ᠠᠺᠠᠳᠧᠮᠢᠴᠢ ᠲᠤᠰᠬᠠᠢ ᠮᠡᠷᠭᠡᠵᠢᠯᠲᠡᠨ ᠴᠤᠭᠯᠠᠷᠠᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠤᠯᠲᠠ ᠳᠤ ᠰᠢᠨ᠎ᠡ ᠣᠶᠤᠨ ᠣᠬᠠᠭᠠᠨ ᠡᠷᠭᠦᠵᠦ  ᠪᠤᠭᠤᠲᠤ ᠶᠢᠨ ᠪᠤᠯᠤᠳ ᠲᠡᠮᠤᠷ ᠤᠨ ᠪᠦᠯᠦᠭᠯᠡᠯ ᠤᠨ 2024 ᠣᠨ ᠤ ︽ᠪᠠᠶ᠋ᠬᠠᠣᠪᠤᠭ᠎ᠠ ᠶᠢᠨ ᠶᠠᠷᠢᠶᠠᠨ ᠤ ᠲᠠᠩᠬᠢᠮ︾ ᠶᠠᠪᠤᠭᠳᠠᠪᠠ
ᠨᠡᠶᠢᠲᠡᠯᠡᠭᠰᠡᠨ ᠴᠠᠭ᠄
2024/8/5
    8 ᠳ᠋ᠤᠭᠠᠷ ᠰᠠᠷ᠎ᠠ ᠶᠢᠨ 4 ᠤ ᠡᠳᠦᠷ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠠᠴᠠ ᠭᠤᠣᠯᠯᠠᠨ ᠡᠷᠭᠢᠯᠡᠵᠦ᠂ ᠪᠠᠶ᠋ᠬᠠᠣᠪᠤᠭ᠎ᠠ ᠬᠤᠪᠣᠷ ᠰᠢᠷᠣᠶ ᠶᠢᠨ ᠡᠬᠢ ᠪᠠᠶᠠᠯᠢᠭ ᠢ ᠰᠤᠳᠤᠯᠬᠤ ᠪᠠ ᠶᠡᠷᠦᠩᠬᠡᠶᠢᠯᠡᠨ ᠠᠰᠢᠭᠯᠠᠬᠤ ᠪᠥᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠠᠴᠠ ᠳᠠᠭᠠᠭᠠᠴᠢᠯᠠᠨ ᠡᠷᠭᠢᠯᠡᠭᠰᠡᠨ ︽ᠪᠠᠶ᠋ᠬᠠᠣᠪᠤᠭ᠎ᠠ ᠶᠢᠨ ᠶᠠᠷᠢᠶᠠᠨ ᠤ ᠲᠠᠩᠬᠢᠮ︾ ᠨᠢ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠳᠤ ᠶᠠᠪᠤᠭᠳᠠᠪᠠ᠃  ᠬᠡᠳᠦᠨ ᠠᠷᠪᠠᠨ ᠠᠺᠠᠳᠧᠮᠢᠴᠢ ᠲᠤᠰᠬᠠᠢ ᠮᠡᠷᠭᠡᠵᠢᠯᠲᠡᠨ᠂ ᠠᠵᠢᠯ ᠲᠥᠷᠥᠯ ᠤᠨ ᠬᠢᠨ ︽ᠪᠠᠶᠠᠬᠤᠪᠤᠭ᠎ᠠ ᠶᠢᠨ ᠶᠠᠷᠢᠶᠠᠨ ᠤ ᠲᠠᠩᠬᠢᠮ︾ ᠳᠤ ᠴᠤᠭᠯᠠᠷᠠᠵᠤ᠂ ᠦᠵᠡᠯ ᠰᠠᠨᠠᠭ᠎ᠠ ᠪᠠᠨ ᠰᠣᠯᠢᠯᠴᠠᠵᠤ᠂ ᠤᠶᠤᠨ ᠤᠬᠠᠭᠠᠨ ᠢᠶᠠᠨ ᠮᠥᠷᠭᠦᠯᠳᠦᠵᠦ᠂ ᠦᠷ᠎ᠡ ᠪᠦᠲᠦᠭᠡᠯ ᠢᠶᠠᠨ ᠬᠤᠪᠢᠶᠠᠯᠴᠠᠵᠦ᠂ ᠪᠠᠶ᠋ᠬᠠᠣᠪᠤᠭ᠎ᠠ ᠶᠢᠨ ᠠᠭᠤᠷᠬᠠᠢ ᠶᠢᠨ ᠬᠤᠪᠣᠷ ᠰᠢᠷᠣᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠰᠤᠳᠤᠯᠬᠤ ᠬᠢᠭᠡᠳ ᠶᠡᠷᠦᠩᠬᠡᠶᠢᠯᠡᠨ ᠠᠰᠢᠭᠯᠠᠬᠤ ᠪᠠ ᠬᠤᠪᠣᠷ ᠰᠢᠷᠣᠢ ᠶᠢᠨ ᠠᠵᠤ ᠦᠢᠯᠡᠰ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠳᠤ ᠠᠷᠭ᠎ᠠ ᠤᠬᠠᠭᠠᠨ ᠭᠠᠷᠭᠠᠵᠤ᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠳᠤ ᠰᠢᠨ᠎ᠡ ᠤᠶᠤᠨ ᠤᠬᠠᠭᠠᠨ ᠢᠶᠠᠨ ᠡᠷᠭᠦᠪᠡ᠃
08月05日院士专家齐聚 为“两个稀土基地”建设贡献新智慧 包钢集团2024年“白云讲堂”举办.jpg
    ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠹᠦ᠋ ᠵᠧᠩ ᠢ᠂ ᠰᠢᠩᠭᠠᠫᠤᠷ ᠤᠨ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠯᠢᠦ ᠰᠢᠶᠤᠤ ᠭᠠᠩ᠂ ᠪᠠᠷᠠᠭᠤᠨ ᠬᠤᠶᠢᠲᠤ ᠶᠢᠨ ᠥᠩᠭᠡᠲᠦ ᠲᠡᠮᠦᠷᠯᠢᠭ ᠤᠨ ᠰᠤᠳᠤᠯᠭᠠᠨ ᠤ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ ᠯᠢ ᠵᠢᠶᠠᠨ ᠹᠧᠩ᠂ ᠤᠮᠠᠷᠠᠲᠤ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠵᠠᠬᠢᠷᠤᠯ ᠵᠠᠩ ᠯᠢ ᠹᠧᠩ᠂ ᠵᠡᠭᠦᠨ ᠬᠤᠶᠢᠲᠤ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠸᠠᠩ ᠴᠢᠶᠠᠩ᠂ ᠲᠢᠶᠠᠨᠵᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠯᠢ ᠶᠤᠸᠠᠢ ᠬᠤᠷᠠᠯ ᠳᠤ ᠣᠷᠣᠯᠴᠠᠪᠠ︔ ᠪᠤᠭᠤᠲᠤ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠦ᠋ ᠵᠢᠶᠦ᠋ᠨ ᠵᠢᠶᠦ᠋ᠨ᠂ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠮᠧᠩ ᠹᠠᠨ ᠶᠢᠩ ᠪᠠᠶᠠᠷ ᠤᠨ ᠦᠭᠡ ᠬᠡᠯᠡᠵᠡᠶ︔  ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠶᠡᠷᠦᠩᠬᠡᠶ ᠳᠠᠭᠠᠭᠠᠮᠠᠯ ᠯᠢᠦ ᠵᠧᠨ ᠭᠠᠩ ᠡᠷᠭᠢᠯᠡᠵᠦ᠂ ᠺᠣᠮᠫᠠᠨᠢ ᠶᠢᠨ ᠲᠡᠷᠢᠭᠦᠨ ᠰᠢᠨᠵᠢᠯᠡᠬᠦ ᠤᠬᠠᠭᠠᠨᠲᠠᠨ᠂ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠪᠠᠶ᠋ᠬᠠᠤᠪᠤᠭ᠎ᠠ ᠬᠤᠪᠣᠷ ᠰᠢᠷᠣᠶ ᠶᠢᠨ ᠡᠬᠢ ᠪᠠᠶᠠᠯᠢᠭ ᠤᠨ ᠰᠤᠳᠤᠯᠤᠯ ᠬᠢᠭᠡᠳ ᠪᠥᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠡᠷᠬᠢᠯᠡᠭᠴᠢ ︽ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠣᠳᠣᠬᠢ ᠪᠠᠶᠢᠳᠠᠯ︾ ᠭᠡᠬᠦ ᠭᠤᠤᠯ ᠰᠡᠳᠦᠪᠲᠦ ᠬᠠᠷᠢᠭᠤ ᠮᠡᠳᠡᠭᠦᠯᠦᠯᠲᠡ ᠬᠢᠪᠠ᠃    ᠮᠧᠩ ᠹᠠᠨ ᠶᠢᠩ᠂ ︽ᠪᠠᠶᠠᠬᠤᠪᠤᠭ᠎ᠠ ᠶᠠᠷᠢᠶᠠᠨ ᠤ ᠲᠠᠩᠬᠢᠮ︾ ᠪᠣᠯ ᠪᠤᠭᠤᠲᠤ ᠶᠢᠨ ᠪᠣᠯᠣᠳ ᠲᠡᠮᠦᠷ ᠤᠨ ︵ᠪᠦᠯᠦᠭᠯᠡᠯ︶ ᠺᠣᠮᠫᠠᠨᠢ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ ᠪᠠᠶᠢᠭᠤᠯᠤᠭᠰᠠᠨ ᠠᠵᠤ ᠠᠬᠤᠶᠢᠯᠠᠯ ᠤᠨ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠰᠣᠯᠢᠯᠴᠠᠭ᠎ᠠ ᠬᠠᠮᠲᠤᠷᠠᠯᠴᠠᠭᠠᠨ ᠤ ᠰᠢᠨ᠎ᠡ ᠲᠠᠪᠴᠠᠩ ᠪᠠᠶᠢᠵᠤ ᠂ ᠠᠵᠢᠯ ᠲᠦᠷᠦᠯ ᠤᠨ ᠰᠢᠨ᠎ᠡ ᠶᠢ ᠡᠭᠦᠳᠦᠨ ᠬᠡᠷᠡᠭᠯᠡᠬᠦ ᠵᠢᠴᠢ ᠲᠡᠭᠦᠨ ᠢ ᠰᠣᠳᠤᠯᠤᠨ ᠶᠠᠷᠢᠯᠴᠠᠵᠤ᠂ ᠬᠤᠰᠢᠭᠤᠷᠠᠯ ᠮᠡᠷᠭᠡᠵᠢᠯ ᠪᠠ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠢ ᠨᠡᠭᠡᠭᠡᠨ ᠠᠰᠢᠭᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ︽ᠰᠢᠨ᠎ᠡ ᠬᠥᠬᠡ ᠲᠡᠯᠡᠶ︾ ᠳᠤ ᠭᠠᠷ ᠬᠤᠯᠪᠣᠨ ᠨᠠᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠵᠣᠷᠢᠯᠭ᠎ᠠ ᠪᠠᠨ ᠪᠣᠯᠭᠠᠵᠠᠶ᠃ ᠥᠩᠭᠡᠷᠡᠭᠰᠡᠨ ᠨᠢᠭᠡ ᠵᠢᠯ ᠳᠤ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠶᠢᠨ ᠬᠤᠶᠠᠷ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠮᠵᠢᠯᠭᠡ ᠪᠠ ᠵᠢᠯᠤᠭᠤᠳᠤᠯᠭ᠎ᠠ ᠳᠣᠣᠷ᠎ᠠ᠂ ᠪᠤᠭᠤᠲᠤ ᠶᠢᠨ ᠪᠣᠯᠤᠳ ᠲᠡᠮᠦᠷ ︵ᠪᠦᠯᠦᠭᠯᠡᠯ︶ ᠺᠣᠮᠫᠠᠨᠢ ᠶᠢᠨ ᠬᠢᠨ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤ ᠪᠦᠳᠦᠭᠡᠨ ᠪᠠᠶᠢᠭᠤᠯᠤᠯᠲᠠ ᠶᠢᠨ ᠭᠤᠣᠯ ᠬᠦᠴᠦᠨ ᠤ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ᠂ ᠡᠯᠧᠮᠧᠨ᠋ᠲ ᠤᠨ ᠲᠤᠬᠢᠷᠠᠭᠤᠯᠤᠯᠳᠠ᠂ ᠴᠢᠳᠠᠪᠤᠷᠢᠲᠠᠨ ᠤ ᠪᠠᠶᠢᠭᠤᠯᠤᠯᠲᠠ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠤᠯᠠᠨ ᠲᠡᠰ ᠳᠠᠪᠬᠤᠷᠭ᠎ᠠ᠂ ᠤᠯᠠᠨ ᠬᠦᠷᠢᠶᠡᠨ ᠤ ᠨᠥᠬᠦᠷᠰᠡᠭ ᠰᠣᠯᠢᠯᠴᠠᠭ᠎ᠠ ᠬᠠᠮᠲᠤᠷᠠᠯᠴᠠᠭ᠎ᠠ ᠶᠢ ᠥᠷᠨᠢᠭᠦᠯᠵᠦ᠂ ᠠᠵᠤ ᠦᠢᠯᠡᠰ ᠤᠨ ᠠᠮᠢ ᠠᠬᠤᠢ ᠶᠢᠨ ᠬᠦᠷᠢᠶ᠎ᠡ ᠶᠢ ᠬᠠᠮᠲᠤᠪᠠᠷ ᠪᠠᠶᠢᠭᠤᠯᠬᠤ ᠳᠤ ᠨᠡᠩ ᠥᠷᠭᠡᠨ ᠠᠭᠤᠳᠠᠮ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ ᠥᠭᠴᠡᠢ᠃ ᠡᠨᠡ ᠵᠢᠯ ᠪᠣᠯ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠪᠠᠶᠢᠭᠤᠯᠤᠭᠳᠠᠭᠰᠠᠨ 70 ᠵᠢᠯ ᠤᠨ ᠤᠢ ᠪᠣᠯᠤᠨ᠎ᠠ᠂ ᠬᠤᠷᠠᠯ ᠳᠤ ᠣᠷᠣᠯᠴᠠᠭᠰᠠᠨ ᠲᠤᠰᠬᠠᠢ ᠮᠡᠷᠭᠡᠵᠢᠯᠲᠡᠨ ᠡᠷᠳᠡᠮᠲᠡᠳ ᠤᠨ ᠰᠣᠯᠢᠯᠴᠠᠭ᠎ᠠ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠬᠤ ᠶᠢ ᠪᠠᠶᠠᠷᠯᠠᠨ ᠤᠭᠲᠤᠵᠤ᠂ ᠰᠤᠳᠤᠯᠤᠨ ᠨᠡᠭᠡᠭᠡᠭᠰᠡᠨ ᠦᠷ᠎ᠡ ᠪᠦᠲᠦᠭᠡᠯ ᠢ ︽ᠲᠤᠷᠰᠢᠯᠲᠠ ᠶᠢᠨ ᠲᠠᠰᠤᠭ︾ ᠠᠴᠠ ︽ᠦᠢᠯᠡᠳᠪᠦᠷᠢᠯᠡᠯ ᠤᠨ ᠱᠤᠭᠤᠮ︾ ᠲᠠᠶᠢᠰᠢ ᠲᠦᠷᠭᠡᠨ ᠠᠬᠢᠭᠤᠯᠵᠤ᠂ ᠨᠡᠩ ᠤᠯᠠᠨ ᠰᠢᠯᠢᠳᠡᠭ ᠦᠷ᠎ᠡ ᠪᠦᠲᠦᠭᠡᠯ ᠢ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠳᠤ ︽ᠦᠨᠳᠦᠰᠦᠯᠡᠭᠦᠯᠵᠦ︾᠂ ᠪᠤᠭᠤᠲᠤ ᠳᠤ ︽ᠴᠡᠴᠡᠭᠯᠡᠨ ᠵᠢᠮᠢᠰᠯᠡᠵᠦ︾᠂ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤ ᠪᠦᠳᠦᠭᠡᠨ ᠪᠠᠶᠢᠭᠤᠯᠤᠯᠲᠠ ᠳᠤ ᠤᠶᠤᠨ ᠤᠬᠠᠭᠠᠨ ᠬᠦᠴᠦᠨ ᠴᠢᠳᠠᠯ ᠢᠶᠠᠨ ᠡᠷᠭᠦᠶ᠎ᠡ ᠭᠡᠵᠦ ᠢᠯᠡᠷᠬᠡᠶᠢᠯᠡᠪᠡ᠃    ᠡᠦ ᠵᠢᠶᠦ᠋ᠨ ᠵᠢᠶᠦ᠋ᠨ᠂ ᠣᠳᠣᠬᠠᠨ ᠳᠤ ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠶᠠᠭ ᠬᠥᠭᠵᠢᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠭᠦᠢᠴᠡᠳ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠲᠥᠪ ᠰᠢᠯᠢᠳᠡᠭ᠂ ᠰᠢᠨ᠎ᠡ ᠶᠢ ᠡᠭᠦᠳᠬᠦ ᠠᠭᠤᠷ ᠠᠮᠢᠰᠬᠤᠯ ᠶᠠᠭ ᠥᠳᠬᠡᠨ ᠪᠠᠶᠢᠨ᠎ᠠ᠂ ᠢᠯᠠᠩᠭᠤᠶ᠎ᠠ ᠥᠨᠥᠳᠦᠷ ᠤᠨ ᠠᠺᠠᠳᠧᠮᠢᠴᠢ ᠨᠠᠷ ᠪᠣᠯᠤᠨ ᠲᠤᠰᠬᠠᠶ ᠮᠡᠷᠭᠡᠵᠢᠯᠲᠡᠨ ᠡᠷᠳᠡᠮᠲᠡᠳ ᠨᠢᠭᠡ ᠲᠠᠩᠬᠢᠮ ᠳᠤ ᠴᠤᠭᠯᠠᠷᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠳᠤ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠪᠢᠳᠡᠨ ᠤ ᠬᠤᠪᠣᠷ ᠰᠢᠷᠣᠶ ᠶᠢᠨ ᠠᠵᠤ ᠦᠢᠯᠡᠰ ᠤᠨ ︽ᠳᠡᠭᠡᠳᠦ ᠨᠠᠷᠢᠯᠢᠭ ᠣᠷᠦ᠋ᠢᠯᠠᠭᠴᠢ︾ ᠲᠡᠶᠢᠰᠢ ᠤᠷᠤᠭᠰᠢᠯᠠᠬᠤ ᠶᠢ ᠲᠦᠷᠭᠡᠳᠬᠡᠨ ᠠᠬᠢᠭᠤᠯᠬᠤ ᠳᠤ ᠡᠷᠬᠢᠮ ᠨᠠᠨᠳᠢᠨ ᠣᠶᠤᠨ ᠤ ᠳᠡᠮᠵᠢᠯᠭᠡ ᠬᠠᠩᠭᠠᠭᠰᠠᠨ ᠪᠠᠶᠢᠨ᠎ᠠ᠃ ᠪᠤᠭᠤᠲᠤ ᠶᠢᠨ ᠬᠤᠪᠣᠷ ᠰᠢᠷᠣᠶ ᠶᠢᠨ ᠰᠤᠳᠤᠯᠭᠠᠨ ᠤ ᠬᠦᠷᠢᠶᠡᠯᠡᠩ ᠪᠠ ᠪᠠᠶ᠋ᠬᠠᠣᠪᠤᠭ᠎ᠠ ᠶᠢᠨ ᠡᠬᠢ ᠪᠠᠶᠠᠯᠢᠭ ᠢ ᠰᠤᠳᠤᠯᠬᠤ ᠪᠠ ᠪᠦᠬᠦ ᠤᠯᠤᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠲᠥᠪᠯᠡᠷᠡᠭᠦᠯᠦᠨ ᠤᠯᠤᠰ ᠤᠨ ᠳᠣᠲᠣᠭᠠᠳᠤ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠯᠢᠳᠡᠭ ᠠᠵᠢᠯᠲᠠᠨ ᠢ ᠲᠥᠪᠯᠡᠷᠡᠭᠦᠯᠵᠦ᠂ ᠳᠠᠬᠢᠨ ᠭᠡᠷᠡᠯ ᠰᠠᠴᠤᠷᠠᠩᠭᠤᠶ ᠠᠮᠵᠢᠯᠲᠠ ᠶᠢ ᠡᠭᠦᠳᠴᠦ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠤᠪᠣᠷ ᠰᠢᠷᠣᠶ ᠶᠢᠨ ᠰᠤᠳᠤᠯᠭᠠᠨ ᠪᠠ ᠶᠡᠷᠦᠩᠬᠡᠶᠢᠯᠡᠨ ᠠᠰᠢᠭᠯᠠᠬᠤ ᠮᠡᠷᠭᠡᠵᠢᠯ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠠᠨ ᠤ ᠬᠤᠲᠠ ᠶᠢᠨ ᠪᠦᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠦᠬᠦ ᠪᠥᠮᠪᠥᠷᠴᠡᠭ ᠤᠨ ᠲᠡᠷᠢᠭᠦᠨ ᠤ ᠬᠤᠪᠣᠷ ᠰᠢᠷᠣᠶ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ᠂ ᠡᠯ᠎ᠡ ᠲᠤᠰᠬᠠᠶ ᠮᠡᠷᠭᠡᠵᠢᠯᠲᠡᠨ ᠡᠷᠳᠡᠮᠲᠡᠳ ᠪᠤᠭᠤᠲᠤ ᠳᠤ ᠠᠩᠬᠠᠷᠤᠯ ᠢᠶᠠᠨ ᠲᠦᠪᠯᠡᠷᠡᠭᠦᠯᠵᠦ᠂ ᠪᠤᠭᠤᠲᠤ ᠳᠤ ᠣᠷᠤᠵᠤ᠂ ᠪᠤᠭᠤᠲᠤ ᠳᠤ ᠬᠠᠶᠢᠷᠠᠲᠠᠢ ᠪᠣᠯᠵᠤ᠂ ᠪᠤᠭᠤᠲᠤ ᠳᠤ ᠦᠨᠳᠦᠰᠦᠯᠡᠵᠦ᠂ ᠪᠤᠭᠤᠲᠤ ᠲᠠᠢ ᠭᠠᠷ ᠬᠤᠯᠪᠣᠨ ᠳᠡᠯᠡᠬᠡᠶ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠥᠨᠳᠦᠷᠯᠢᠭ᠂ ᠠᠵᠤ ᠦᠢᠯᠡᠰ ᠤᠨ ᠥᠨᠳᠦᠷᠯᠢᠭ᠂ ᠴᠢᠳᠠᠪᠤᠷᠢᠲᠠᠨ ᠤ ᠥᠨᠳᠦᠷᠯᠢᠭ ᠭᠠᠵᠠᠷ ᠢ ᠪᠠᠶᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠦ ᠢᠯᠡᠷᠬᠡᠶᠢᠯᠡᠪᠡ᠃    ᠡᠭᠦᠨ ᠤ ᠳᠠᠷᠠᠭᠠᠬᠢ ᠶᠡᠭᠡ ᠬᠤᠷᠠᠯ ᠤᠨ ᠮᠡᠳᠡᠭᠦᠯᠦᠯᠲᠡ ᠶᠢᠨ ᠭᠤᠭᠴᠤᠭ᠎ᠠ ᠳᠤ᠂ ᠹᠦ᠋ ᠵᠧᠩ ᠢ᠂ ᠯᠢᠦ ᠰᠢᠶᠤᠤ ᠭᠠᠩ᠂ ᠵᠠᠩ ᠯᠢ ᠹᠧᠩ᠂ ᠸᠠᠩ ᠴᠢᠶᠠᠩ ᠲᠣᠰ ᠲᠣᠰ ︽ᠳᠡᠭᠡᠳᠦ ᠴᠢᠳᠡᠪᠬᠢᠳᠦ ᠸᠠᠭᠠᠷ ᠱᠠᠭᠠᠵᠠᠩ ᠤᠨ ᠮᠠᠲ᠋ᠧᠷᠢᠶᠠᠯ ᠤᠨ ᠮᠡᠷᠭᠡᠵᠢᠯ︾᠂ ︽ᠨᠠᠨᠤ᠋ ᠲᠠᠯᠠᠰᠳᠦ ᠴᠣᠭᠴᠠ ᠶᠢ ᠬᠤᠪᠢᠷᠠᠭᠤᠯᠬᠤ ᠰᠤᠳᠤᠯᠭᠠᠨ ᠤ ᠠᠬᠢᠴᠠ︾᠂ ︽ᠬᠤᠪᠣᠷ ᠰᠢᠷᠣᠶ ᠶᠢᠨ ᠬᠠᠶᠢᠯᠤᠰᠢ ᠶᠢᠨ ᠪᠣᠯᠣᠳ ᠴᠡᠪᠡᠷᠴᠡ ᠶᠢᠨ ᠬᠡᠮᠵᠢᠶ᠎ᠡ︾᠂ ︽ᠴᠢᠩᠭ᠎ᠠ ᠰᠣᠷᠢᠨᠵᠢᠨ ᠣᠷᠣᠨ Tb-Dy-Fe ᠬᠠᠶᠢᠯᠤᠰᠢ ᠶᠢᠨ ᠠᠮᠠᠷᠬᠠᠨ ᠰᠣᠷᠢᠨᠵᠢᠨᠵᠢᠭᠤᠯᠬᠤ ᠲᠡᠩᠭᠡᠯᠢᠭ ᠤᠨ ᠬᠠᠨᠳᠤᠰᠢ︾ ᠭᠡᠬᠦ ᠰᠡᠳᠦᠪ ᠢᠶᠠᠷ ᠮᠡᠳᠡᠭᠦᠯᠦᠯᠲᠡ ᠬᠢᠪᠠ᠃    ᠣᠶᠢᠯᠠᠭᠠᠭᠰᠠᠨ ᠢᠶᠠᠷ᠂ ᠲᠣᠰ ᠤᠳᠠᠭᠠᠨ ᠤ ︽ᠪᠠᠶᠠᠬᠤᠪᠤᠭ᠎ᠠ ᠶᠠᠷᠢᠶᠠᠨ ᠤ ᠲᠠᠩᠬᠢᠮ︾ ᠳᠤ ᠨᠢᠭᠡ ᠭᠤᠤᠯ ᠬᠤᠷᠠᠯ ᠤᠨ ᠲᠠᠯᠠᠪᠠᠶ ᠪᠠ ︽ᠲᠡᠷᠢᠭᠦᠨ ᠤ ᠪᠦᠲᠦᠴᠡ ᠶᠢᠨ ᠮᠠᠲ᠋ᠧᠷᠢᠶᠠᠯ︾ ︽ᠲᠡᠷᠢᠭᠦᠨ ᠤ ᠴᠢᠳᠠᠮᠵᠢ ᠶᠢᠨ ᠮᠠᠲ᠋ᠧᠷᠢᠶᠠᠯ︾ ᠭᠡᠬᠦ ᠬᠤᠶᠠᠷ ᠬᠤᠪᠢᠶᠠᠷᠢ ᠬᠤᠷᠠᠯ ᠤᠨ ᠲᠠᠯᠠᠪᠠᠶ ᠳᠣᠭᠢᠷᠠᠭᠤᠯᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠾᠧ ᠹᠧᠢ ᠪᠣᠳᠠᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠹᠢᠽᠢᠺ ᠬᠢᠮᠢ ᠶᠢᠨ ᠮᠡᠷᠭᠡᠵᠢᠯ ᠤᠨ ᠰᠤᠳᠤᠯᠭᠠᠨ ᠤ ᠭᠠᠵᠠᠷ᠂ ᠨᠢᠩᠪᠦ᠋ᠸᠧ ᠶᠢᠨ ᠮᠠᠲ᠋ᠧᠷᠢᠶᠠᠯ ᠰᠤᠳᠤᠯᠬᠤ ᠭᠠᠵᠠᠷ ᠵᠢᠴᠢ ᠤᠯᠤᠰ ᠤᠨ ᠳᠣᠲᠣᠭᠠᠳᠤ ᠶᠢᠨ ᠨᠡᠷᠡᠳᠦ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ᠂ ᠲᠡᠷᠢᠭᠦᠨ ᠵᠡᠷᠭᠡ ᠶᠢᠨ ᠳᠡᠭᠡᠳᠦ ᠰᠤᠷᠭᠠᠭᠤᠯᠢ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠤᠰᠬᠠᠢ ᠮᠡᠷᠭᠡᠵᠢᠯᠲᠡᠨ ᠡᠷᠳᠡᠮᠲᠡᠨ᠂ ᠪᠤᠭᠤᠲᠤ ᠶᠢᠨ ᠪᠤᠯᠤᠳ ᠲᠡᠮᠤᠷ ᠤᠨ ︵ᠪᠦᠯᠦᠭᠯᠡᠯ︶ ᠺᠣᠮᠫᠠᠨᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠢ  
ᠢᠷᠡᠯᠲᠡ᠄ ᠪᠤᠭᠤᠲᠤ ᠶᠢᠨ ᠪᠤᠯᠤᠳ ᠲᠡᠮᠤᠷ ᠤᠨ ᠰᠣᠨᠢᠨ ᠮᠡᠳᠡᠭᠡᠨ ᠤ ᠲᠥᠪ