8 ᠳ᠋ᠤᠭᠠᠷ ᠰᠠᠷ᠎ᠠ ᠶᠢᠨ 22 ᠤᠨ ᠡᠳᠦᠷ᠂ ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠣᠶᠢᠯᠠᠭᠠᠭᠰᠠᠨ ᠢᠶᠠᠷ᠂ | ᠣᠳᠣᠬᠠᠨ ᠳᠤ ᠪᠥᠬᠦ ᠣᠷᠣᠨ ᠳᠠᠬᠢ ᠬᠥᠬᠡᠬᠤᠲᠠ᠂ ᠪᠤᠭᠤᠲᠤ᠂ ᠬᠥᠯᠥᠨ ᠪᠤᠶᠢᠷ᠂ ᠲᠦᠩᠯᠢᠶᠣᠤ᠂ ᠤᠯᠠᠭᠠᠨᠬᠠᠳᠠ᠂ ᠤᠯᠠᠭᠠᠨᠴᠠᠪ᠂ ᠣᠷᠳᠣᠰ᠂ ᠪᠠᠶᠠᠨᠨᠠᠭᠤᠷ᠂ ᠠᠯᠠᠱᠠ ᠵᠡᠷᠭᠡ 9 | ᠠᠶᠢᠮᠠᠭ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + | ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ ᠲᠠᠪᠴᠠᠩ ᠢᠶᠠᠷ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠥᠬᠡᠶ ᠭᠡᠷᠡᠴᠢ ᠶᠢᠨ ︽ᠪᠦᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠲᠤᠬᠠᠶᠢᠯᠠᠭᠰᠠᠨ ᠠᠵᠢᠯ ᠲᠠᠢ ᠪᠣᠯᠪᠠ᠃ | 2023 ᠣᠨ ᠳᠤ᠂ ᠮᠠᠨ ᠤ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠬᠤ | ᠲᠤᠬᠠᠶᠢᠯᠠᠭᠰᠠᠨ ᠠᠵᠢᠯ ᠢ ᠨᠡᠶᠢᠲᠡ 50 ᠭᠠᠷᠤᠢ ᠲᠦᠮᠡᠨ ᠬᠤᠪᠢ ᠭᠦᠢᠴᠡᠳᠬᠡᠭᠰᠡᠨ ᠪᠣᠯᠬᠤᠷ ᠲᠤᠰ ᠲᠤᠬᠠᠶᠢᠯᠠᠭᠰᠠᠨ ᠠᠵᠢᠯ ᠨᠢᠭᠡᠨᠲᠡ ᠥᠨᠳᠥᠷ ᠳᠠᠪᠲᠠᠮᠵᠢ ᠲᠠᠢ ᠠᠵᠢᠯ | ᠶᠠᠪᠤᠳᠠᠯ ᠳᠤ ᠲᠣᠭᠠᠴᠠᠭᠳᠠᠪᠠ᠃ ᠣᠯᠠᠨ ᠲᠦᠮᠡᠨ ᠢ ︽ᠳᠤᠲᠠᠭᠤ ᠭᠦᠶᠦᠯᠭᠡᠨ ᠪᠠᠶᠢᠵᠤ ᠠᠵᠢᠯ ᠶᠠᠪᠤᠳᠠᠯ ᠢ ᠨᠢ ᠭᠦᠢᠴᠡᠳᠬᠡᠬᠦ︾᠂ ᠦᠨᠳᠦᠰᠦᠨ ᠱᠠᠲᠤᠨ ᠤ ᠠᠷᠠᠳ ᠤᠨ | ᠴᠠᠭᠳᠠᠭ᠎ᠠ ᠨᠠᠷ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠣᠨᠣᠯᠵᠢᠬᠤᠨ ᠢᠶᠠᠷ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠬᠤᠯᠪᠤᠭᠳᠠᠯ | ᠪᠥᠬᠦᠶ ᠠᠵᠢᠯ ᠲᠥᠷᠥᠯ ᠤᠨ ᠴᠠᠭᠳᠠᠭ᠎ᠠ ᠪᠠ ᠮᠡᠷᠭᠡᠵᠢᠯ ᠤᠨ ᠬᠦᠴᠦᠨ ᠢ ᠵᠣᠬᠢᠶᠠᠨ ᠪᠠᠶᠢᠭᠤᠯᠵᠤ᠂ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ | ᠶᠠᠪᠤᠳᠠᠯ ᠤᠨ ᠦᠢᠯᠡᠴᠢᠯᠡᠭᠡ︾ ᠲᠠᠪᠴᠠᠩ ᠳᠤ ᠲᠦᠰᠢᠭᠯᠡᠨ᠂ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠭᠠᠷᠭᠠᠬᠤ ᠲᠤᠬᠠᠶᠢᠯᠠᠭᠰᠠᠨ ᠠᠵᠢᠯ ᠤᠨ ︽ᠪᠥᠬᠦ | ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ ᠴᠢᠳᠠᠮᠵᠢ ᠶᠢ ᠨᠡᠭᠡᠭᠡᠨ ᠠᠵᠢᠯᠯᠠᠭᠤᠯᠵᠤ᠂ ᠠᠶᠢᠮᠠᠭ ᠬᠤᠲᠠ ᠨᠤᠭᠤᠳ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ | ᠪᠦᠯᠦᠭ ᠬᠤᠪᠢᠶᠠᠨ ᠵᠣᠬᠢᠶᠠᠨ ᠪᠠᠶᠢᠭᠤᠯᠵᠤ ᠰᠦᠯᠵᠢᠶᠡᠨ ᠳᠡᠭᠡᠷ᠎ᠡ ᠲᠤᠷᠰᠢᠨ ᠠᠵᠢᠯᠯᠠᠭᠤᠯᠵᠤ ᠡᠬᠢᠯᠡᠪᠡ᠃ | ᠡᠨᠡ ᠬᠦ ᠴᠢᠳᠠᠮᠵᠢ ᠶᠢ ᠰᠦᠯᠵᠢᠶᠡᠨ ᠳᠤ ᠭᠠᠷᠭᠠᠭᠰᠠᠨ ᠠᠴᠠ ᠨᠠᠭᠠᠰᠢ᠂ ᠣᠯᠠᠨ ᠲᠦᠮᠡᠨ ᠨᠠᠭᠠᠰᠢ ᠴᠠᠭᠠᠰᠢ ᠬᠦᠶᠦᠬᠦ ᠴᠢᠬᠤᠯᠠ ᠥᠬᠡᠶ ᠪᠣᠯᠵᠤ᠂ ᠵᠥᠪᠬᠡᠨ ᠥᠪᠡᠷᠲᠡᠭᠡᠨ | ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ | ᠲᠠᠪᠴᠠᠩ ᠳᠤ ᠦᠨᠡᠨ ᠨᠡᠷ᠎ᠡ ᠪᠠᠨ ᠳᠠᠩᠰᠠᠯᠠᠭᠤᠯᠵᠤ᠂ ᠲᠠᠪᠴᠠᠩ ᠤᠨ ᠪᠡᠶ᠎ᠡ ᠬᠡᠮ ᠬᠢᠨᠠᠨ ᠰᠢᠯᠭᠠᠬᠤ ᠴᠢᠳᠠᠮᠵᠢ ᠶᠢ ᠨᠢ ᠠᠰᠢᠭᠯᠠᠨ᠂ ᠮᠡᠳᠡᠭᠡ ᠵᠠᠩᠭᠢ ᠪᠠᠨ ᠠᠦ᠋ᠲ᠋ᠣ᠋ ᠪᠠᠷ | ᠬᠠᠷᠭᠤᠭᠤᠯᠤᠨ ᠰᠢᠯᠭᠠᠭᠤᠯᠪᠠᠯ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠃ ᠠᠷᠠᠳ ᠤᠨ ᠴᠠᠭᠳᠠᠭ᠎ᠠ ᠭᠤᠶᠤᠴᠢᠯᠠᠭᠰᠠᠨ ᠵᠦᠢᠯ ᠢ ᠨᠢ ᠭᠦᠢᠴᠡᠳᠬᠡᠭᠰᠡᠨ ᠤ ᠳᠠᠷᠠᠭ᠎ᠠ᠂ ᠭᠠᠷᠭᠠᠵᠤ | ᠥᠭᠭᠦᠭᠰᠡᠨ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠡᠯᠧᠺᠳ᠋ᠷᠣᠨ ᠬᠡᠪᠯᠡᠯ ᠢ ᠲᠠᠪᠴᠠᠩ ᠤᠨ ᠬᠤᠪᠢ ᠬᠥᠮᠦᠨ ᠤ ᠲᠥᠪ ᠠᠴᠠ ᠬᠠᠶᠢᠨ ᠦᠵᠡᠵᠦ ᠪᠣᠯᠣᠨ᠎ᠠ᠂ ᠲᠡᠷᠡᠴᠢᠯᠡᠨ | ᠲᠠᠪᠴᠠᠩ ᠤᠨ ᠲᠤᠰ ᠴᠢᠳᠠᠮᠵᠢ ᠨᠢ ᠮᠡᠷᠭᠡᠨ ᠴᠣᠬᠤᠷ ᠢ ᠰᠢᠷᠪᠢᠬᠦ᠂ ᠰᠦᠯᠵᠢᠶᠡᠨ ᠳᠡᠭᠡᠷ᠎ᠡ ᠰᠢᠯᠭᠠᠨ ᠪᠠᠲᠤᠯᠠᠬᠤ ᠵᠡᠷᠭᠡ ᠣᠯᠠᠨ ᠵᠦᠢᠯ ᠤᠨ ᠬᠠᠷᠭᠤᠭᠤᠯᠤᠨ ᠪᠠᠶᠢᠴᠠᠭᠠᠬᠤ ᠠᠷᠭ᠎ᠠ | ᠮᠠᠶ᠋ᠢᠭ ᠢ ᠳᠡᠮᠵᠢᠨ᠎ᠡ᠃ | ᠣᠲᠣ ᠪᠣᠯᠲᠠᠯ᠎ᠠ᠂ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠥᠬᠡᠶ ᠭᠡᠷᠡᠴᠢ ᠶᠢᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠭᠡᠬᠦ︾ ᠲᠤᠬᠠᠶᠢᠯᠠᠭᠰᠠᠨ | ᠠᠵᠢᠯ ᠤᠨ ᠴᠢᠳᠠᠮᠵᠢ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠨᠡᠶᠢᠲᠡ 17.3 ᠲᠦᠮᠡ ᠭᠠᠷᠤᠶ ᠬᠤᠪᠢ ᠭᠡᠷᠡᠴᠢ ᠭᠠᠷᠭᠠᠵᠤ ᠥᠭᠪᠡ᠃ ᠲᠠᠨᠢᠯᠴᠠᠭᠤᠯᠤᠭᠰᠠᠨ ᠢᠶᠠᠷ᠂ | ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ︽ᠢᠨᠲ᠋ᠧᠷ ᠰᠦᠯᠵᠢᠶ᠎ᠡ + ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ︾ | ᠲᠠᠪᠴᠠᠩ ᠤᠨ ᠬᠤᠪᠢ ᠬᠥᠮᠦᠨ ᠤ ᠶᠠᠯ᠎ᠠ ᠬᠢᠭᠰᠡᠨ ᠲᠡᠮᠳᠡᠭᠯᠡᠯ ᠦᠭᠡᠢ ᠭᠡᠷᠡᠴᠢ ᠶᠢᠨ ᠲᠤᠬᠠᠶᠢᠯᠠᠭᠰᠠᠨ ᠠᠵᠢᠯ ᠤᠨ ︽ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠭᠦᠢᠴᠡᠳᠬᠡᠬᠦ︾ | ᠴᠢᠳᠠᠮᠵᠢ ᠪᠠᠨ 2024 ᠣᠨ ᠤ ᠵᠢᠯ ᠤᠨ ᠡᠴᠦᠰ ᠢᠶᠠᠷ ᠪᠥᠬᠦ ᠣᠷᠣᠨ ᠤ ᠰᠦᠯᠵᠢᠶᠡᠨ ᠳᠡᠭᠡᠷ᠎ᠡ ᠵᠢᠩᠬᠢᠨᠢ ᠪᠠᠷ ᠠᠵᠢᠯᠯᠠᠭᠤᠯᠬᠤ ᠪᠠᠷ ᠵᠢᠱᠢᠵᠦ ᠪᠠᠶᠢᠨ᠎ᠠ᠃ |