ᠥᠪᠥᠷ ᠮᠣᠩᠭᠤᠯ᠄ ᠬᠤᠪᠣᠷ ᠰᠢᠷᠤᠢ ᠶᠢ ᠢᠯᠡᠷᠡᠭᠦᠯᠦᠭᠰᠡᠨ ᠠᠴᠠ ︽ᠳᠡᠯᠡᠬᠡᠢ ᠶᠢᠨ ᠬᠤᠪᠣᠷ ᠰᠢᠷᠤᠢ ᠶᠢᠨ ᠬᠤᠲᠠ︾ ᠬᠦᠷᠲᠡᠯ᠎ᠡ
ᠨᠡᠶᠢᠲᠡᠯᠡᠭᠰᠡᠨ ᠴᠠᠭ᠄
2024/9/12
    6 ᠳ᠋ᠤᠭᠠᠷ ᠰᠠᠷ᠎ᠠ ᠶᠢᠨ 29 ᠤ ᠡᠳᠦᠷ ᠳᠦᠷᠤ ᠶᠢᠨ ᠶᠠᠪᠤᠲᠠᠯ ᠤᠨ ᠬᠤᠷᠢᠶ᠎ᠡ ︽ᠬᠤᠪᠤᠷ ᠰᠢᠷᠣᠢ ᠶᠢᠨ ᠬᠠᠮᠢᠶᠠᠷᠣᠯᠲᠠ ᠶᠢᠨ ᠳᠦᠷᠢᠮ︾ ᠢ ᠠᠯᠪᠠ ᠶᠣᠰᠣᠭᠠᠷ ᠨᠠᠶᠢᠲᠠᠯᠠᠪᠠ᠂ ᠡᠨᠠ ᠪᠤᠯ ᠳᠣᠮᠲᠠᠲᠤ ᠤᠯᠤᠰ ᠠᠩᠬᠠᠲᠠᠬᠴᠢ ᠵᠠᠰᠠᠭ ᠵᠠᠭᠢᠷᠭᠠᠨ ᠤ ᠬᠠᠣᠯᠢ ᠳᠣᠬᠲᠠᠭᠠᠬᠤ ᠬᠡᠯᠪᠠᠷᠢ ᠪᠠᠷ ᠬᠤᠪᠤᠷ ᠰᠢᠷᠣᠢ ᠶᠢᠨ ᠡᠭᠢ ᠪᠠᠶᠠᠯᠢᠭ ᠢ ᠨᠡᠬᠡᠭᠡᠨ ᠠᠰᠢᠭᠯᠠᠭᠰᠠᠨ ᠶᠠᠪᠤᠳᠠᠯ ᠪᠣᠯᠤᠨ᠎ᠠ᠃    ᠬᠤᠪᠤᠷ ᠰᠢᠷᠣᠢ ᠪᠣᠯ ᠯᠠᠨᠲ᠋ᠠᠨ᠂ ᠼᠧᠷᠢ᠂ ᠫᠷᠠᠼᠸᠣᠳᠢᠮ᠂ ᠨᠸᠣᠳᠢᠮ᠂ ᠲᠧᠷᠪᠢ᠂ ᠭᠠᠳᠤᠯᠢᠨ ᠵᠡᠷᠭᠡ 17 ᠵᠦᠢᠯ ᠤᠨ ᠡᠯᠧᠮᠧᠨ᠋ᠲ ᠤᠨ ᠶᠡᠷᠦᠩᠬᠡᠢ ᠨᠡᠷᠡᠶᠢᠳᠦᠯ᠂ ᠦᠢᠯᠡᠳᠬᠦ ᠦᠢᠯᠡᠰ᠂ ᠬᠥᠩᠭᠡᠨ ᠠᠵᠤ ᠦᠢᠯᠡᠳᠪᠦᠷᠢ᠂ ᠣᠶᠤᠨᠴᠢ ᠡᠯᠧᠺᠲᠷᠣᠨ ᠤ ᠦᠢᠯᠡᠳᠬᠦᠨ᠂ ᠰᠢᠨ᠎ᠡ ᠡᠨᠧᠷᠭᠢ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠲᠤ ᠥᠷᠭᠡᠨ ᠢᠶᠠᠷ ᠬᠡᠷᠡᠭᠯᠡᠵᠦ᠂ ︽ᠣᠳᠣ ᠦᠶ᠎ᠡ ᠶᠢᠨ ᠠᠵᠤ ᠦᠢᠯᠡᠳᠪᠦᠷᠢ ᠶᠢᠨ ᠸᠢᠲ᠋ᠠᠮᠢᠨ︾ ᠭᠡᠵᠦ ᠨᠡᠷᠡᠶᠢᠳᠦᠭᠳᠡᠭ᠃ ᠣᠲᠤ᠂ ᠪᠦᠭᠦ ᠲᠠᠯᠠᠭᠡᠢ ᠶᠢᠨ ᠬᠡᠪᠴᠢᠶᠠᠨ ᠳᠤ 6 ᠵᠦᠢᠯ ᠤᠨ ᠰᠢᠨ᠎ᠠ ᠡᠭᠦᠲᠣᠯᠲᠠ ᠶᠢᠨ ᠳᠣᠮᠲᠠ 1 ᠵᠦᠢᠯ ᠨᠢ ᠬᠤᠪᠤᠷ ᠰᠢᠷᠣᠢ ᠲᠠᠢ ᠬᠤᠯᠪᠤᠬᠲᠠᠯ ᠲᠠᠢ ᠪᠠᠶᠢᠵᠤ᠂ ᠬᠤᠪᠤᠷ ᠰᠢᠷᠣᠢ ᠡᠳᠦᠷ ᠢᠷᠠᠭᠦᠶ᠎ᠡ ᠢᠷᠠᠭᠡᠲᠣᠢ ᠶᠢᠨ ᠠᠵᠤ ᠠᠬᠤᠢ ᠶᠢᠨ ᠬᠦᠢᠭᠵᠢᠯᠲᠠ ᠶᠢ ᠨᠦᠯᠣᠭᠡᠯᠠᠭᠦ ᠪᠠᠶᠢᠯᠲᠣᠬᠤ ᠪᠤᠲᠣᠯᠭ᠎ᠠ ᠶᠢᠨ ᠡᠭᠢ ᠪᠠᠶᠠᠯᠢᠭ ᠪᠤᠯᠵᠤ ᠪᠠᠶᠢᠨ᠎ᠠ᠃    ᠳᠡᠯᠡᠬᠡᠢ ᠶᠢᠨ ᠬᠤᠪᠣᠷ ᠰᠢᠷᠤᠢ ᠶᠢ ᠳᠤᠮᠳᠠᠳᠤ ᠤᠯᠤᠰ ᠶᠢᠨ ᠬᠢ ᠶᠢ ᠦᠵᠡᠵᠦ᠂ ᠳᠤᠮᠳᠠᠳᠤ ᠤᠯᠤᠰ ᠤᠨ ᠬᠤᠪᠣᠷ ᠰᠢᠷᠤᠢ ᠶᠢ ᠪᠤᠭᠤᠲᠤ ᠶᠢᠨ ᠬᠢ ᠶᠢ ᠦᠵᠡᠨ᠎ᠡ᠃ ᠳᠤᠮᠳᠠᠳᠤ ᠤᠯᠤᠰ ᠪᠣᠯ ᠳᠡᠯᠡᠬᠡᠢ ᠶᠢᠨ ᠨᠢᠭᠡᠳᠦᠭᠡᠷ ᠬᠤᠪᠣᠷ ᠰᠢᠷᠤᠢ ᠶᠢᠨ ᠬᠠᠳᠠᠭᠠᠯᠠᠭᠳᠠᠴᠠ ᠶᠢᠨ ᠲᠣᠮᠣ ᠤᠯᠤᠰ ᠪᠠ ᠨᠢᠭᠡᠳᠦᠭᠡᠷ ᠦᠢᠯᠡᠳᠪᠦᠷᠢᠯᠡᠯ ᠤᠨ ᠲᠣᠮᠣ ᠤᠯᠤᠰ ᠪᠣᠯᠤᠨ᠎ᠠ᠂ ᠡᠭᠦᠨ ᠳᠤ ᠥᠪᠥᠷ ᠮᠣᠩᠭᠤᠯ ᠤᠨ ᠪᠤᠭᠤᠲᠤ ᠬᠤᠲᠠ ᠪᠦᠬᠦ ᠤᠯᠤᠰ ᠤᠨ 83.7%᠂ ᠪᠦᠬᠦ ᠪᠥᠮᠪᠥᠷᠴᠡᠭ ᠤᠨ 37.8% ᠶᠢᠨ ᠬᠠᠳᠠᠭᠠᠯᠠᠭᠳᠠᠴᠠ ᠲᠠᠢ ᠪᠠᠶᠢᠵᠤ᠂ ᠪᠣᠭᠤᠲᠤ ᠬᠤᠲᠠ ᠶᠢᠨ ᠪᠠᠶ᠋ᠬᠠᠣᠪᠤᠭ᠎ᠠ ᠠᠭᠤᠷᠬᠠᠢ ᠪᠣᠯ ᠪᠦᠬᠦ ᠪᠦᠮᠪᠦᠷᠴᠡᠭ ᠤᠨ ᠬᠠᠳᠠᠭᠠᠯᠠᠭᠳᠠᠴᠠ ᠪᠠᠷ ᠬᠠᠮᠤᠭ ᠤᠨ ᠶᠡᠭᠡ ᠬᠤᠪᠤᠷ ᠰᠢᠷᠤᠢ ᠶᠢᠨ ᠠᠭᠤᠷᠬᠠᠢ ᠪᠣᠯᠤᠨ᠎ᠠ᠃    20 ᠳ᠋ᠤᠭᠠᠷ ᠵᠠᠭᠤᠨ ᠤ ᠭᠤᠴᠢᠭᠠᠳ ᠣᠨ ᠤ ᠦᠶ᠎ᠡ ᠪᠠᠷ᠂ ᠮᠠᠨ ᠤ ᠤᠯᠤᠰ ᠤᠨ ᠭᠠᠵᠠᠷ ᠰᠢᠨᠵᠢᠯᠡᠭᠡᠨ ᠤ ᠰᠤᠳᠤᠯᠭᠠᠨ ᠠᠴᠠ ᠪᠠᠶ᠋ᠬᠠᠣᠪᠤᠭ᠎ᠠ ᠲᠡᠮᠦᠷ ᠤᠨ ᠠᠭᠤᠷᠬᠠᠢ ᠳᠤ ᠬᠤᠪᠣᠷ ᠰᠢᠷᠣᠢ ᠶᠢᠨ ᠡᠯᠧᠮᠧᠨ᠋ᠲ ᠠᠭᠤᠯᠤᠭᠳᠠᠵᠤ ᠪᠠᠶᠢᠬᠤ ᠶᠢ ᠢᠯᠡᠷᠡᠭᠦᠯᠪᠡ᠃    1959 ᠣᠨ ᠳᠤ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠠᠩᠬᠠᠳᠠᠭᠴᠢ ᠬᠤᠪᠣᠷ ᠰᠢᠷᠣᠶ ᠶᠢᠨ ᠴᠠᠬᠢᠭᠤᠷ ᠲᠡᠮᠦᠷ ᠤᠨ ᠬᠠᠶᠢᠯᠤᠰᠢ ᠦᠢᠯᠡᠳᠪᠦᠷᠢᠯᠡᠵᠦ᠂ ᠳᠤᠮᠳᠠᠳᠤ ᠤᠯᠤᠰ ᠤᠨ ᠬᠤᠪᠣᠷ ᠰᠢᠷᠣᠶ ᠶᠢᠨ ᠠᠵᠤ ᠦᠢᠯᠡᠳᠪᠦᠷᠢ ᠡᠬᠢᠯᠡᠪᠡ᠃    1961 ᠣᠨ ᠳᠤ ᠲᠥᠪ ᠬᠤᠷᠢᠶ᠎ᠠ ᠪᠡᠭᠡᠵᠢᠩ ᠤᠨ ᠪᠣᠯᠣᠳ ᠲᠡᠮᠦᠷ ᠤᠨ ᠰᠤᠳᠤᠯᠭᠠᠨ ᠤ ᠬᠦᠷᠢᠶᠡᠯᠡᠩ᠂ ᠥᠩᠭᠡᠲᠦ ᠲᠡᠮᠦᠷᠯᠢᠭ ᠤᠨ ᠰᠤᠳᠤᠯᠭᠠᠨ ᠤ ᠶᠡᠷᠦᠩᠬᠡᠢ ᠬᠦᠷᠢᠶᠡᠯᠡᠩ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠠᠴᠠ ᠰᠢᠨᠵᠢᠯᠡᠬᠦ ᠤᠬᠠᠭᠠᠨ ᠤ ᠰᠤᠳᠤᠯᠭᠠᠨ ᠤ 300 ᠭᠠᠷᠤᠢ ᠠᠵᠢᠯᠲᠠᠨ ᠢ ᠪᠤᠭᠤᠲᠤ ᠶᠢ ᠲᠤᠰᠠᠯᠠᠬᠤ ᠪᠠᠷ ᠰᠢᠯᠵᠢᠭᠦᠯᠪᠡ᠃ ᠡᠭᠦᠨ ᠠᠴᠠ ᠡᠬᠢᠯᠡᠨ᠂ ᠳᠤᠮᠳᠠᠳᠤ ᠤᠯᠤᠰ ᠤᠨ ᠬᠤᠪᠣᠷ ᠰᠢᠷᠣᠶ ᠶᠢᠨ ᠰᠢᠨᠵᠢᠯᠡᠬᠦ ᠤᠬᠠᠭᠠᠨ ᠮᠡᠷᠭᠡᠵᠢᠯ ᠪᠤᠭᠤᠲᠤ ᠳᠤ ᠡᠬᠢᠯᠡᠪᠡ᠃    1992 ᠣᠨ ᠳᠤ ᠮᠠᠨ ᠤ ᠤᠯᠤᠰ ᠤᠨ ᠠᠩᠬᠠᠳᠠᠭᠴᠢ ᠬᠤᠪᠣᠷ ᠰᠢᠷᠣᠶ ᠪᠠᠷ ᠨᠡᠷᠡᠶᠢᠳᠦᠭᠰᠡᠨ ᠳᠡᠭᠡᠳᠦ ᠰᠢᠨ᠎ᠡ ᠲᠣᠭᠤᠷᠢᠭ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠪᠤᠭᠤᠲᠤ ᠳᠤ ᠪᠠᠶᠢᠭᠤᠯᠤᠭᠳᠠᠵᠤ᠂ ᠳᠤᠮᠳᠠᠳᠤ ᠤᠯᠤᠰ ᠤᠨ ᠬᠤᠪᠣᠷ ᠰᠢᠷᠣᠶ ᠠᠵᠤ ᠦᠢᠯᠡᠰᠵᠢᠯᠲᠡ ᠶᠢᠨ ᠬᠥᠭᠵᠢᠯᠲᠡ ᠶᠢᠨ ᠱᠠᠲᠤᠨ ᠳᠤ ᠣᠷᠣᠪᠠ᠃    ᠬᠡᠳᠦᠨ ᠠᠷᠪᠠᠨ ᠵᠢᠯ ᠤᠨ ᠬᠥᠭᠵᠢᠯᠲᠡ ᠪᠠᠷ ᠳᠠᠮᠵᠢᠭᠠᠳ᠂ ᠣᠳᠣ᠂ ᠪᠤᠭᠤᠲᠤ ᠬᠤᠲᠠ ᠨᠢᠭᠡᠨᠲᠡ ᠬᠤᠪᠣᠷ ᠰᠢᠷᠤᠢ ᠶᠢᠨ ᠪᠠᠶᠢᠭᠠᠯᠢ ᠶᠢᠨ ᠠᠭᠤᠷᠬᠠᠢ ᠮᠠᠯᠲᠠᠬᠤ᠂ ᠬᠠᠶᠢᠯᠠᠭᠤᠯᠵᠤ ᠰᠠᠯᠭᠠᠬᠤ ᠠᠴᠠ ᠴᠢᠳᠠᠮᠵᠢᠲᠤ ᠮᠠᠲ᠋ᠧᠷᠢᠶᠠᠯ᠂ ᠦᠵᠦᠭᠦᠷ ᠤᠨ ᠬᠡᠷᠡᠭᠯᠡᠭᠡ ᠶᠢᠨ ᠪᠦᠷᠢᠨ ᠪᠦᠲᠦᠨ ᠠᠵᠤ ᠦᠢᠯᠡᠰ ᠤᠨ ᠰᠢᠰᠲ᠋ᠧᠮ ᠢ ᠪᠦᠷᠢᠯᠳᠦᠭᠦᠯᠵᠦ᠂ ᠪᠦᠬᠦ ᠤᠯᠤᠰ ᠤᠨ ᠶᠡᠷᠦᠩᠬᠡᠢᠯᠡᠭᠰᠡᠨ ᠪᠣᠳᠠᠲᠤ ᠬᠦᠴᠦᠨ ᠢᠶᠠᠷ ᠡᠮᠦᠨ᠎ᠡ ᠠᠷᠪᠠᠨ ᠬᠦᠴᠦᠷᠬᠡᠭ ᠰᠣᠷᠢᠨᠵᠢᠨ ᠮᠠᠲ᠋ᠧᠷᠢᠶᠠᠯ ᠤᠨ ᠠᠵᠤ ᠠᠬᠤᠶᠢᠯᠠᠯ ᠤᠨ ᠳᠣᠲᠣᠷ᠎ᠠ 7 ᠨᠢ ᠪᠤᠭᠤᠲᠤ ᠳᠤ ᠰᠠᠭᠤᠷᠢᠰᠢᠵᠤ᠂ 8 ᠬᠤᠪᠣᠷ ᠰᠢᠷᠤᠢ ᠶᠢᠨ ᠠᠵᠤ ᠠᠬᠤᠶᠢᠯᠠᠯ ᠵᠠᠬ᠎ᠠ ᠳᠡᠯᠭᠡᠭᠦᠷ ᠲᠤ ᠭᠠᠷᠬᠤ ᠪᠠᠷ ᠪᠠᠶᠢᠭ᠎ᠠ ᠠᠵᠤ ᠠᠬᠤᠶᠢᠯᠠᠯ ᠤᠨ ᠱᠠᠲᠤᠯᠵᠢᠨ ᠡᠩᠨᠡᠭᠡ ᠳᠤ ᠣᠷᠣᠵᠤ᠂ ᠪᠣᠯᠪᠠᠰᠤᠷᠠᠭᠤᠯᠵᠤ ᠰᠠᠯᠭᠠᠬᠤ ᠦᠢᠯᠡᠳᠭᠦᠨ ᠢ ᠲᠤᠬᠠᠢ ᠶᠢᠨ ᠭᠠᠵᠠᠷ ᠲᠤ ᠨᠢ ᠬᠤᠪᠢᠷᠠᠭᠤᠯᠬᠤ ᠨᠣᠷᠮ᠎ᠠ 88% ᠪᠣᠯᠲᠠᠯ᠎ᠠ ᠳᠡᠭᠡᠭᠰᠢᠯᠡᠵᠦ᠂ ᠲᠣᠭᠲᠠᠮᠠᠯ ᠰᠣᠷᠢᠨᠵᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠪᠦᠬᠦ ᠤᠯᠤᠰ ᠲᠤ ᠬᠤᠶᠠᠳᠤᠭᠠᠷ ᠲᠤ ᠵᠢᠭᠰᠠᠵᠤ᠂ ᠤᠰᠤᠳᠦ᠋ᠷᠦᠭᠴᠢ ᠬᠠᠳᠠᠭᠠᠯᠠᠬᠤ᠂ ᠭᠢᠯᠠᠶᠢᠯᠭᠠᠬᠤ᠂ ᠬᠠᠶᠢᠯᠤᠰᠢ ᠦᠢᠯᠡᠳᠪᠦᠷᠢᠯᠡᠬᠦ ᠴᠢᠳᠠᠪᠤᠷᠢ ᠪᠦᠬᠦ ᠤᠯᠤᠰ ᠲᠤ ᠲᠡᠷᠢᠭᠦᠨ ᠳᠤ ᠣᠷᠤᠪᠠ᠃    ᠬᠤᠪᠣᠷ ᠰᠢᠷᠣᠶ ᠶᠢ ᠢᠯᠡᠷᠡᠭᠦᠯᠬᠦ ᠠᠴᠠ ᠬᠤᠪᠣᠷ ᠰᠢᠷᠣᠶ ᠶᠢ ᠰᠣᠳᠤᠯᠬᠤ᠂ ᠬᠤᠪᠤᠷ ᠰᠢᠷᠤᠢ ᠶᠢ ᠬᠡᠷᠡᠭᠯᠡᠬᠦ ᠬᠦᠷᠲᠡᠯ᠎ᠡ ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠬᠥᠭᠵᠢᠯᠲᠡ ᠶᠢᠨ ᠲᠡᠤᠬᠡ ᠶᠢ ᠡᠷᠭᠢᠴᠡᠭᠦᠯᠪᠡᠯ᠂ ᠡᠷᠡᠯᠬᠡᠭᠯᠡᠨ ᠤᠷᠤᠭᠰᠢᠯᠠᠭᠰᠠᠨ ᠬᠠᠩᠭᠢᠨᠠᠮ᠎ᠠ ᠠᠶᠠᠯᠭᠤ ᠪᠠᠷ ᠪᠢᠯᠬᠠᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠲᠤᠷᠰᠢ᠂ ᠪᠤᠭᠤᠲᠤ ᠶᠢᠨ ᠬᠤᠪᠣᠷ ᠰᠢᠷᠣᠶ ᠶᠢᠨ ᠠᠵᠤ ᠦᠢᠯᠡᠰ ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠳᠤᠮᠳᠠ ᠡᠷᠡᠮᠡᠬᠡᠶᠢᠯᠡᠨ ᠤᠷᠤᠭᠰᠢᠯᠠᠵᠤ᠂ ᠣᠳᠣᠬᠠᠨ ᠳᠤ ᠡᠨᠡ ᠬᠦ ︽ᠳᠡᠯᠡᠬᠡᠶ ᠶᠢᠨ ᠬᠤᠪᠣᠷ ᠰᠢᠷᠣᠶ ᠶᠢᠨ ᠬᠤᠲᠠ︾ ᠶᠠᠭ ᠲᠡᠮᠡᠴᠡᠯ ᠤᠨ ᠵᠣᠷᠢᠭ ᠪᠠᠳᠠᠷᠠᠩᠭᠤᠶ ᠪᠠᠷ ︽ᠳᠡᠯᠡᠬᠡᠶ ᠶᠢᠨ ᠲᠠᠰ ᠤᠨ ᠬᠠᠳᠠᠭᠠᠯᠠᠭᠳᠠᠴᠠ︾ ᠠᠴᠠ ᠪᠠᠨ ︽ᠳᠡᠯᠡᠬᠡᠶ ᠶᠢᠨ ᠲᠠᠰ ᠤᠨ ᠠᠵᠤ ᠦᠢᠯᠡᠰ︾ ᠲᠡᠶᠢᠰᠢ ᠲᠦᠷᠭᠡᠨ ᠤᠷᠤᠭᠰᠢᠯᠠᠵᠤ ᠪᠤᠢ᠃    ᠣᠳᠣᠬᠠᠨ ᠳᠤ᠂ ᠪᠤᠭᠤᠲᠤ ᠶᠢᠨ ᠬᠤᠪᠣᠷ ᠰᠢᠷᠣᠶ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠸᠧ ᠯᠦᠩ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠲᠦᠰᠦᠯ ᠶᠠᠭ ᠭᠠᠯ ᠮᠡᠲᠦ ᠲᠦᠷᠦᠯᠵᠢᠨ ᠪᠦᠳᠦᠭᠡᠨ ᠪᠠᠶᠢᠭᠤᠯᠤᠭᠳᠠᠵᠤ ᠪᠤᠢ᠃ᠲᠦᠰᠦᠯ ᠤᠨ ᠬᠠᠷᠢᠭᠤᠴᠠᠯᠭᠠᠲᠠᠨ ᠂ ᠸᠧ ᠯᠦᠩ ᠪᠤᠭᠤᠲᠤ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠦᠰᠦᠯ 200 ᠮᠥ ᠭᠠᠵᠠᠷ ᠡᠵᠡᠯᠡᠵᠦ᠂ 12.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠵᠢᠯ ᠳᠤ 5.2 ᠲᠦᠮᠡᠨ ᠢᠵᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠮᠠᠰᠢᠨ᠂ 3.2 ᠲᠦᠮᠡᠨ ᠰᠠᠭᠤᠷᠢ ᠳᠣᠤᠷ᠎ᠠ ᠬᠤᠷᠳᠤᠴᠠᠲᠤ ᠶᠡᠭᠡ ᠴᠢᠳᠠᠮᠵᠢ ᠲᠠᠢ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ 1300 ᠰᠠᠭᠤᠷᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ᠂ 2 ᠲᠦᠮᠡᠨ ᠲᠣᠨ ᠴᠢᠳᠬᠤᠮᠠᠯ ᠲᠣᠨᠤᠭ ᠵᠡᠷᠭᠡ ᠦᠢᠯᠡᠳᠬᠦᠨ ᠤ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠪᠤᠭᠤᠲᠤ ᠶᠢᠨ ᠬᠤᠪᠣᠷ ᠰᠢᠷᠣᠶ ᠶᠢᠨ ᠰᠣᠷᠢᠨᠵᠢᠨ ᠮᠠᠲ᠋ᠧᠷᠢᠶᠠᠯ ᠠᠴᠠ ᠳᠠᠬᠢᠨ ᠬᠡᠷᠡᠭᠯᠡᠭᠡᠨ ᠤ ᠲᠠᠯᠠᠪᠤᠷ ᠭᠠᠵᠠᠷ ᠬᠦᠷᠲᠡᠯ᠎ᠡ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠪᠥᠭᠡᠮᠨᠡᠷᠡᠨ ᠬᠥᠭᠵᠢᠬᠦ ᠶᠢ ᠠᠬᠢᠭᠤᠯᠤᠨ᠎ᠠ ᠭᠡᠵᠦ ᠲᠠᠨᠢᠯᠴᠠᠭᠤᠯᠪᠠ᠃    ︽︿ᠬᠤᠣᠰ ᠨᠡᠭᠦᠷᠡᠰᠦᠲᠥ᠋ᠷᠥᠭᠴᠢ﹀ ᠶᠢᠨ ᠠᠬᠤᠢ ᠪᠠᠶᠢᠳᠠᠯ ᠳᠣᠣᠷ᠎ᠠ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠡᠷᠡᠭᠯᠡᠯᠲᠡ ᠶᠢᠨ ᠪᠠᠶᠢᠳᠠᠯ ᠮᠠᠰᠢ ᠥᠷᠭᠡᠨ ᠳᠡᠯᠭᠡᠷ︾ ᠭᠡᠵᠦ  ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠪᠤᠭᠤᠲᠤ ᠶᠢᠨ ᠬᠤᠪᠣᠷ ᠰᠢᠷᠤᠢ ᠶᠢᠨ ᠰᠤᠳᠤᠯᠤᠨ ᠨᠡᠭᠡᠭᠡᠬᠦ ᠲᠥᠪ ᠤᠨ ᠤᠤᠯ ᠤᠨ ᠡᠷᠬᠢᠯᠡᠭᠴᠢ᠂ ᠪᠤᠭᠤᠲᠤ ᠬᠤᠲᠠ ᠶᠢᠨ ᠯᠦ ᠴᠧᠩ ᠲᠤᠷᠰᠢᠯᠲᠠ ᠶᠢᠨ ᠲᠠᠰᠤᠭ ᠤᠨ ᠵᠥᠪᠯᠡᠭᠴᠢ ᡂᠢ ᠵᠢᠶᠠᠨ ᠢ ᠬᠡᠯᠡᠵᠦ᠂ ᠬᠡᠷᠪᠡ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠬᠦᠷᠢᠶᠡᠨ ᠳᠤ᠂ ᠬᠤᠪᠣᠷ ᠰᠢᠷᠤᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠢᠶᠠᠷ ᠤᠯᠠᠮᠵᠢᠯᠠᠯᠲᠤ ᠬᠥᠳᠡᠯᠭᠡᠬᠦ ᠬᠦᠴᠦᠨ ᠤ ᠴᠠᠬᠢᠯᠭᠠᠨ ᠮᠠᠰᠢᠨ ᠢ ᠣᠷᠤᠯᠠᠭᠤᠯᠪᠠᠯ᠂ ᠬᠤᠪᠣᠷ ᠰᠢᠷᠤᠢ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠤᠳᠬᠠᠬᠤ ᠪᠠᠷ ᠪᠠᠷᠠᠬᠤ ᠦᠭᠡᠢ ᠪᠠᠰᠠ ᠮᠠᠨ ᠤ ᠤᠯᠤᠰ ᠤᠨ ᠬᠤᠪᠣᠷ ᠰᠢᠷᠤᠢ ᠶᠢᠨ ᠬᠡᠷᠡᠭᠯᠡᠭᠡᠨ ᠤ ᠮᠡᠷᠭᠡᠵᠢᠯ ᠢ ᠬᠥᠭᠵᠢᠭᠦᠯᠵᠦ ᠴᠢᠳᠠᠨ᠎ᠠ ᠭᠡᠵᠡᠢ᠃    ᠣᠳᠣᠬᠠᠨ ᠳᠤ᠂ ᠪᠤᠭᠤᠲᠤ ᠬᠤᠲᠠ ᠶᠠᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠬᠤᠪᠣᠷ ᠰᠢᠷᠣᠶ ᠶᠢᠨ ᠬᠡᠷᠡᠭᠯᠡᠭᠡᠨ ᠤ ᠠᠵᠤ ᠦᠢᠯᠡᠰ ᠢ ᠲᠠᠰᠤᠷᠠᠯᠲᠠ ᠥᠬᠡᠶ ᠥᠷᠭᠡᠳᠬᠡᠨ ᠭᠦᠨᠵᠡᠭᠡᠶᠢᠷᠡᠭᠦᠯᠵᠦ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ᠂ ᠤᠰᠤᠲᠥ᠋ᠷᠥᠭᠴᠢ ᠬᠠᠳᠠᠭᠠᠯᠠᠬᠤ᠂ ᠬᠢᠯᠠᠶᠢᠯᠭᠠᠬᠤ᠂ ᠲᠦᠷᠭᠡᠳᠭᠡᠭᠴᠢ᠂ ᠬᠤᠪᠣᠷ ᠰᠢᠷᠣᠶ ᠶᠢᠨ ᠬᠠᠶᠢᠯᠤᠰᠢ ᠵᠡᠷᠭᠡ ᠲᠠᠪᠤᠨ ᠶᠡᠭᠡ ᠰᠢᠨ᠎ᠡ ᠮᠠᠲ᠋ᠧᠷᠢᠶᠠᠯ ᠢ ᠭᠤᠤᠯᠳᠠᠯᠭ᠎ᠠ ᠲᠠᠢ ᠬᠥᠭᠵᠢᠭᠦᠯᠵᠦ ᠪᠠᠶᠢᠨ᠎ᠠ᠃    ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠬᠡᠷᠡᠭᠯᠡᠭᠡᠨ ᠤ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠬᠥᠭᠵᠢᠭᠦᠯᠦᠨ᠎ᠡ᠃ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠠᠶᠢᠭᠤᠯᠵᠤ᠂ ᠠᠵᠤ ᠦᠢᠯᠡᠳᠪᠦᠷᠢ ᠶᠢᠨ ᠡᠨᠧᠷᠭᠢ ᠠᠷᠪᠢᠯᠠᠬᠤ ᠴᠠᠬᠢᠯᠭᠠᠨ ᠮᠠᠰᠢᠨ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠡᠷᠡᠭᠯᠡᠬᠦ ᠴᠠᠬᠢᠯᠭᠠᠨ ᠮᠠᠰᠢᠨ ᠪᠠ ᠦᠢᠯᠡᠴᠢᠯᠡᠬᠦ ᠴᠠᠬᠢᠯᠭᠠᠨ ᠮᠠᠰᠢᠨ ᠵᠡᠷᠭᠡ ᠳᠤᠮᠳᠠ ᠳᠡᠭᠡᠳᠦ ᠲᠡᠰ ᠤᠨ ᠦᠢᠯᠡᠳᠬᠦᠨ ᠢ ᠢᠳᠡᠪᠬᠢᠲᠡᠢ ᠬᠥᠭᠵᠢᠭᠦᠯᠵᠦ᠂ ᠸᠧ ᠯᠦᠩ ᠵᠡᠷᠭᠡ 30 ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠢ ᠣᠷᠣᠯᠠᠭᠤᠯᠬᠤ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠵᠢᠯ ᠤᠨ ᠳᠣᠲᠣᠷ᠎ᠠ ᠦᠢᠯᠡᠳᠬᠦᠨ ᠤ ᠦᠷᠳᠡᠭ ᠢ 50 ᠳ᠋ᠦᠩᠰᠢᠭᠤᠷ ᠲᠥᠭᠦᠷᠢᠭ ᠲᠤ ᠬᠦᠷᠭᠡᠨ᠎ᠡ᠃    ᠭᠢᠯᠠᠶᠢᠯᠭᠠᠬᠤ᠂ ᠲᠦᠷᠭᠡᠳᠭᠡᠬᠦ᠂ ᠭᠡᠷᠡᠯ ᠤᠨ ᠴᠢᠳᠠᠪᠬᠢ ᠶᠢᠨ ᠠᠵᠤ ᠦᠢᠯᠡᠰ ᠢ ᠪᠦᠬᠦ ᠬᠦᠴᠢ ᠪᠠᠷ ᠢᠶᠠᠨ ᠬᠦᠭᠵᠢᠭᠦᠯᠦᠨ᠎ᠡ᠃ 3000 ᠲᠣᠨ ᠬᠤᠪᠣᠷ ᠰᠢᠷᠣᠶ ᠶᠢᠨ ᠭᠢᠯᠠᠶᠢᠯᠭᠠᠬᠤ ᠮᠠᠲ᠋ᠧᠷᠢᠶᠠᠯ᠂ 6000 ᠲᠣᠨ ᠲᠦᠷᠭᠡᠳᠬᠡᠭᠦᠷ ᠵᠡᠷᠭᠡ ᠲᠦᠰᠦᠯ ᠢ ᠬᠡᠷᠡᠭᠵᠢᠭᠦᠯᠬᠦ ᠪᠠᠷ ᠲᠥᠯᠥᠪᠯᠡᠵᠦ᠂ ᠬᠤᠪᠣᠷ ᠰᠢᠷᠣᠶ ᠶᠢᠨ ᠬᠡᠷᠡᠯ ᠴᠢᠮᠡᠭᠯᠡᠯ ᠤᠨ ᠨᠤᠨᠲᠠᠭ ᠵᠡᠷᠭᠡ ᠲᠦᠰᠦᠯ ᠤᠨ ᠠᠵᠤ ᠦᠶᠢᠯᠡᠰᠵᠢᠯᠲᠡ ᠶᠢᠨ ᠠᠬᠢᠴᠠ ᠶᠢ ᠲᠦᠷᠭᠡᠳᠬᠡᠵᠦ᠂ ᠵᠢᠯ ᠤᠨ ᠳᠣᠲᠣᠷ᠎ᠠ 4 ᠲᠦᠮᠡᠨ ᠲᠣᠨ ᠬᠢᠯᠠᠶᠢᠯᠭᠠᠬᠤ ᠮᠠᠲ᠋ᠧᠷᠢᠶᠠᠯ᠂ 2 ᠲᠦᠮᠡᠨ ᠲᠣᠨ ᠲᠦᠷᠭᠡᠳᠬᠡᠬᠦ ᠮᠠᠲ᠋ᠧᠷᠢᠶᠠᠯ ᠵᠢᠴᠢ ᠲᠤᠰᠠᠯᠠᠬᠤ ᠡᠮ ᠤᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠦᠨ᠎ᠡ᠃    ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠤᠨ ᠬᠡᠷᠡᠭᠯᠡᠭᠡᠨ ᠤ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠬᠥᠭᠵᠢᠭᠦᠯᠦᠨ᠎ᠡ᠃ ᠪᠤᠭᠤᠲᠤ ᠬᠤᠲᠠ ᠤᠮᠠᠷᠠᠲᠤ ᠶᠢᠨ ᠬᠤᠪᠣᠷ ᠰᠢᠷᠣᠶ ᠶᠢᠨ ᠬᠠᠲᠠᠭᠤ ᠪᠡᠶᠡᠲᠦ ᠤᠰᠤᠲᠥ᠋ᠷᠥᠭᠴᠢ ᠬᠠᠳᠠᠭᠠᠯᠠᠬᠤ ᠠᠴᠠ ᠲᠡᠷᠭᠡ ᠵᠡᠷᠭᠡ ᠲᠦᠰᠦᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠺᠧᠯ ᠤᠰᠤᠲᠥ᠋ᠷᠥᠭᠴᠢ ᠶᠢᠨ ᠳ᠋ᠢᠶᠠᠨ ᡂᠢ ᠵᠢᠴᠢ ᠬᠡᠷᠡᠭᠯᠡᠭᠡᠨ ᠤ ᠲᠥᠬᠦᠭᠡᠷᠦᠮᠵᠢ ᠶᠢ ᠤᠰᠤᠲᠥ᠋ᠷᠥᠭᠴᠢ ᠶᠢᠨ ᠰᠢᠲᠠᠭᠠᠯᠭ᠎ᠠ ᠶᠢᠨ ᠮᠠᠰᠢᠨ ᠲᠡᠷᠭᠡ᠂ ᠤᠰᠤᠲᠥ᠋ᠷᠥᠭᠴᠢ ᠨᠡᠮᠡᠬᠦ ᠥᠷᠲᠡᠭᠡ ᠵᠡᠷᠭᠡ ᠠᠬᠤᠶ ᠲᠠᠯᠠᠪᠠᠶ ᠶᠢᠨ ᠬᠤᠳᠠᠯᠳᠤᠭᠠᠴᠢᠯᠠᠭᠰᠠᠨ ᠬᠡᠷᠡᠭᠯᠡᠯᠲᠡ ᠶᠢ ᠥᠷᠭᠡᠳᠬᠡᠵᠦ᠂ ᠬᠤᠪᠣᠷ ᠰᠢᠷᠣᠶ ᠶᠢᠨ ᠤᠰᠤᠲᠥ᠋ᠷᠥᠭᠴᠢ ᠬᠠᠳᠠᠭᠠᠯᠠᠬᠤ ᠬᠡᠷᠡᠭᠯᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠢ ᠪᠣᠶ ᠪᠣᠯᠭᠠᠨ᠎ᠠ᠃    ᠳᠡᠭᠡᠳᠦ ᠴᠢᠳᠠᠪᠬᠢ ᠲᠠᠢ᠂ ᠥᠨᠳᠥᠷ ᠨᠡᠮᠡᠯᠲᠡ ᠦᠷᠳᠡᠭ ᠲᠠᠢ ᠬᠤᠪᠣᠷ ᠰᠢᠷᠣᠢ ᠶᠢᠨ ᠤᠰᠤᠲᠥ᠋ᠷᠥᠭᠴᠢ ᠬᠠᠳᠠᠭᠠᠯᠠᠬᠤ ᠦᠢᠯᠡᠳᠬᠦᠨ ᠤ ᠵᠠᠬ᠎ᠠ ᠳᠡᠯᠭᠡᠭᠦᠷ ᠤᠨ ᠬᠤᠪᠢ ᠶᠢᠨ ᠲᠤᠭ᠎ᠠ ᠶᠢ ᠤᠯᠠᠮ ᠨᠢᠭᠡ ᠠᠯᠬᠤᠮ ᠥᠷᠭᠡᠳᠬᠡᠵᠦ᠂ ᠤᠰᠤᠲᠥ᠋ᠷᠥᠭᠴᠢ ᠬᠠᠳᠠᠭᠠᠯᠠᠬᠤ᠂ ᠬᠠᠶᠢᠯᠤᠰᠢ ᠶᠢᠨ ᠠᠵᠤ ᠦᠢᠯᠡᠰ ᠢ ᠬᠦᠴᠦᠷᠬᠡᠭᠵᠢᠭᠦᠯᠦᠨ᠎ᠡ᠃ ᠡᠨᠡ ᠵᠢᠯ ᠤᠨ ᠳᠣᠲᠣᠷ᠎ᠠ 7000 ᠲᠣᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ᠂ 8 ᠲᠦᠮᠡᠨ ᠲᠣᠨ ᠬᠠᠶᠢᠯᠤᠰᠢ ᠶᠢᠨ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠪᠦᠬᠦ ᠤᠯᠤᠰ ᠤᠨ ᠬᠠᠮᠤᠭ ᠤᠨ ᠲᠣᠮᠣ ᠬᠤᠪᠣᠷ ᠰᠢᠷᠣᠶ ᠶᠢᠨ ᠤᠰᠤᠲᠥ᠋ᠷᠥᠭᠴᠢ ᠬᠠᠳᠠᠭᠠᠯᠠᠬᠤ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠭᠠᠵᠠᠷ᠂ ᠴᠡᠪᠡᠷ ᠬᠤᠪᠣᠷ ᠰᠢᠷᠣᠶ ᠶᠢᠨ ᠲᠡᠮᠦᠷᠯᠢᠭ ᠵᠢᠴᠢ ᠬᠠᠶᠢᠯᠤᠰᠢ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃    ᠨᠢᠳᠤᠨᠤᠨ ᠤ 6 ᠳ᠋ᠤᠭᠠᠷ ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢᠨ ᠴᠢᠨᠠᠷᠲᠠᠶ ᠨᠡᠭᠡᠭᠡᠯᠲᠡ᠂ ᠴᠢᠨᠠᠷ ᠰᠠᠶᠢᠲᠠᠶ ᠠᠰᠢᠭᠯᠠᠯᠲᠠ᠂ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠡᠬᠢ ᠪᠠᠶᠠᠯᠢᠭ ᠤᠨ ᠲᠤᠬᠠᠶ ᠶᠢᠨ ᠭᠠᠵᠠᠷ ᠲᠤᠨᠢ ᠨᠠᠷᠢᠯᠢᠭ ᠡᠳ᠋ᠰᠢᠭᠦᠯᠬᠦ ᠶᠢ ᠴᠢᠩᠭᠠᠳᠬᠠᠵᠤ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠠᠵᠤ ᠦᠢᠯᠡᠰ ᠢ ᠰᠠᠶᠢᠲᠤᠷ ᠬᠥᠭᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠨᠢᠳᠤᠨᠤᠨ ᠤ 10 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠰᠠᠨᠠᠯ︾ ᠢ ᠳᠠᠷᠤᠮᠠᠯᠯᠠᠨ ᠲᠠᠷᠬᠠᠭᠠᠵᠤ᠂ ᠪᠤᠭᠤᠲᠤ ᠶᠢ ᠪᠥᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠳᠡᠯᠡᠬᠡᠶ ᠶᠢᠨ ᠲᠡᠷᠢᠭᠦᠨ ᠤ ᠬᠤᠪᠣᠷ ᠰᠢᠷᠣᠶ ᠶᠢᠨ ᠬᠡᠷᠡᠭᠯᠡᠭᠡᠨ ᠤ ᠰᠠᠭᠤᠷᠢᠨ ᠭᠠᠵᠠᠷ ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠲᠣᠳᠣᠷᠬᠠᠶᠢᠯᠠᠪᠠ᠃    ᠴᠢᠬᠤᠯᠠ ᠶᠡᠭᠡ ᠠᠵᠠ ᠲᠣᠬᠢᠶᠠᠯ ᠤᠨ ᠳᠣᠣᠷ᠎ᠠ᠂ ᠪᠤᠭᠤᠲᠤ ︽ᠬᠤᠶᠠᠷ ᠬᠤᠪᠣᠷ ᠰᠢᠷᠤᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠢᠭᠤᠯᠤᠯᠲᠠ ᠶᠢᠨ ᠬᠠᠷᠠᠯᠲᠠ ᠶᠢ ᠵᠠᠩᠭᠤᠤ ᠲᠣᠭᠲᠠᠭᠠᠵᠤ᠂ ᠬᠤᠪᠣᠷ ᠰᠢᠷᠤᠢ ᠶᠢᠨ ᠠᠵᠤ ᠦᠢᠯᠡᠰ ᠤᠨ ᠬᠡᠪᠯᠡᠯ ᠤᠨ ᠵᠢᠷᠤᠭ ᠢ ᠳᠠᠬᠢᠨ ᠱᠤᠭᠤᠨ᠎ᠠ᠃    ᠳᠤᠮᠳᠠ ᠬᠦᠨᠳᠦ ᠬᠤᠪᠣᠷ ᠰᠢᠷᠣᠶ ᠶᠢᠨ ᠲᠡᠮᠦᠷᠯᠢᠭ ᠤᠨ ᠦᠢᠯᠡᠳᠬᠦᠨ ᠢ ᠲᠤᠷᠰᠢᠨ ᠦᠢᠯᠡᠳᠴᠦ ᠠᠮᠵᠢᠯᠲᠠ ᠣᠯᠵᠤ᠂ 10 ᠲᠦᠮᠡᠨ ᠲᠣᠨ ᠤ ᠲᠠᠰ ᠤᠨ ᠬᠤᠪᠣᠷ ᠰᠢᠷᠣᠶ ᠶᠢᠨ ᠪᠣᠬᠢᠷᠲᠤᠯ ᠥᠬᠡᠶ ᠲᠡᠮᠦᠷᠯᠢᠭ ᠬᠠᠶᠢᠯᠤᠭᠤᠯᠬᠤ ᠲᠦᠰᠦᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠪᠥᠬᠦ ᠲᠠᠯ᠎ᠠ ᠪᠠᠷ ᠡᠬᠢᠯᠡᠪᠡ ᠁ ᠪᠦᠬᠦ ᠭᠡᠯᠬᠢᠶᠡᠵᠢᠭᠰᠡᠨ ᠬᠥᠭᠵᠢᠯᠲᠡ᠂ ᠥᠨᠢᠷ ᠴᠡᠴᠡᠭ ᠵᠡᠷᠭᠡᠪᠡᠷ ᠳᠡᠯᠭᠡᠷᠡᠭᠰᠡᠨ ᠬᠤᠪᠣᠷ ᠰᠢᠷᠣᠢ ᠶᠢᠨ ᠠᠵᠤ ᠦᠢᠯᠡᠰ ᠤᠨ ᠰᠢᠨ᠎ᠡ ᠪᠠᠶᠢᠳᠠᠯ ᠶᠠᠭ ᠠᠳᠡ ᠲᠦᠷᠭᠡᠨ ᠪᠦᠷᠢᠯᠳᠦᠵᠦ ᠪᠠᠶᠢᠨ᠎ᠠ᠃    ᠪᠦᠬᠦ ᠪᠥᠮᠪᠥᠷᠴᠡᠭ ᠤᠨ ᠬᠤᠪᠣᠷ ᠰᠢᠷᠤᠢ ᠶᠢᠨ ᠡᠬᠢ ᠪᠠᠶᠠᠯᠢᠭ ᠤᠨ ᠬᠠᠮᠤᠭ ᠤᠨ ᠡᠯᠪᠡᠭ ᠳᠡᠯᠪᠡᠭ ᠭᠠᠵᠠᠷ ᠣᠷᠣᠨ ᠤ ᠨᠢᠭᠡ ᠪᠣᠯᠤᠭᠰᠠᠨ ᠤ ᠬᠤᠪᠢ ᠳᠤ᠂ ᠪᠤᠭᠤᠲᠤ ᠬᠤᠲᠠ ᠶᠠᠭ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠪᠠ ᠪᠠᠲᠤ ᠴᠢᠩᠭ᠎ᠠ ᠬᠥᠭᠵᠢᠯᠲᠡ ᠶᠢᠨ ᠢᠲᠡᠭᠡᠯ ᠵᠣᠷᠢᠭ ᠢᠶᠠᠷ ᠬᠤᠪᠣᠷ ᠰᠢᠷᠤᠢ ᠶᠢᠨ ᠠᠵᠤ ᠦᠢᠯᠡᠰ ᠤᠨ ᠴᠢᠨᠠᠷ ᠰᠠᠢᠲᠠᠢ ᠬᠥᠭᠵᠢᠯᠲᠡ ᠶᠢ ᠪᠦᠬᠦ ᠬᠦᠴᠦᠨ ᠢᠶᠠᠷ ᠠᠬᠢᠭᠤᠯᠵᠤ ᠪᠠᠶᠢᠨ᠎ᠠ᠃ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠪᠦᠬᠦ ᠬᠤᠲᠠ ᠶᠢᠨ ᠬᠤᠪᠣᠷ ᠰᠢᠷᠣᠶ ᠶᠢᠨ ᠠᠵᠤ ᠦᠢᠯᠡᠰ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ 32.6% ᠳᠤ ᠬᠦᠷᠴᠦ᠂ ᠦᠳᠲᠡᠷ ᠲᠦᠷᠭᠡᠨ ᠬᠥᠭᠵᠢᠬᠦ ᠪᠠᠶᠢᠳᠠᠯ ᠢᠶᠠᠨ ᠪᠠᠲᠤᠯᠠᠪᠠ᠃ ᠪᠤᠭᠤᠲᠤ ᠬᠤᠲᠠ ᠵᠢᠱᠢᠯᠲᠡ ᠪᠠᠷ ᠡᠨᠡ ᠵᠢᠯ ᠬᠤᠪᠣᠷ ᠰᠢᠷᠣᠶ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ 1000 ᠳ᠋ᠦᠩᠰᠢᠭᠤᠷ ᠲᠥᠭᠦᠷᠢᠭ ᠢ ᠳᠠᠪᠠᠵᠤ᠂ ᠬᠤᠪᠣᠷ ᠰᠢᠷᠣᠶ ᠶᠢᠨ ︽ᠳᠡᠯᠡᠬᠡᠶ ᠶᠢᠨ ᠲᠠᠰ ᠤᠨ ᠬᠠᠳᠠᠭᠠᠯᠠᠭᠳᠠᠴᠠ︾ ᠶᠢ ︽ᠳᠡᠯᠡᠬᠡᠶ ᠶᠢᠨ ᠲᠠᠰ ᠤᠨ ᠠᠵᠤ ᠦᠢᠯᠡᠰ︾ ᠲᠡᠶᠢᠰᠢ ᠤᠷᠤᠭᠰᠢᠯᠠᠭᠤᠯᠬᠤ ᠶᠢ ᠪᠡᠶᠡᠯᠡᠭᠦᠯᠦᠨ᠎ᠡ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ