ᠪᠠᠶ᠋ᠬᠠᠤᠪᠤᠭ᠎ᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/9/13
    9 ᠳ᠋ᠦ᠋ᠭᠡᠷ ᠰᠠᠷ᠎ᠠ ᠶᠢᠨ 11 ᠤ ᠡᠳᠦᠷ ᠤᠨ ᠦᠳᠡ ᠶᠢᠨ ᠬᠤᠶᠢᠨ᠎ᠠ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠭᠡᠷ ᠳᠠᠪᠬᠤᠷᠯᠢᠭ ᠤᠨ ᠮᠡᠳᠡᠭᠦᠯᠦᠯᠲᠡ ᠶᠢᠨ ᠲᠢᠩᠬᠢᠮ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭᠠᠨ ᠤ ᠲᠤᠰᠬᠠᠢ ᠰᠡᠳᠦᠪᠲᠦ ᠰᠤᠷᠤᠯᠴᠠᠯᠭ᠎ᠠ ᠥᠷᠨᠢᠭᠦᠯᠵᠦ᠂ ᠪᠤᠭᠤᠲᠤ ᠬᠤᠳᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠬᠤᠳᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠼᠦᠢ ᠯᠢ ᠭᠠᠩ ᠲᠤᠬᠠᠢ ᠶᠢᠨ ᠲᠠᠯᠠᠪᠠᠢ ᠳᠤ ᠬᠦᠷᠴᠦ᠂ ︽ᠲᠤᠭ᠎ᠠ ᠪᠠᠷᠢᠮᠲᠠ ᠶᠢᠨ ᠬᠥᠭᠵᠢᠯᠲᠡ ᠪᠠᠷ ᠵᠠᠰᠠᠭ ᠤᠨ ᠶᠠᠪᠤᠳᠠᠯ ᠢ ᠨᠢᠭᠡᠳᠦᠯᠲᠡᠢ ᠵᠥᠪᠯᠡᠬᠦ — ᠲᠤᠭ᠎ᠠ ᠪᠠᠷᠢᠮᠲᠠ ᠪᠠᠷ ᠦᠭᠡ ᠶᠠᠷᠢᠬᠤ᠂ ᠲᠤᠭ᠎ᠠ ᠪᠠᠷᠢᠮᠲᠠ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠲᠤᠭ᠎ᠠ ᠪᠠᠷᠢᠮᠲᠠ ᠪᠠᠷ ᠬᠠᠮᠢᠶᠠᠷᠬᠤ᠂ ᠲᠤᠭ᠎ᠠ ᠪᠠᠷᠢᠮᠲᠠ ᠪᠠᠷ ᠰᠢᠨ᠎ᠡ ᠶᠢ ᠡᠭᠦᠳᠬᠦ︾ ᠰᠡᠳᠦᠪ ᠢᠶᠠᠷ ᠪᠤᠭᠤᠲᠤ ᠬᠤᠳᠠ ᠪᠠ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠪᠣᠳᠠᠲᠠᠢ ᠲᠠᠢ ᠤᠶᠠᠯᠳᠤᠭᠤᠯᠵᠤ᠂ ᠲᠦᠷᠦ ᠶᠢᠨ ᠪᠤᠳᠤᠯᠭ᠎ᠠ ᠶᠢᠨ ᠬᠠᠷᠠᠭᠠᠰᠤ᠂ ᠠᠵᠤ ᠠᠬᠤᠢ ᠶᠢᠨ ᠬᠠᠷᠠᠭᠠᠰᠤ᠂ ᠪᠦᠷᠢᠳᠬᠡᠯ ᠤᠨ ᠬᠠᠷᠠᠭᠠᠰᠤ ᠠᠴᠠ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠯᠲᠠ ᠳᠠᠭᠤᠰᠤᠭᠰᠠᠨ ᠤ ᠳᠠᠷᠠᠭ᠎ᠠ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠬᠤᠷᠠᠯ ᠬᠤᠷᠠᠯᠳᠤᠭᠤᠯᠵᠤ᠂ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠶᠢᠨ ᠲᠣᠭᠤᠷᠢᠨ ᠳᠤ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠪᠦᠬᠦ ᠬᠥᠮᠦᠰ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠲᠠᠨᠢᠯᠲᠠ ᠪᠠᠨ ᠶᠠᠷᠢᠵᠤ᠂ ᠣᠶᠢᠯᠠᠭᠠᠯᠲᠠ ᠪᠠᠨ ᠶᠠᠷᠢᠵᠤ᠂ ᠨᠠᠶᠢᠳᠠᠪᠤᠷᠢᠵᠢᠭᠤᠯᠤᠯᠲᠠ ᠶᠢ ᠰᠦᠪᠡᠭᠴᠢᠯᠡᠵᠦ᠂ ᠬᠤᠶᠢᠰᠢᠳᠠ ᠶᠢᠨ ᠲᠤᠭ᠎ᠠ ᠪᠦᠷᠢᠳᠬᠡᠯ ᠤᠨ ᠠᠵᠢᠯ ᠳᠤ ᠴᠢᠭᠯᠡᠯ ᠬᠠᠩᠭᠠᠪᠠ᠃
白云区统计局深入贯彻党的二十届三中全会精神.png
    ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠭᠤᠰᠢᠯᠠᠭᠤᠯᠵᠤ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠂ ᠨᠢᠭᠡ ᠳᠤ᠂ ᠲᠤᠭ᠎ᠠ ᠪᠦᠷᠢᠳᠬᠡᠯ ᠤᠨ ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠦᠵᠡᠯ ᠰᠠᠨᠠᠭᠠᠨ ᠤ ᠬᠡᠮᠵᠢᠶ᠎ᠡ ᠪᠠᠨ ᠳᠡᠭᠡᠭᠰᠢᠯᠡᠭᠦᠯᠬᠦ ᠠᠴᠠ ᠡᠬᠢᠯᠡᠨ᠂ ᠶᠡᠭᠡ ᠲᠠᠯ᠎ᠠ ᠶᠢᠨ ᠦᠵᠡᠯᠲᠡ ᠪᠠᠷ ᠲᠤᠭ᠎ᠠ ᠪᠦᠷᠢᠳᠬᠡᠯ ᠤᠨ ᠠᠵᠢᠯ ᠳᠤ ᠬᠠᠨᠳᠤᠵᠤ᠂ ᠲᠤᠭ᠎ᠠ ᠪᠦᠷᠢᠳᠬᠡᠯ ᠠᠴᠠ ᠭᠠᠷᠴᠤ ᠲᠤᠭ᠎ᠠ ᠪᠦᠷᠢᠳᠬᠡᠯ ᠢ ᠦᠵᠡᠵᠦ᠂ ᠠᠵᠤ ᠠᠬᠤᠢ ᠶᠢᠨ ᠪᠠᠶᠢᠳᠠᠯ ᠢ ᠣᠨᠣᠪᠴᠢᠲᠠᠢ ᠡᠵᠡᠮᠳᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠰᠡᠳᠬᠢᠬᠦᠢ ᠪᠠᠨ ᠬᠤᠪᠢᠷᠠᠭᠤᠯᠵᠤ᠂ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠠ ᠦᠢᠯᠡᠴᠢᠯᠡᠭᠡᠨ ᠤ ᠡᠭᠦᠷᠭᠡ ᠴᠢᠳᠠᠪᠬᠢ ᠪᠠᠨ ᠭᠦᠢᠴᠡᠳ ᠪᠠᠳᠠᠷᠠᠭᠤᠯᠬᠤ ᠬᠡᠷᠡᠭᠲᠡᠢ᠃ ᠬᠤᠶᠠᠷ ᠲᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠪᠦᠷᠢᠯᠳᠦᠭᠦᠯᠬᠦ ᠠᠴᠠ ᠡᠮᠦᠨ᠎ᠡ᠂ ᠳᠤᠮᠳᠠ᠂ ᠳᠠᠷᠠᠭᠠᠬᠢ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠬᠢᠵᠦ᠂ ᠲᠤᠭ᠎ᠠ ᠪᠦᠷᠢᠳᠬᠡᠯ ᠤᠨ ᠠᠵᠢᠯ ᠢ ᠴᠠᠭ ᠦᠶ᠎ᠡ ᠶᠢᠨ ᠬᠥᠭᠵᠢᠯᠲᠡ ᠳᠤ ᠵᠣᠬᠢᠴᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃    ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠬᠢᠭᠡᠳ ᠲᠤᠭ᠎ᠠ ᠪᠦᠷᠢᠳᠬᠡᠯ ᠤᠨ ᠠᠵᠢᠯ ᠢ ᠰᠠᠶᠢᠲᠤᠷ ᠠᠳᠬᠤᠬᠤ ᠲᠠᠢ ᠤᠶᠠᠯᠳᠤᠭᠤᠯᠬᠤ ᠶᠢ ᠴᠥᠬᠦᠷᠡᠰᠢ ᠥᠬᠡᠶ ᠪᠠᠷᠢᠮᠲᠠᠯᠠᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠭᠤᠤᠯ ᠠᠵᠢᠯ ᠪᠠ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠲᠤᠭ᠎ᠠ ᠪᠠᠷᠢᠮᠲᠠ ᠶᠢᠨ ᠬᠠᠨᠳᠤᠰᠢ ᠶᠢ ᠲᠥᠰᠦᠭᠡᠯᠡᠬᠦ ᠪᠠ ᠵᠠᠳᠠᠯᠬᠤ ᠶᠢ ᠴᠢᠩᠭᠠᠳᠬᠠᠨ᠎ᠠ᠃ ᠲᠤᠭ᠎ᠠ ᠪᠠᠷᠢᠮᠲᠠ ᠪᠠᠷ ᠬᠠᠮᠢᠶᠠᠷᠬᠤ᠂ ᠲᠤᠭ᠎ᠠ ᠪᠠᠷᠢᠮᠲᠠ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ᠂ ᠲᠤᠭ᠎ᠠ ᠪᠠᠷᠢᠮᠲᠠ ᠪᠠᠷ ᠰᠢᠨ᠎ᠡ ᠶᠢ ᠡᠭᠦᠳᠬᠦ  ᠶᠢ ᠪᠠᠷᠢᠮᠲᠠᠯᠠᠵᠤ᠂ ᠪᠠᠶᠢᠳᠠᠯ ᠢ ᠡᠵᠡᠮᠳᠡᠬᠦ ᠲᠠᠯ᠎ᠠ ᠪᠠᠷ ︽ᠪᠠᠶᠢᠳᠠᠯ ᠢ ᠨᠡᠪᠲᠡᠷᠡᠭᠦᠯᠬᠦ︾᠂ ᠵᠠᠳᠠᠯᠤᠨ ᠰᠤᠳᠤᠯᠵᠤ ᠮᠠᠭᠠᠳᠯᠠᠬᠤ ᠲᠠᠯ᠎ᠠ ᠪᠠᠷ ︽ᠦᠨᠳᠦᠰᠦᠨ ᠱᠠᠲᠤᠨ ᠳᠤ ᠣᠶᠢᠷᠠᠲᠤᠭᠰᠠᠨ︾᠂ ᠠᠷᠭ᠎ᠠ ᠤᠬᠠᠭᠠᠨ ᠭᠠᠷᠭᠠᠬᠤ ᠳᠤᠮᠳᠠ ︽ᠪᠣᠳᠠᠲᠠᠢ ᠠᠷᠭ᠎ᠠ︾ ᠶᠢ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠦᠢᠯᠡᠴᠢᠯᠡᠭᠡᠨ ᠤ ᠤᠢᠢᠯᠠᠭᠠᠭᠳᠠᠬᠤᠨ ᠢ ᠬᠦᠴᠦᠯᠡᠨ ᠰᠢᠨᠡᠳᠬᠡᠵᠦ᠂ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠵᠤ᠂ ᠰᠠᠶᠢᠳᠤᠷ ᠪᠤᠳᠤᠵᠤ ᠳᠡᠶᠢᠯᠬᠦ ᠲᠤᠭ᠎ᠠ ᠪᠦᠷᠢᠳᠬᠡᠯ ᠤᠨ ᠡᠩᠨᠡᠭᠡ ᠶᠢ ᠪᠦᠬᠦ ᠲᠠᠯ᠎ᠠ ᠪᠠᠷ ᠪᠠᠶᠢᠭᠤᠯᠵᠤ᠂ ᠪᠠᠶ᠋ᠬᠠᠣᠪᠤᠭ᠎ᠠ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ᠂ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠨ᠎ᠠ᠃ 
ᠢᠷᠡᠯᠲᠡ᠄ ᠪᠠᠶ᠋ᠬᠠᠣᠪᠤᠭ᠎ᠠ ᠲᠤᠭ᠎ᠠ ᠪᠦᠷᠢᠳᠬᠡᠯ ᠤᠨ ᠲᠣᠪᠴᠢᠶ᠎ᠠ