ᠰᠤᠷᠪᠤᠯᠵᠢᠯᠠᠭᠴᠢ 8 ᠳ᠋ᠤᠭᠠᠷ ᠰᠠᠷ᠎ᠠ ᠶᠢᠨ 9 ᠤ ᠡᠳᠦᠷ ᠪᠠᠶ᠋ᠬᠠᠤᠪᠤᠭ᠎ᠠ ᠲᠣᠭᠤᠷᠢᠭ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠪᠤᠭᠤᠲᠤ ᠬᠤᠲᠠ ᠶᠢᠨ | ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠨᠢ ᠨᠢᠭᠡ ᠬᠤᠪᠢ ᠨᠢᠳᠦ ᠭᠢᠯᠠᠰᠤᠮ᠎ᠠ ᠬᠠᠭᠠᠰ ᠵᠢᠯ ᠤᠨ ᠠᠵᠤ ᠠᠬᠤᠢ ᠶᠢᠨ ᠬᠢᠷᠢ ᠪᠦᠲᠦᠮᠵᠢ ᠶᠢᠨ ᠬᠠᠭᠤᠳᠠᠰᠤ ᠪᠠᠨ | ᠲᠤᠰᠢᠶᠠᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 33.56 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 20.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠤᠭᠤᠲᠤ ᠬᠤᠲᠠ ᠶᠢᠨ ᠨᠢᠭᠡᠳᠦᠭᠡᠷ ᠲᠤ ᠣᠷᠣᠵᠤ᠂ ᠪᠥᠬᠦ ᠬᠤᠲᠠ ᠶᠢᠨ | ᠬᠢ ᠠᠴᠠ 11.5 ᠵᠠᠭᠤᠨ ᠬᠤᠪᠢ ᠶᠢᠨ ᠴᠡᠭ ᠥᠨᠳᠥᠷ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠢ ᠠᠴᠠ 14 ᠵᠠᠭᠤᠨ ᠬᠤᠪᠢ ᠶᠢᠨ ᠴᠡᠭ ᠥᠨᠳᠥᠷ | ᠪᠣᠯᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 46.5% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠨᠢ ᠪᠤᠭᠤᠲᠤ ᠬᠤᠲᠠ ᠶᠢᠨ ᠨᠢᠭᠡᠳᠦᠭᠡᠷ ᠲᠤ ᠣᠷᠣᠵᠤ᠂ ᠪᠥᠬᠦ ᠬᠤᠲᠠ ᠶᠢᠨ ᠬᠢ ᠠᠴᠠ 31.2 ᠵᠠᠭᠤᠨ ᠬᠤᠪᠢ ᠶᠢᠨ ᠴᠡᠭ ᠥᠨᠳᠥᠷ | ᠪᠠᠶᠢᠵᠤ᠂ ᠥᠪᠡᠷᠲᠡᠭᠡᠨ ᠵᠠᠰᠠᠬᠤ ᠣᠷᠣᠨ ᠤ ᠬᠢ ᠠᠴᠠ 39 ᠵᠠᠭᠤᠨ ᠬᠤᠪᠢ ᠶᠢᠨ ᠴᠡᠭ ᠥᠨᠳᠥᠷ ᠪᠣᠯᠪᠠ᠃ | | | | | | ᠡᠨᠡ ᠵᠢᠯ ᠠᠴᠠ ᠨᠠᠭᠠᠰᠢ᠂ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠳᠦᠭᠡᠨ | ᠪᠠᠶᠢᠭᠤᠯᠤᠯᠲᠠ ᠶᠢᠨ ᠠᠵᠠ ᠲᠣᠬᠢᠶᠠᠯ ᠢ ᠠᠮᠵᠢᠵᠤ᠂ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ | ᠴᠢᠩᠭᠠᠳᠬᠠᠨ᠂ ᠠᠵᠤ ᠠᠬᠤᠢ ᠶᠢᠨ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠶᠢ ᠦᠷᠭᠦᠯᠵᠢᠯᠡᠨ ᠠᠬᠢᠭᠤᠯᠵᠤ᠂ ᠳᠡᠭᠡᠳᠦ ᠲᠤᠤᠷᠠᠳᠤ ᠱᠠᠳᠤ ᠪᠠᠷ ᠢᠶᠠᠨ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠣᠳᠠᠲᠠᠢ ᠠᠵᠢᠯᠯᠠᠬᠤ ᠳᠤᠮᠳᠠ ᠬᠦᠴᠦᠯᠡᠨ ᠴᠢᠷᠮᠠᠶᠢᠬᠤ ᠴᠤᠭ ᠪᠠᠳᠠᠷᠠᠩᠭᠤᠢ ᠲᠡᠮᠡᠴᠡᠯ ᠤᠨ ᠵᠣᠷᠢᠭ ᠢᠶᠠᠨ | ᠢᠯᠡᠷᠡᠭᠦᠯᠪᠡ᠃ ᠨᠢᠭᠡᠨᠲᠡ ᠲᠣᠭᠲᠠᠭᠠᠭᠰᠠᠨ ᠬᠠᠷᠠᠯᠲᠠ ᠶᠣᠰᠣᠭᠠᠷ᠂ ᠨᠠᠩ ᠴᠢᠩᠭ᠎ᠠ ᠠᠷᠭ᠎ᠠ ᠬᠡᠮᠵᠢᠶ᠎ᠡ ᠪᠠᠷ ᠠᠵᠤ ᠦᠢᠯᠡᠳᠪᠦᠷᠢ ᠶᠢᠨ ᠬᠦᠴᠦᠷᠬᠡᠭ ᠣᠷᠣᠨ ᠤ | ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠂ ᠬᠤᠶᠠᠷ | ᠬᠤᠪᠣᠷ ᠰᠢᠷᠣᠶ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ︔ ᠨᠠᠩ ᠴᠢᠩᠭ᠎ᠠ ᠱᠠᠭᠠᠷᠳᠠᠯᠭ᠎ᠠ ᠪᠠᠷ ᠠᠮᠢ ᠠᠬᠤᠶ ᠪᠠᠷ | ᠣᠷᠣᠨ ᠢᠶᠠᠨ ᠴᠣᠭᠴᠠᠯᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠂ ᠪᠣᠬᠢᠷᠲᠤᠯ ᠥᠬᠡᠶ ᠠᠭᠤᠷᠬᠠᠶ᠂ | ᠪᠣᠬᠢᠷᠲᠤᠯ ᠥᠬᠡᠶ ᠠᠭᠤᠷᠬᠠᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠲᠣᠪᠤᠶᠢᠮ᠎ᠠ ᠪᠠᠶᠢᠬᠤ ᠶᠢ ᠦᠷᠭᠦᠯᠵᠢᠯᠡᠨ ᠴᠢᠩᠭᠠᠳᠬᠠᠨ᠎ᠠ︔ | ᠨᠠᠩ ᠶᠡᠭᠡ ᠡᠷᠴᠢᠮ ᠢᠶᠠᠷ ᠳᠣᠲᠤᠭᠠᠲᠤ ᠭᠠᠳᠠᠭᠠᠳᠤ ᠶᠢᠨ ᠬᠡᠷᠡᠭᠴᠡᠭᠡ ᠪᠠᠨ ᠦᠷᠭᠡᠳᠬᠡᠨ᠂ ᠠᠵᠤ ᠠᠬᠤᠢ ᠶᠢᠨ ᠬᠦᠭᠵᠢᠯᠲᠡ ᠶᠢᠨ ᠰᠠᠭᠤᠷᠢ ᠶᠢ ᠪᠦᠬᠦ ᠲᠠᠯ᠎ᠠ ᠪᠠᠷ | ᠪᠠᠬᠢᠵᠢᠭᠦᠯᠦᠨ᠎ᠡ ︔ ᠭᠤᠤᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢ ᠨᠡᠩ ᠰᠠᠶᠢᠲᠤᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠨᠠᠩ ᠰᠠᠶᠢᠨ ᠬᠥᠭᠵᠢᠭᠡᠨ᠎ᠡ︔ ᠨᠠᠩ ᠪᠣᠲᠠᠲᠠᠢ ᠦᠷ᠎ᠡ ᠪᠦᠲᠦᠭᠡᠯ ᠢᠶᠠᠷ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠵᠤ᠂ | ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠥᠬᠡᠶ ᠬᠠᠩᠭᠠᠨ᠎ᠠ︔ ᠨᠠᠩ ᠪᠣᠳᠠᠲᠠᠶ ᠠᠷᠭ᠎ᠠ ᠬᠡᠮᠵᠢᠶ᠎ᠡ ᠪᠠᠷ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠮᠤᠷ ᠲᠦᠪᠰᠢᠨ ᠲᠣᠭᠲᠠᠭᠤᠨ ᠤ ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ | | | | | | | | ᠳᠡᠯᠭᠡᠷ ᠵᠤᠨ ᠤ ᠤᠯᠠᠷᠢᠯ ᠳᠤ ᠲᠦᠮᠡᠨ ᠪᠣᠳᠠᠰ ᠭᠢᠯᠠᠯᠵᠠᠨ᠎ᠠ᠃ ᠪᠠᠶ᠋ᠬᠠᠤᠪᠤᠭ᠎ᠠ ᠶᠢ ᠪᠠᠷᠠᠯᠠᠬᠤᠶ᠎ᠠ᠂ ᠭᠠᠵᠠᠷ ᠪᠣᠯᠭᠠᠨ ᠳᠤ ᠬᠥᠭᠵᠢᠯ ᠪᠠᠳᠠᠷᠠᠯ ᠲᠠᠢ ᠂ | ᠡᠷᠡᠯᠬᠡᠭᠯᠡᠨ ᠤᠷᠤᠭᠰᠢᠯᠠᠬᠤ ᠦᠵᠡᠭᠳᠡᠯ ᠲᠠᠢ ᠄ ᠬᠠᠭᠤᠴᠢᠨ ᠰᠢᠨ᠎ᠡ ᠠᠵᠤ ᠠᠬᠤᠶᠢᠯᠠᠯ ᠤᠨ ᠦᠢᠯᠡᠳᠪᠦᠷᠢᠯᠡᠯ ᠶᠠᠭ ᠪᠠᠴᠢᠮ᠂ ᠰᠠᠭᠤᠷᠢᠰᠢᠭᠰᠠᠨ ᠲᠦᠰᠦᠯ ᠤᠨ | ᠪᠦᠳᠦᠭᠡᠨ ᠪᠠᠶᠢᠭᠤᠯᠤᠯᠲᠠ ᠶᠠᠭ ᠶᠠᠭᠠᠷᠠᠵᠤ᠂ ᠦᠨᠳᠦᠰᠦᠲᠡᠨ ᠨᠦᠭᠦᠳ ᠤᠨ ᠡᠯ᠎ᠡ ᠡᠲᠡᠭᠡᠳ ᠶᠠᠭ ᠡᠷᠡᠮᠡᠬᠡᠶᠢᠯᠡᠨ ᠳᠠᠪᠰᠢᠵᠤ ᠂ ᠡᠯ᠎ᠡ ᠠᠵᠢᠯ ᠲᠦᠷᠦᠯ ᠤᠨ | ᠬᠥᠭᠵᠢᠯᠲᠡ ᠶᠠᠭ ᠬᠥᠭᠵᠢᠨ ᠮᠠᠨᠳᠤᠵᠤ ᠪᠠᠶᠢᠨ᠎ᠠ᠃ | |