᠧᠷᠢᠶᠠᠯ ᠭᠡᠬᠦ ᠡᠨᠡ ᠬᠦ ᠭᠤᠤᠯᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠨ᠂ ᠨᠡᠮᠡᠭᠳᠡᠯ ᠤᠨ ᠤᠬᠠᠮᠰᠠᠷ ᠢᠶᠠᠨ ᠴᠢᠩᠭᠠᠳᠬᠠᠵᠤ᠂ ᠨᠢᠭᠡ ᠴᠠᠭ ᠴᠦ ᠠᠯᠳᠠᠬᠤ ᠥᠬᠡᠶ᠂ ᠨᠢᠭᠡ | ᠮᠥᠴᠡ ᠴᠦ ᠵᠣᠭᠰᠣᠯ ᠥᠬᠡᠶ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢ ᠥᠷᠨᠢᠭᠦᠯᠵᠦ᠂ ᠵᠢᠯ ᠤᠨ ᠰᠡᠭᠦᠯᠴᠢ ᠠᠴᠠ ᠡᠮᠦᠨ᠎ᠡ ᠤᠯᠤᠰ ᠤᠨ ᠳᠣᠲᠣᠭᠠᠳᠤ ᠶᠢᠨ | ᠡᠮᠦᠨ᠎ᠡ ᠠᠷᠪᠠᠨ ᠬᠦᠴᠦᠷᠬᠡᠭ ᠰᠣᠷᠢᠨᠵᠢᠨ ᠮᠠᠲ᠋ᠧᠷᠢᠶᠠᠯ ᠤᠨ ᠲᠡᠷᠢᠭᠦᠨ ᠠᠵᠤ ᠠᠬᠤᠶᠢᠯᠠᠯ ᠢ ᠴᠤᠭᠯᠠᠷᠠᠭᠤᠯᠬᠤ ᠪᠠᠷ ᠴᠢᠷᠮᠠᠶᠢᠵᠤ᠂ ᠰᠣᠷᠢᠨᠵᠢᠨ ᠮᠠᠲ᠋ᠧᠷᠢᠶᠠᠯ ᠤᠨ ᠶᠡᠷᠦᠩᠬᠡᠶ | ᠦᠢᠯᠡᠳᠪᠦᠷᠢᠯᠡᠬᠦ ᠴᠢᠳᠠᠪᠤᠷᠢ ᠶᠢ 20 ᠲᠦᠮᠡᠨ ᠲᠣᠨ ᠲᠡᠶᠢᠰᠢ ᠤᠷᠤᠭᠰᠢᠯᠠᠭᠤᠯᠬᠤ ᠪᠠᠷ ᠴᠢᠷᠮᠠᠶᠢᠵᠤ᠂ ᠰᠣᠷᠢᠨᠵᠢᠨ ᠮᠠᠲ᠋ᠧᠷᠢᠶᠠᠯ ᠢᠶᠠᠷ ᠭᠤᠤᠯ ᠪᠣᠯᠭᠠᠭᠰᠠᠨ ᠪᠥᠬᠦ ᠤᠯᠤᠰ ᠤᠨ | ᠬᠠᠮᠤᠭ ᠤᠨ ᠲᠣᠮᠣ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠠᠶᠢᠷᠢ ᠰᠠᠭᠤᠷᠢ ᠶᠢ ᠦᠨᠡᠨ ᠬᠦ ᠰᠠᠶᠢᠲᠤᠷ ᠪᠠᠬᠢᠵᠢᠭᠦᠯᠦᠨ᠎ᠡ᠃ ᠲᠣᠭᠲᠠᠮᠠᠯ ᠰᠣᠷᠢᠨᠵᠢᠨ | ᠴᠠᠬᠢᠯᠭᠠᠨ ᠮᠠᠰᠢᠨ ᠭᠡᠬᠦ ᠡᠨᠡ ᠬᠦ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ | ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠸᠧ ᠯᠦᠩ ᠴᠠᠬᠢᠯᠭᠠᠨ ᠮᠠᠰᠢᠨ ᠵᠡᠷᠭᠡ ᠲᠡᠷᠢᠭᠦᠨ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ᠂ ᠡᠨᠡ ᠵᠢᠯ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠠᠬᠤᠶᠢᠯᠠᠯ ᠢ 30 ᠠᠴᠠ ᠳᠡᠭᠡᠭᠰᠢ ᠣᠷᠣᠭᠤᠯᠬᠤ ᠶᠢ ᠪᠠᠲᠤᠯᠠᠵᠤ᠂ ᠨᠢᠭᠡ ᠪᠦᠯᠦᠭ ᠪᠡᠯᠭᠡ | ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠵᠦ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠢᠶᠠᠷ ᠲᠣᠯᠣᠭᠠᠶᠢᠯᠠᠭᠤᠯᠤᠭᠰᠠᠨ ᠪᠦᠬᠦ ᠪᠥᠮᠪᠥᠷᠴᠡᠭ ᠤᠨ ᠲᠡᠷᠢᠭᠦᠨ ᠤ | ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠤᠨ᠎ᠠ ᠭᠡᠪᠡ᠃ | ᠨᠢᠭᠡ ᠴᠡᠴᠡᠭ ᠭᠠᠭᠴᠠᠭᠠᠷ ᠳᠡᠯᠭᠡᠷᠡᠪᠡᠯ ᠬᠠᠪᠤᠷ ᠪᠢᠰᠢ᠂ ᠥᠩᠭᠡ ᠪᠦᠷᠢ ᠶᠢᠨ ᠴᠡᠴᠡᠭ ᠵᠡᠷᠭᠡ ᠪᠠᠷ ᠳᠡᠯᠭᠡᠷᠡᠪᠡᠯ ᠬᠠᠪᠤᠷ ᠤᠨ ᠦᠵᠡᠮᠵᠢ ᠳᠦᠭᠦᠷᠡᠩ᠃ ᠭᠤᠤ ᠶᠦᠩ᠂ ᠬᠤᠪᠣᠷ | ᠰᠢᠷᠣᠢ ᠶᠢᠨ ᠠᠵᠤ ᠦᠢᠯᠡᠰ ᠪᠣᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠭᠤᠣᠯᠯᠠᠬᠤ ᠠᠵᠤ ᠦᠢᠯᠡᠰ ᠪᠠᠶᠢᠵᠤ᠂ ᠲᠠᠯᠠᠰᠲᠤ ᠴᠠᠬᠢᠭᠤᠷ ᠭᠡᠷᠡᠯ ᠴᠡᠨᠡᠭ | ᠂ ᠬᠦᠩᠭᠡᠨᠴᠠᠭᠠᠨ ᠤ ᠰᠡᠭᠦᠯᠴᠢ ᠵᠡᠷᠭᠡ ᠠᠵᠤ ᠦᠢᠯᠡᠰ ᠪᠣᠯ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳᠠᠪᠠᠭᠤᠯᠢᠭ ᠠᠵᠤ ᠦᠢᠯᠡᠰ ᠪᠣᠯᠤᠨ᠎ᠠ᠃ | ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠮᠠᠨ ᠤ ᠬᠤᠲᠠ ᠶᠢᠨ ︽3 + 5 + N︾ ᠭᠤᠣᠯᠳᠠᠯᠭ᠎ᠠ ᠲᠠᠢ ᠠᠵᠤ ᠦᠢᠯᠡᠰ ᠤᠨ ᠰᠦᠷᠦᠭᠵᠢᠯ ᠤᠨ | ᠲᠣᠭᠤᠷᠢᠨ ᠳᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠶᠡᠬᠡᠪᠡᠷ ᠠᠬᠢᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ | ᠲᠦᠷᠭᠡᠨ ᠪᠤᠶᠢᠵᠢᠭᠤᠯᠤᠨ ᠪᠤᠵᠠᠭᠠᠶᠢᠷᠠᠭᠤᠯᠪᠠ᠃ ᠲᠠᠯᠠᠰᠲᠤ ᠴᠠᠬᠢᠭᠤᠷ ᠬᠡᠷᠡᠯ ᠴᠡᠨᠡᠭ ᠤᠨ ᠠᠵᠤ ᠦᠢᠯᠡᠰ ᠤᠨ ᠲᠠᠯ᠎ᠠ ᠪᠠᠷ᠂ ᠪᠥᠬᠦ ᠬᠦᠴᠦᠨ ᠢᠶᠠᠷ ᠢᠶᠠᠨ ᠠᠵᠤ ᠠᠬᠤᠶᠢᠯᠠᠯ ᠢ | ᠬᠠᠪᠰᠤᠷᠤᠨ ᠵᠠᠬ᠎ᠠ ᠳᠡᠯᠭᠡᠭᠦᠷ ᠡᠷᠢᠵᠦ᠂ ᠱᠤᠸᠠᠩ ᠯᠢᠶᠠᠩ ︵ᠪᠤᠭᠤᠲᠤ︶ ᠺᠣᠮᠫᠠᠨᠢ ᠶᠢᠨ ᠠᠯᠬᠤᠮ ᠠᠯᠬᠤᠮ ᠢᠶᠠᠷ ᠪᠦᠷᠢᠨ ᠭᠦᠢᠴᠡᠳ ᠦᠢᠯᠡᠳᠪᠦᠷᠢᠯᠡᠬᠦ ᠶᠢ ᠳᠡᠮᠵᠢᠵᠦ᠂ ᠲᠦᠰᠦᠯ ᠢ | ᠦᠨᠡᠨ ᠪᠣᠳᠠᠲᠠᠶ ᠵᠠᠬᠢᠶᠠᠯᠠᠭ᠎ᠠ ᠶᠢᠨ ᠬᠠᠭᠤᠳᠠᠰᠤ᠂ ᠦᠢᠯᠡᠳᠬᠦᠨ ᠤ ᠥᠷᠲᠡᠭ ᠪᠠ ᠨᠡᠮᠡᠭᠳᠡᠯ ᠥᠷᠲᠡᠭ ᠪᠣᠯᠭᠠᠨ ᠬᠤᠪᠢᠷᠠᠭᠤᠯᠵᠤ᠂ ᠲᠠᠯᠠᠰᠲᠤ ᠴᠠᠬᠢᠭᠤᠷ ᠬᠡᠷᠡᠯ ᠴᠡᠨᠡᠭ ᠤᠨ ᠠᠵᠤ | ᠦᠢᠯᠡᠰ ᠤᠨ ᠨᠢᠭᠡᠨᠲᠡ ᠪᠠᠶᠢᠭ᠎ᠠ ᠳᠠᠪᠠᠭᠤᠯᠢᠭ ᠢ ᠰᠠᠶᠢᠲᠤᠷ ᠪᠠᠬᠢᠵᠢᠭᠦᠯᠪᠡ᠃ ᠬᠥᠩᠭᠡᠨᠴᠠᠭᠠᠨ ᠤ ᠰᠡᠭᠦᠯᠴᠢ ᠠᠵᠤ ᠦᠢᠯᠡᠰ ᠤᠨ ᠲᠠᠯ᠎ᠠ ᠪᠠᠷ᠂ ᠪᠣᠯᠤᠷ ᠬᠥᠩᠭᠡᠨᠴᠠᠭᠠᠨ᠂ ᠪᠠᠶᠢᠩᠭᠤ | ᠬᠥᠩᠭᠡᠨᠴᠠᠭᠠᠨ ᠵᠡᠷᠭᠡ ᠠᠵᠤ ᠠᠬᠤᠶᠢᠯᠠᠯ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ︽ᠳᠠᠬᠢᠯᠲᠠ ᠬᠥᠩᠭᠡᠨᠴᠠᠭᠠᠨ︾ ᠳᠡᠭᠡᠷ᠎ᠡ ᠬᠦᠴᠦ | ᠣᠷᠣᠭᠤᠯᠵᠤ᠂ ︽ᠪᠣᠬᠢᠷᠲᠤᠯ ᠦᠭᠡᠢ ᠴᠠᠬᠢᠯᠭᠠᠨ ᠬᠥᠩᠭᠡᠨᠴᠠᠭᠠᠨ︾ ᠤ ᠲᠠᠯ᠎ᠠ ᠪᠠᠷ ᠳᠤᠲᠠᠭᠳᠠᠯ ᠢᠶᠠᠨ ᠨᠦᠬᠦᠪᠦᠷᠢᠯᠡᠵᠦ᠂ ︽ᠳᠡᠭᠡᠳᠦ ᠨᠠᠷᠢᠯᠢᠭ ᠬᠥᠩᠭᠡᠨᠴᠠᠭᠠᠨ︾ ᠳᠡᠭᠡᠷ᠎ᠡ ᠬᠦᠴᠦ | ᠲᠠᠯᠪᠢᠵᠤ᠂ ︽ᠦᠵᠦᠭᠦᠷ ᠬᠥᠩᠭᠡᠨᠴᠠᠭᠠᠨ︾ ᠳᠡᠭᠡᠷ᠎ᠡ ᠠᠵᠤ ᠠᠬᠤᠶᠢᠯᠠᠯ ᠡᠯᠰᠡᠵᠦ᠂ ᠮᠠᠨ ᠤ ᠬᠤᠲᠠ ᠶᠢᠨ ᠬᠥᠩᠭᠡᠨᠴᠠᠭᠠᠨ ᠤ ᠠᠵᠤ ᠦᠢᠯᠡᠰ ᠢ ᠳᠥᠷᠪᠡᠳᠦᠭᠡᠷ ᠮᠢᠩᠭᠠᠨ | ᠳ᠋ᠦᠩᠰᠢᠭᠤᠷ ᠲᠥᠭᠦᠷᠢᠭ ᠤᠨ ᠲᠠᠰ ᠤᠨ ᠠᠵᠤ ᠦᠢᠯᠡᠰ ᠤᠨ ᠰᠦᠷᠦᠭᠵᠢᠯ ᠪᠣᠯᠭᠠᠨ ᠪᠦᠲᠦᠭᠡᠨ ᠪᠠᠶᠢᠭᠤᠯᠬᠤ ᠳᠤ ᠳᠡᠭᠡᠳᠦ ᠰᠢᠨ᠎ᠡ ᠮᠡᠷᠭᠡᠵᠢᠯ ᠤᠨ ᠬᠤᠪᠢ ᠨᠡᠮᠡᠷᠢ ᠦᠵᠡᠭᠦᠯᠪᠡ | ᠭᠡᠪᠡ᠃ | ᠰᠢᠨ᠎ᠡ ᠶᠢ ᠡᠭᠦᠳᠬᠦ ᠨᠢ ᠢᠷᠡᠭᠡᠳᠦᠢ ᠶᠢ ᠲᠣᠭᠲᠠᠭᠠᠵᠤ᠂ ᠥᠭᠡᠷᠡᠴᠢᠯᠡᠯᠲᠡ ᠨᠢ ᠤᠯᠤᠰ ᠤᠨ ᠬᠤᠪᠢ ᠵᠠᠶᠠᠭ᠎ᠠ ᠲᠠᠢ ᠬᠤᠯᠪᠣᠭᠳᠠᠨ᠎ᠠ᠃ ᠪᠦᠬᠦ ᠲᠠᠯ᠎ᠠ ᠪᠠᠷ ᠰᠢᠨ᠎ᠡ ᠶᠢ | ᠡᠭᠦᠳᠬᠦ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠪᠠᠶᠢᠭᠤᠯᠵᠤ᠂ ᠥᠭᠡᠷᠡᠴᠢᠯᠡᠯᠲᠡ ᠪᠠᠷ ᠰᠢᠨ᠎ᠡ ᠶᠢ ᠡᠭᠦᠳᠬᠦ ᠶᠢ ᠳᠠᠶᠢᠴᠢᠯᠠᠨ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢ | ᠬᠦᠳᠦᠯᠦᠨ ᠳᠠᠭᠠᠭᠤᠯᠬᠤ ᠪᠣᠯ ᠪᠦᠬᠦ ᠨᠡᠶᠢᠭᠡᠮ ᠤᠨ ᠰᠢᠨ᠎ᠡ ᠶᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ ᠤᠨ ᠬᠦᠴᠦᠨ ᠢ ᠬᠥᠭᠵᠢᠭᠡᠬᠦ ᠪᠠ ᠡᠳᠦᠷ ᠢᠷᠡᠬᠦᠶ᠎ᠡ ᠰᠢᠷᠦᠭᠦᠰᠴᠦ | ᠪᠠᠶᠢᠭ᠎ᠠ ᠪᠦᠬᠦ ᠪᠥᠮᠪᠥᠷᠴᠡᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠷᠢᠰᠥᠯᠳᠦᠭᠡᠨ ᠤ ᠳᠤᠮᠳᠠ ᠠᠵᠠ ᠲᠣᠬᠢᠶᠠᠯ ᠢ ᠠᠮᠵᠢᠨ ᠡᠵᠡᠯᠡᠬᠦ ᠵᠠᠩᠭᠢᠯᠠᠭ᠎ᠠ ᠶᠢᠨ ᠠᠷᠭ᠎ᠠ | ᠬᠡᠮᠵᠢᠶ᠎ᠡ ᠪᠣᠯᠤᠨ᠎ᠠ᠃ ᠭᠤᠤ ᠶᠦᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠬᠢ ᠪᠠᠶᠠᠯᠢᠭ ᠢ ᠲᠥᠪᠯᠡᠷᠡᠭᠦᠯᠦᠭᠰᠡᠨ ︽ᠬᠦᠴᠦᠷᠬᠡᠭ ᠰᠣᠷᠢᠨᠵᠢᠨ ᠲᠣᠭᠤᠷᠢᠭ︾ | ᠪᠣᠯᠤᠭᠰᠠᠨ ᠤ ᠬᠤᠪᠢ ᠳᠤ᠂ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠰᠢᠰᠲ᠋ᠧᠮ ᠤᠨ ᠦᠵᠡᠯᠲᠡ ᠪᠠᠨ ᠴᠢᠩᠭᠠᠳᠬᠠᠨ ᠥᠭᠡᠷᠡᠴᠢᠯᠡᠯᠲᠡ ᠶᠢ | ᠨᠠᠶᠢᠳᠠᠪᠤᠷᠢᠵᠢᠭᠤᠯᠬᠤ ᠶᠢ ᠠᠳᠬᠤᠵᠤ᠂ ︽ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠦᠭᠵᠢᠭᠦᠯᠵᠦ᠂ ᠠᠵᠤ ᠦᠶᠢᠯᠡᠰᠵᠢᠯᠲᠡ ᠶᠢ ᠪᠡᠶᠡᠯᠡᠭᠦᠯᠬᠦ︾ ᠵᠣᠷᠢᠯᠲᠠ ᠶᠢ | ᠪᠠᠷᠢᠮᠲᠠᠯᠠᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠠᠷᠢᠮᠲᠠᠯᠠᠵᠤ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠭᠡᠷ | ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ︾᠂ ︽ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠴᠢ︾ ᠪᠠ ︽ᠳᠥᠷᠪᠡᠨ ᠨᠢᠭᠡ︾ ᠶᠢᠨ ᠠᠵᠢᠯᠯᠠᠭ᠎ᠠ ᠵᠡᠷᠭᠡ ᠭᠤᠷᠪᠠᠨ ᠵᠦᠢᠯ ᠤᠨ ᠭᠤᠤᠯᠳᠠᠯᠭ᠎ᠠ ᠲᠠᠢ ᠠᠵᠢᠯ ᠢ | ᠦᠷᠭᠦᠯᠵᠢᠯᠡᠨ ᠥᠷᠨᠢᠭᠦᠯᠵᠦ᠂ ᠵᠢᠯ ᠤᠨ ᠡᠴᠦᠰ ᠪᠣᠯᠬᠤ ᠳᠤ ᠪᠥᠬᠦ ᠲᠣᠭᠤᠷᠢᠭ ᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠤᠯᠤᠰ ᠤᠨ | ᠳᠠᠩᠰᠠᠯᠠᠭᠤᠯᠤᠭᠰᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ᠶᠡᠷᠦᠩᠬᠡᠶ ᠲᠤᠭ᠎ᠠ ᠶᠢ 400 ᠶᠢ ᠳᠠᠪᠠᠭᠤᠯᠵᠤ᠂ | ᠬᠠᠳᠠᠭᠠᠯᠠᠯᠲᠠ ᠶᠢᠨ ᠬᠡᠮᠵᠢᠶ᠎ᠡ᠂ ᠰᠢᠨ᠎ᠡ ᠪᠠᠷ ᠨᠡᠮᠡᠭᠳᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ | ᠡᠵᠡᠯᠡᠬᠦ ᠬᠠᠷᠢᠴᠠᠯ ᠲᠣᠰ ᠲᠣᠰ 65% ᠪᠠ 70% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ | ᠪᠦᠲᠦᠭᠡᠯ ᠢ ᠰᠢᠯᠵᠢᠭᠦᠯᠦᠨ ᠬᠤᠪᠢᠷᠠᠭᠤᠯᠬᠤ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠪᠠᠶᠢᠭᠤᠯᠤᠨ᠎ᠠ ᠭᠡᠵᠦ ᠢᠯᠡᠷᠬᠡᠶᠢᠯᠡᠪᠡ᠃ | ︽ᠦᠷ᠎ᠡ ᠳ᠋ᠦ᠋ᠩ ᠪᠤᠯ ᠬᠠᠮᠤᠭ ᠰᠠᠶᠢᠨ ᠶᠠᠪᠤᠴᠠ᠃ ᠬᠤᠪᠣᠷ ᠰᠢᠷᠣᠢ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠪᠦᠬᠦ ᠨᠡᠶᠢᠭᠡᠮ ᠤᠨ ᠠᠵᠢᠯ ᠬᠢᠵᠦ ᠦᠢᠯᠡᠰ | ᠪᠤᠰᠬᠠᠬᠤ ᠢᠳᠡᠪᠬᠢᠵᠢᠯ ᠢ ᠭᠦᠢᠴᠡᠳ ᠲᠠᠶᠢᠴᠢᠯᠠᠵᠦ᠂ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢ ᠭᠠᠷ ᠲᠤ ᠪᠠᠨ ᠪᠠᠷᠢᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ | ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠤᠨ᠂ ᠺᠠᠳ᠋ᠷᠴᠤᠳ ᠢ ᠵᠣᠷᠢᠭᠲᠠᠢ ᠪᠠᠶᠢᠯᠭᠠᠵᠤ᠂ ᠣᠷᠣᠨ ᠨᠣᠲᠤᠭ ᠢ ᠵᠣᠷᠢᠭᠲᠠᠢ ᠲᠡᠮᠡᠴᠡᠭᠦᠯᠵᠦ᠂ ᠠᠵᠤ ᠠᠬᠤᠶᠢᠯᠠᠯ ᠢ ᠵᠣᠷᠢᠭᠲᠠᠢ | ᠬᠢᠯᠭᠡᠵᠦ᠂ ᠤᠯᠠᠨ ᠲᠦᠮᠡᠨ ᠵᠣᠷᠢᠭᠲᠠᠢ ᠪᠠᠷ ᠡᠭᠦᠳᠦᠨ ᠪᠦᠲᠦᠭᠡᠯᠭᠡᠵᠦ᠂ ᠦᠨᠡᠨ ᠪᠣᠳᠠᠲᠠᠢ ᠬᠢᠷᠢ ᠪᠦᠲᠦᠮᠵᠢ ᠪᠠᠷ ᠳᠠᠩᠰᠠ ᠮᠡᠳᠡᠭᠦᠯᠦᠨ ᠶᠢᠨ ᠰᠢᠯᠭᠠᠯᠲᠠ ᠲᠤᠰᠢᠶᠠᠨ᠎ᠠ︾ ᠭᠡᠵᠦ | ᠭᠤᠤ ᠶᠦᠩ ᠬᠡᠯᠡᠪᠡ᠃ | |