ᠪᠠᠶ᠋ᠬᠠᠣᠪᠤᠭ᠎ᠠ᠄ ᠬᠤᠪᠣᠷ ᠰᠢᠷᠣᠶ ᠬᠦᠴᠦᠨ ᠣᠯᠭᠤᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠢᠷᠡᠭᠡᠳᠦᠢ ᠰᠠᠷᠠᠭᠤᠯ ᠰᠠᠶᠢᠬᠠᠨ
ᠨᠡᠶᠢᠲᠡᠯᠡᠭᠰᠡᠨ ᠴᠠᠭ᠄
2024/9/20
    ᠥᠭᠡᠷᠡᠴᠢᠯᠡᠯᠲᠡ ᠪᠠᠷ ᠬᠦᠭᠵᠢᠯᠲᠡ ᠶᠢ ᠳᠠᠶᠢᠴᠢᠯᠠᠪᠠ᠃ ︽ᠥᠨᠢᠷ ᠪᠠᠶᠠᠯᠢᠭ ᠬᠤᠪᠢᠯᠭᠠᠨ ᠠᠭᠤᠯᠠ︾᠂ ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ ᠭᠡᠰᠡᠨ ᠰᠠᠶᠢᠬᠠᠨ ᠠᠯᠳᠠᠷ ᠲᠠᠢ ᠪᠠᠶ᠋ᠬᠠᠣᠪᠤᠭ᠎ᠠ᠂ ᠢᠮᠠᠭᠲᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ︽ᠵᠠᠩᠭᠢᠯᠠᠭ᠎ᠠ ᠶᠢᠨ ᠠᠷᠭ᠎ᠠ︾ ᠪᠣᠯᠭᠠᠵᠤ᠂ ᠠᠭᠤᠷᠬᠠᠢ ᠶᠢᠨ ᠲᠣᠭᠤᠷᠢᠭ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠪᠦᠬᠦᠯᠢ ᠴᠣᠭᠴᠠ ᠪᠠᠷ ᠠᠬᠢᠭᠤᠯᠬᠤ ᠪᠠ ᠭᠤᠣᠯᠳᠠᠯᠭ᠎ᠠ ᠲᠠᠢ ᠰᠢᠪᠲᠤᠯᠬᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠬᠠᠷᠠᠯᠲᠠ ᠬᠢᠭᠡᠳ ᠠᠬᠤᠶᠢᠴᠢ ᠴᠢᠨᠠᠷᠲᠠᠢ ᠡᠭᠦᠷᠭᠡ ᠶᠢ ᠤᠶᠠᠯᠳᠤᠭᠤᠯᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠬᠦ᠂ ᠬᠥᠭᠵᠢᠯᠲᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠳᠤ ᠠᠰᠢᠭᠲᠠᠢ ᠪᠠᠶᠢᠭᠤᠯᠤᠯ ᠲᠣᠭᠲᠠᠴᠠ ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠦᠭᠡᠢ ᠰᠦᠪᠡᠭᠴᠢᠯᠡᠵᠦ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠰᠢᠭᠲᠠᠢ ᠪᠣᠯᠭᠠᠵᠤ᠂ ᠥᠭᠡᠷᠡᠴᠢᠯᠡᠯᠲᠡ ᠶᠢᠨ ᠠᠰᠢᠭ ᠲᠤᠰᠠ ᠶᠢ ᠲᠦᠷᠭᠡᠨ ᠪᠠᠳᠠᠷᠠᠭᠤᠯᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠵᠣᠯ ᠵᠢᠷᠭᠠᠯᠲᠤ ᠰᠠᠶᠢᠨ ᠰᠠᠶᠢᠬᠠᠨ ᠰᠢᠨ᠎ᠡ ᠪᠠᠶ᠋ᠬᠠᠣᠪᠤᠭ᠎ᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠨ᠎ᠡ᠃
白云鄂博:稀土赋能,创新驱动,前程似锦11.png
    ᠪᠠᠶᠢᠭᠠᠯᠢ ᠶᠢᠨ ᠦᠩᠭᠡᠭ ᠦᠵᠡᠮᠵᠢ ᠭᠤᠶᠤ ᠰᠠᠶᠢᠬᠠᠨ ᠣᠷᠴᠢᠨ ᠲᠣᠭᠤᠷᠢᠨ ᠨᠠᠮ ᠰᠡᠯᠡᠭᠦᠨ ᠪᠦᠭᠡᠳ ᠰᠦᠷᠯᠢᠭ ᠰᠠᠶᠢᠬᠠᠨ᠂ ᠪᠠᠶ᠋ᠬᠠᠤᠪᠤᠭ᠎ᠠ ᠶᠢᠨ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠡᠳᠦᠷ ᠢᠷᠡᠬᠦᠶ᠎ᠡ ᠬᠡᠪᠵᠢᠵᠦ᠂ ᠡᠳᠦᠷ ᠢᠷᠡᠬᠦᠶ᠎ᠡ ᠪᠣᠵᠠᠭᠠᠶᠢᠷᠠᠨ᠎ᠠ᠃ ᠡᠨᠡ ᠪᠣᠯ ᠨᠢᠭᠡᠨ ᠭᠤᠶᠤ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠵᠤ᠂ ᠤᠢ ᠮᠣᠳᠣ ᠬᠥᠬᠡᠷᠡᠨ ᠨᠣᠭᠤᠭᠠᠷᠠᠵᠤ᠂ ᠬᠤᠸᠠᠷ ᠴᠡᠴᠡᠭ ᠮᠢᠷᠠᠯᠵᠠᠨ ᠳᠡᠯᠭᠡᠷᠡᠨ᠎ᠡ︔ ᠡᠨᠡ ᠪᠣᠯ ᠨᠢᠭᠡᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠵᠤ᠂ ᠬᠤᠪᠣᠷ ᠰᠢᠷᠣᠢ ᠠᠳᠢᠰᠳᠢᠳᠯᠠᠵᠤ᠂ 5G ᠬᠦᠴᠦᠨ ᠨᠡᠮᠡᠷᠢᠯᠡᠨ᠎ᠡ︔ ᠡᠨᠡ ᠪᠣᠯ ᠨᠢᠭᠡᠨ ᠴᠢᠨᠠᠷ ᠰᠠᠶᠢᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠵᠤ᠂ ᠨᠡᠷᠡᠳᠦ ᠠᠵᠤ ᠠᠬᠤᠶᠢᠯᠠᠯ ᠰᠦᠨᠳᠡᠷᠯᠡᠵᠦ᠂ ᠰᠣᠳᠣᠨ ᠪᠦᠲᠦᠭᠡᠯ ᠴᠤᠭᠯᠠᠷᠠᠨ᠎ᠠ︔ ᠡᠨᠡ ᠪᠣᠯ ᠨᠢᠭᠡᠨ ᠴᠢᠨᠠᠷ ᠰᠠᠶᠢᠲᠠᠢ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠵᠤ᠂ ᠦᠢᠯᠡᠳᠪᠦᠷᠢᠯᠡᠯ ᠤᠨ ᠴᠢᠳᠠᠪᠤᠷᠢ ᠡᠯᠪᠡᠭ ᠳᠡᠯᠪᠡᠭ᠂ ᠬᠤᠪᠢ ᠨᠡᠮᠡᠷᠢ ᠭᠠᠷᠮᠠᠭᠠᠢ ᠶᠤᠮ᠃ ᠭᠠᠵᠠᠷ ᠣᠷᠣᠨ ᠤ ᠡᠬᠢ ᠪᠠᠶᠠᠯᠢᠭ ᠤᠨ ᠳᠠᠪᠠᠭᠤᠯᠢᠭ ᠵᠢᠴᠢ ᠠᠵᠤ ᠦᠢᠯᠡᠳᠪᠦᠷᠢ ᠶᠢᠨ ᠬᠥᠭᠵᠢᠯᠲᠡ ᠶᠢᠨ ᠰᠠᠭᠤᠷᠢ ᠳᠤ ᠪᠠᠨ ᠰᠠᠭᠤᠷᠢᠯᠠᠵᠤ᠂ ᠠᠵᠤ ᠦᠢᠯᠡᠰ ᠤᠨ ᠬᠦᠷᠢᠶᠡᠯᠡᠩ ︽ᠬᠤᠶᠠᠷ ᠬᠤᠪᠣᠷ ᠰᠢᠷᠣᠢ ᠶᠢᠨ ᠰᠠᠭᠤᠷᠢᠨ ᠭᠠᠵᠠᠷ︾ ᠤᠨ ᠪᠦᠲᠦᠭᠡᠨ ᠪᠠᠶᠢᠭᠤᠯᠬᠤ ᠡᠭᠦᠷᠭᠡ ᠶᠢ ᠢᠳᠡᠪᠬᠢᠲᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ ᠤᠨ ᠨᠡᠷᠡᠲᠦ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠷ ᠲᠦᠰᠢᠭ ᠪᠣᠯᠭᠠᠨ᠂ ᠬᠤᠪᠣᠷ ᠰᠢᠷᠣᠢ ᠶᠢᠨ ᠠᠵᠤ ᠦᠢᠯᠡᠰ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠲᠡᠭᠦᠯᠳᠡᠷᠵᠢᠭᠦᠯᠬᠦ ᠪᠠ ᠥᠷᠭᠡᠳᠬᠡᠬᠦ ᠶᠢ ᠴᠢᠩᠭᠠᠳᠬᠠᠨ᠂ ᠤᠯᠤᠰ ᠤᠨ ᠳᠣᠲᠤᠭᠠᠳᠤ ᠪᠠ ᠣᠯᠠᠨ ᠤᠯᠤᠰ ᠲᠤ ᠥᠷᠢᠰᠦᠯᠳᠦᠬᠦ ᠬᠦᠴᠦᠨ ᠲᠠᠢ ᠬᠤᠪᠣᠷ ᠰᠢᠷᠣᠢ ᠶᠢᠨ ᠠᠵᠤ ᠦᠢᠯᠡᠰ ᠤᠨ ᠰᠦᠷᠦᠭᠵᠢᠯ ᠢ ᠴᠢᠷᠮᠠᠶᠢᠨ ᠪᠠᠶᠢᠭᠤᠯᠤᠨ᠎ᠠ᠃ ᠣᠳᠣᠬᠠᠨ ᠳᠤ᠂ ᠨᠢᠩᠪᠦ᠋ᠸᠧ ᠶᠢᠨ ᠺᠧ ᠺᠧ᠂ ᠰᠦᠵᠧᠦ ᠶᠢᠨ ᠰᠢᠩ ᠪᠥᠸᠧ ᠬᠥᠳᠡᠯᠭᠡᠬᠦ ᠬᠦᠴᠦᠨ᠂ ᠪᠤᠭᠤᠲᠤ ᠶᠢᠨ ᠬᠤᠸᠠᠨ ᠢᠦᠶ ᠵᠡᠷᠭᠡ ᠠᠵᠤ ᠠᠬᠤᠶᠢᠯᠠᠯ ᠨᠢᠭᠡᠨᠲᠡ 5000 ᠲᠣᠨ ᠬᠤᠪᠣᠷ ᠰᠢᠷᠣᠶ ᠶᠢᠨ ᠲᠡᠮᠦᠷᠯᠢᠭ᠂ 6000 ᠲᠣᠨ ᠬᠤᠪᠣᠷ ᠰᠢᠷᠣᠶ ᠶᠢᠨ ᠡᠭᠦᠰᠭᠡᠭᠴᠢ᠂ 1 ᠳ᠋ᠦᠩᠰᠢᠭᠤᠷ ᠬᠤᠪᠢ ᠡᠯᠧᠺᠲᠷᠣᠨ ᠲᠣᠨᠣᠭᠯᠠᠭᠠᠰᠤ᠂ 2 ᠲᠦᠮᠡᠨ ᠲᠣᠨ ᠬᠤᠪᠣᠷ ᠰᠢᠷᠣᠶ ᠶᠢᠨ ᠰᠺᠠᠨᠳ᠋ ᠤᠨ ᠬᠦᠩᠭᠡᠨᠴᠠᠭᠠᠨ ᠤ ᠬᠠᠶᠢᠯᠤᠰᠢ ᠵᠡᠷᠭᠡ ᠠᠵᠤ ᠦᠢᠯᠡᠰ ᠤᠨ ᠬᠡᠪᠴᠢᠶᠡᠵᠢᠯ ᠢ ᠪᠠᠶᠢᠷᠢᠰᠢᠭᠤᠯᠪᠠ᠃ ᠥᠪᠥᠷ ᠮᠣᠩᠭᠤᠯ ᠤᠨ ᠬᠤᠩ ᠱᠸᠡᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠪᠠᠶ᠋ᠬᠠᠤᠪᠤᠭ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠡᠭᠡᠭᠦᠯᠦᠨ ᠬᠤᠷᠢᠶᠠᠵᠤ ᠠᠰᠢᠭᠯᠠᠬᠤ ᠵᠢᠴᠢ ᠲᠤᠷᠰᠢᠯᠲᠠ ᠶᠢᠨ ᠰᠤᠳᠤᠯᠭᠠᠨ ᠪᠣᠯᠤᠨ ᠠᠵᠤ ᠦᠢᠯᠡᠳᠪᠦᠷᠢ ᠶᠢᠨ ᠬᠡᠷᠡᠭᠯᠡᠭᠡᠨ ᠤ ᠲᠦᠷᠦᠯ ᠵᠦᠢᠯ᠂ ᠾᠧᠩ ᠱᠧᠩ ᠶᠤᠸᠠᠨ ᠯᠢᠨ ︵ᠪᠤᠭᠤᠲᠤ︶ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠢᠯ ᠳᠤ 1500 ᠲᠣᠨ ᠳᠡᠭᠡᠳᠦ ᠴᠢᠳᠠᠪᠬᠢᠲᠤ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠡᠭᠦᠰᠭᠡᠭᠴᠢ ᠪᠣᠯᠤᠨ ᠮᠠᠰᠢᠨ ᠪᠣᠯᠪᠠᠰᠤᠷᠠᠭᠤᠯᠬᠤ 3000 ᠲᠣᠨ ᠬᠤᠪᠣᠷ ᠰᠢᠷᠣᠢ ᠶᠢᠨ ᠲᠣᠭᠲᠠᠮᠠᠯ ᠰᠣᠷᠢᠨᠵᠢᠨ ᠲᠣᠨᠤᠭ ᠤᠨ ᠲᠦᠷᠦᠯ ᠵᠦᠢᠯ ᠵᠡᠷᠭᠡ ᠶᠠᠭ ᠲᠦᠷᠭᠡᠳᠬᠡᠨ ᠪᠠᠶᠢᠭᠤᠯᠤᠭᠳᠠᠵᠤ ᠪᠠᠶᠢᠨ᠎ᠠ᠃
白云鄂博:稀土赋能,创新驱动,前程似锦22.png
    ᠪᠤᠭᠤᠲᠤ ᠶᠢᠨ ᠬᠤᠸᠠᠨ ᠢᠦᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠣᠷᠣᠬᠤ ᠳᠤ᠂ ᠥᠷᠭᠡᠨ ᠠᠭᠤᠳᠠᠮ ᠦᠢᠯᠡᠳᠪᠦᠷᠢ ᠶᠢᠨ ᠭᠡᠷ᠂ ᠴᠣ ᠰᠢᠨ᠎ᠡ ᠮᠠᠰᠢᠨ ᠮᠧᠬᠠᠨᠢᠭ᠂ ᠭᠢᠯᠠᠭᠠᠷ ᠳᠡᠯᠭᠡᠨ ᠦᠵᠡᠭᠦᠯᠭᠡ ᠶᠢᠨ ᠬᠤᠷᠭᠤ᠂ ᠰᠢᠨ᠎ᠡ ᠰᠣᠷᠭᠤᠭ ᠦᠢᠯᠡᠳᠬᠦᠨ ᠁ ᠬᠠᠷᠠᠴᠠ ᠲᠤᠰᠬᠤ ᠭᠠᠵᠠᠷ ᠪᠣᠯᠭᠠᠨ᠂ ᠭᠦᠨ ᠵᠤᠵᠠᠭᠠᠨ ︽ᠬᠤᠪᠣᠷ ᠰᠢᠷᠤᠢ ᠶᠢᠨ ᠦᠨᠦᠷ︾᠂ ᠳᠦᠭᠦᠷᠡᠩ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠭᠢᠯᠠᠯᠵᠠᠭᠰᠠᠨ ︽ᠳᠠᠯᠳᠠ ᠬᠦᠴᠦᠨ︾ ᠬᠥᠮᠦᠰ ᠢ ᠬᠢᠵᠠᠭᠠᠷ ᠦᠭᠡᠢ ᠠᠯᠤᠰ ᠢ ᠪᠣᠳᠤᠭᠤᠯᠤᠨ᠎ᠠ᠃
白云鄂博:稀土赋能,创新驱动,前程似锦33.png
    ᠪᠤᠭᠤᠲᠤ ᠶᠢᠨ ᠬᠤᠸᠠᠨ ᠢᠦᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠣᠷᠣᠭᠤᠯᠤᠨ ᠠᠪᠴᠢᠷᠠᠭᠰᠠᠨ ᠠᠩᠬᠠᠳᠠᠭᠴᠢ ᠬᠤᠪᠣᠷ ᠰᠢᠷᠣᠢ ᠶᠢᠨ ᠬᠡᠷᠡᠭᠯᠡᠭᠡᠨ ᠤ ᠠᠵᠤ ᠠᠬᠤᠶᠢᠯᠠᠯ ᠪᠣᠯᠤᠨ᠎ᠠ᠂ ᠲᠡᠭᠦᠨ ᠤ ᠬᠤᠪᠣᠷ ᠰᠢᠷᠣᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠣᠬᠢᠷᠲᠤᠯ ᠦᠭᠡᠢ ᠥᠨᠳᠥᠷ ᠪᠦᠲᠦᠮᠵᠢᠲᠡᠢ ᠡᠷᠬᠢᠯᠳᠡᠳᠦ ᠠᠰᠢᠭᠯᠠᠯᠲᠠ ᠶᠢᠨ ᠲᠦᠷᠦᠯ ᠵᠦᠢᠯ ᠨᠢ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢᠨ ᠬᠤᠭᠤᠰᠣᠨ ᠢ ᠨᠥᠬᠦᠪᠥᠷᠢᠯᠡᠵᠦ᠂ ᠬᠤᠪᠣᠷ ᠰᠢᠷᠣᠢ ᠠᠴᠠ ᠠᠭᠤᠷᠬᠠᠢ ᠮᠠᠯᠲᠠᠬᠤ᠂ ᠠᠭᠤᠷᠬᠠᠢ ᠶᠢ ᠰᠣᠩᠭᠤᠬᠤ ᠠᠴᠠ ᠳᠤᠤᠷᠠᠳᠤ ᠤᠷᠤᠰᠬᠠᠯ ᠤᠨ ᠲᠡᠮᠦᠷᠯᠢᠭ᠂ ᠰᠣᠷᠢᠨᠵᠢᠨ ᠮᠠᠲ᠋ᠧᠷᠢᠶᠠᠯ᠂ ᠡᠯᠧᠺᠳ᠋ᠷᠣᠨ ᠲᠤᠨᠤᠭ ᠵᠡᠷᠭᠡ ᠪᠦᠬᠦ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ ᠪᠠ ᠦᠢᠯᠡᠳᠬᠦᠨ ᠤ ᠨᠡᠮᠡᠯᠲᠡ ᠦᠷᠳᠡᠭ ᠢ ᠲᠦᠢᠯ ᠤᠨ ᠶᠡᠭᠡ ᠪᠠᠷ ᠳᠡᠭᠡᠭᠰᠢᠯᠡᠭᠦᠯᠪᠡ᠃ ︽ᠠᠮᠵᠢᠯᠲᠠ ᠲᠠᠢ ᠪᠠᠷ ᠪᠠᠶ᠋ᠬᠠᠣᠪᠤᠭ᠎ᠠ ᠳᠤ ᠰᠠᠭᠤᠷᠢᠰᠢᠭᠰᠠᠨ ᠤ ᠳᠠᠷᠠᠭ᠎ᠠ᠂ ᠪᠢᠳᠡ ᠲᠣᠰ ᠪᠡᠶ᠎ᠡ ᠶᠢᠨ ᠢᠶᠠᠨ ᠬᠥᠭᠵᠢᠯᠲᠡ ᠪᠠᠨ ᠴᠢᠬᠤᠯᠠᠴᠢᠯᠠᠭᠰᠠᠨ ᠢᠶᠠᠷ ᠪᠠᠷᠠᠬᠤ ᠥᠬᠡᠶ᠂ ᠪᠠᠰᠠ ᠬᠥᠭᠵᠢᠯᠲᠡ ᠶᠢᠨ ᠶᠠᠪᠤᠴᠠ ᠳᠤ ᠪᠠᠯᠠ ᠨᠡᠶᠢᠯᠡᠭᠦᠯᠵᠦ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ ᠺᠧ ᠺᠧ ︵ᠪᠤᠭᠤᠲᠤ︶ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢ ᠣᠷᠣᠭᠤᠯᠤᠨ ᠠᠪᠴᠢᠷᠠᠵᠤ᠂ ᠡᠭᠦᠨ ᠯᠦᠭᠡ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠢ ᠢᠵᠢ ᠪᠥᠷᠢᠳᠦᠭᠦᠯᠵᠦ᠂ ᠪᠠᠶ᠋ᠬᠠᠣᠪᠤᠭ᠎ᠠ ᠶᠢᠨ ᠲᠣᠭᠲᠠᠮᠠᠯ ᠰᠣᠷᠢᠨᠵᠢᠨ ᠪᠥᠬᠦ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠪᠡ︾ ᠭᠡᠵᠦ ᠪᠣᠭᠤᠲᠤ ᠶᠢᠨ ᠬᠤᠸᠠᠨ ᠢᠦᠢ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠵᠣ᠋ ᠢᠦᠢ ᠫᠧᠩ ᠬᠡᠯᠡᠪᠡ᠃
白云鄂博:稀土赋能,创新驱动,前程似锦44.png
    ᠡᠭᠦᠨ ᠤ ᠬᠠᠮᠲᠤ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠢᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠦᠮᠦᠵᠦᠭᠦᠯᠦᠨ ᠬᠤᠷᠠᠮᠳᠤᠭᠤᠯᠬᠤ ᠵᠡᠷᠭᠡ ᠲᠠᠯ᠎ᠠ ᠪᠠᠷ ᠬᠠᠭᠤᠴᠢᠨ ᠪᠠᠶᠢᠭᠤᠯᠤᠮᠵᠢ ᠲᠣᠭᠲᠠᠴᠠ ᠶᠢᠨ ᠬᠠᠯᠬᠠᠪᠴᠢ ᠶᠢ ᠡᠪᠳᠡᠵᠦ᠂ ᠵᠣᠷᠢᠭᠲᠠᠢ ᠪᠠᠷ ᠦᠭᠡᠷᠡᠴᠢᠯᠡᠵᠦ᠂ ᠰᠢᠨ᠎ᠡ ᠶᠢ ᠡᠭᠦᠳᠬᠦ ᠪᠠᠷ ᠴᠢᠷᠮᠠᠶᠢᠵᠤ᠂ ᠦᠷᠭᠦᠯᠵᠢᠯᠡᠨ ᠬᠦᠴᠦᠯᠡᠵᠦ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ ᠪᠤᠭᠤᠲᠤ ᠬᠤᠲᠠ ᠶᠢᠨ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠭᠤᠷᠴᠤᠭ ᠭᠠᠵᠠᠷ ᠢ ᠪᠠᠶᠢᠭᠤᠯᠵᠤ᠂ ︽ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠬᠢᠭᠡᠳ ᠠᠵᠤ ᠦᠢᠯᠡᠰ ᠤᠨ ᠬᠡᠷᠡᠭᠯᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠢ ᠪᠠᠶᠢᠭᠤᠯᠵᠤ᠂ ᠬᠦᠴᠦᠨ ᠣᠯᠭᠤᠵᠤ ᠬᠥᠭᠵᠢᠪᠡ᠃ ᠬᠤᠩ ᠱᠸᠡᠨ ᠰᠤᠳᠤᠯᠤᠨ ᠨᠡᠭᠡᠭᠡᠬᠦ ᠲᠥᠪ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠨᠡᠭᠡᠭᠡᠬᠦ ᠲᠥᠪ ᠪᠣᠯᠭᠠᠨ ᠂ ᠬᠤᠪᠣᠷ ᠰᠢᠷᠣᠶ ᠶᠢᠨ ᠯᠢᠨ ᠹᠧᠩ ᠲᠥᠪ ᠢ ᠬᠤᠲᠠ ᠶᠢᠨ ᠲᠠᠰ ᠤᠨ ᠰᠤᠳᠤᠯᠤᠨ ᠨᠡᠭᠡᠭᠡᠬᠦ ᠲᠥᠪ ᠪᠣᠯᠭᠠᠵᠤ ᠠᠮᠵᠢᠯᠲᠠ ᠲᠠᠢ ᠪᠤᠶᠢᠵᠢᠭᠤᠯᠵᠤ᠂ ᠬᠤᠸᠠᠨ ᠢᠦᠶ ᠪᠠ ᠮᠧᠩ ᠺᠠᠯᠢ ᠶᠢᠨ ᠰᠤᠳᠤᠯᠤᠨ ᠨᠡᠭᠡᠭᠡᠬᠦ ᠲᠥᠪ ᠢ ᠶᠠᠭ ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠬᠤᠲᠠ ᠶᠢᠨ ᠲᠠᠰ ᠤᠨ ᠰᠤᠳᠤᠯᠤᠨ ᠨᠡᠭᠡᠭᠡᠬᠦ ᠲᠥᠪ ᠪᠣᠯᠭᠠᠨ ᠬᠦᠭᠵᠢᠭᠦᠯᠵᠦ ᠪᠠᠶᠢᠨ᠎ᠠ ᠃ ᠪᠤᠭᠤᠲᠤ · ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠣᠭᠤᠷᠴᠤᠭ ᠭᠠᠵᠠᠷ᠂ ᠪᠠᠶ᠋ᠬᠠᠣᠪᠤᠭ᠎ᠠ · ᠴᠢᠩᠳᠣᠤ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠢ ᠥᠨᠳᠥᠷ ᠪᠠᠷᠢᠮᠵᠢᠶ᠎ᠠ ᠪᠠᠷ ᠪᠥᠲᠥᠭᠡᠨ ᠪᠠᠶᠢᠭᠤᠯᠵᠤ᠂ ᠪᠡᠭᠡᠵᠢᠩ ᠵᠢᠴᠢ ᠴᠢᠩᠳᠣᠤ ᠶᠢᠨ ᠳᠠᠪᠠᠭᠤᠯᠢᠭ ᠡᠬᠢ ᠪᠠᠶᠠᠯᠢᠭ ᠢ ᠠᠰᠢᠭᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠳᠠᠯᠳᠤᠭᠠᠴᠢᠨ ᠤᠷᠢᠬᠤ ᠠᠵᠢᠯ ᠢ ᠥᠷᠨᠢᠭᠦᠯᠵᠦ᠂ ᠨᠠᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠢᠯᠢ ᠶᠢᠨ ᠭᠠᠳᠠᠨ᠎ᠠ ᠰᠤᠳᠤᠯᠤᠨ ᠨᠡᠭᠡᠭᠡᠵᠦ᠂ ᠪᠠᠶ᠋ᠬᠠᠣᠪᠤᠭ᠎ᠠ ᠳᠤ ᠤᠯᠠᠷᠢᠭᠤᠯᠬᠤ ᠶᠢ ᠠᠬᠢᠭᠤᠯᠤᠨ᠎ᠠ᠃    ᠴᠢᠬᠤᠯᠠ ᠶᠡᠭᠡ ᠲᠦᠷᠦᠯ ᠵᠦᠢᠯ ᠨᠢᠭᠡᠪᠦᠷᠢ ᠶᠢᠨ ᠨᠠᠶᠢᠳᠠᠪᠤᠷᠢᠵᠢᠯᠲᠠ᠂ ᠰᠢᠨ᠎ᠡ ᠶᠢ ᠡᠭᠦᠳᠬᠦ ᠲᠠᠪᠴᠠᠩ ᠨᠢᠭᠡᠪᠦᠷᠢ ᠶᠢᠨ ᠪᠠᠶᠢᠭᠤᠯᠤᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠨᠢᠭᠡᠪᠦᠷᠢ ᠶᠢᠨ ᠦᠷ᠎ᠡ ᠪᠦᠲᠦᠭᠡᠯ ᠤᠨ ᠤᠯᠠᠷᠢᠭᠤᠯᠤᠯᠲᠠ ᠨᠢ ᠪᠦᠷ ᠪᠠᠶ᠋ᠬᠠᠣᠪᠤᠭ᠎ᠠ ᠶᠢᠨ ᠡᠳᠦᠷ ᠢᠷᠡᠬᠦᠶ᠎ᠡ ᠲᠡᠷᠢᠭᠦᠨ ᠤ ᠪᠤᠯᠵᠤ ᠪᠠᠶᠢᠭ᠎ᠠ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠳᠤ ᠲᠦᠰᠢᠭᠯᠡᠨ᠎ᠡ᠃ ᠣᠶᠢᠷ᠎ᠠ ᠶᠢᠨ ᠵᠢᠯ ᠤᠳ ᠲᠤ᠂ ᠪᠠᠶ᠋ᠬᠠᠣᠪᠤᠭ᠎ᠠ ᠠᠵᠤ ᠠᠬᠤᠶᠢᠯᠠᠯ ᠤᠨ ᠪᠡᠯᠡ ᠣᠷᠣᠭᠤᠯᠤᠯᠲᠠ ᠬᠠᠮᠤᠭ ᠤᠨ ᠳᠥᠭᠦᠮ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠮᠤᠭ ᠤᠨ ᠥᠨᠳᠥᠷ ᠪᠦᠲᠦᠮᠵᠢᠲᠡᠢ᠂ ᠠᠵᠤ ᠦᠢᠯᠡᠰ ᠤᠨ ᠠᠮᠢ ᠠᠬᠤᠢ ᠬᠠᠮᠤᠭ ᠤᠨ ᠲᠡᠭᠦᠯᠳᠡᠷ᠂ ᠬᠠᠤᠯᠢ ᠪᠠᠷ ᠵᠠᠰᠠᠬᠤ ᠪᠠᠲᠤᠯᠠᠭ᠎ᠠ ᠬᠠᠮᠤᠭ ᠤᠨ ᠬᠦᠴᠦᠲᠡᠢ᠂ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠬᠠᠮᠤᠭ ᠤᠨ ᠪᠦᠷᠢᠨ ᠲᠡᠭᠦᠯᠳᠡᠷ ︽ᠲᠠᠪᠤᠨ ᠬᠠᠮᠤᠭ︾ ᠤᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠪᠦᠬᠦ ᠬᠦᠴᠦᠨ ᠢᠶᠠᠷ ᠢᠶᠠᠨ ᠴᠣᠭᠴᠠᠯᠠᠵᠤ᠂ ︽ᠪᠠᠶ᠋ᠬᠠᠣᠪᠤᠭ᠎ᠠ ᠶᠢᠨ ᠬᠤᠷᠳᠤᠴᠠ︾ ᠶᠢ ᠢᠯᠡᠷᠡᠭᠦᠯᠵᠦ᠂ ︽ᠪᠠᠶ᠋ᠬᠠᠣᠪᠤᠭ᠎ᠠ ᠶᠢᠨ ᠲᠤᠯᠠᠭᠠᠴᠠ︾ ᠶᠢ ᠪᠡᠶᠡᠴᠢᠯᠡᠨ ᠣᠶᠢᠯᠠᠭᠠᠵᠤ᠂ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠪᠦᠬᠦ ᠲᠠᠯ᠎ᠠ ᠶᠢᠨ ᠰᠢᠯᠢᠳᠡᠭ ᠦᠢᠯᠡᠴᠢᠯᠡᠭᠡ ᠬᠠᠩᠭᠠᠵᠤ᠂ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ᠂ ᠪᠦᠲᠦᠭᠡᠯᠴᠢ ᠬᠦᠴᠦᠨ ᠪᠣᠯᠣᠨ ᠦᠷᠢᠰᠦᠯᠳᠦᠬᠦ ᠬᠦᠴᠦᠨ ᠢ ᠨᠡᠩ ᠶᠡᠭᠡ ᠡᠷᠴᠢᠮ ᠢᠶᠠᠷ ᠬᠥᠭᠵᠢᠭᠡᠵᠦ᠂ ᠪᠦᠬᠦ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃    ︽ᠳᠡᠭᠡᠷ᠎ᠡ ᠬᠠᠭᠠᠰ ᠵᠢᠯ ᠳᠤ᠂ ᠪᠦᠬᠦ ᠲᠣᠭᠤᠷᠢᠭ ᠤᠨ ᠳᠡᠭᠡᠳᠦ ᠳᠣᠣᠷᠠᠳᠤ ᠱᠠᠲᠤᠨ ᠤ ᠬᠠᠮᠲᠤ ᠶᠢᠨ ᠴᠢᠷᠮᠠᠶᠢᠯᠭ᠎ᠠ ᠳᠣᠣᠷ᠎ᠠ᠂ ᠪᠠᠶ᠋ᠬᠠᠤᠪᠤᠭ᠎ᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠵᠡᠷᠭᠡ ᠤᠯᠠᠨ ᠵᠦᠢᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠪᠦᠬᠦ ᠬᠤᠳᠠ᠂ ᠪᠦᠬᠦ ᠥᠪᠡᠷᠲᠡᠭᠡᠨ ᠵᠠᠰᠠᠬᠤ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠲᠡᠮᠡᠴᠡᠯ ᠢᠶᠠᠷ ᠲᠡᠦᠬᠡ ᠶᠢ ᠡᠭᠦᠳᠦᠨ ᠪᠦᠲᠦᠭᠡᠵᠦ᠂ ᠪᠣᠳᠠᠲᠠᠢ ᠠᠵᠢᠯᠯᠠᠭ᠎ᠠ ᠪᠠᠷ ᠢᠷᠡᠭᠡᠳᠦᠢ ᠶᠢ ᠴᠣᠭᠴᠠᠯᠠᠨ᠎ᠠ᠃ ᠪᠢᠳᠡ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠲᠡᠷᠢᠭᠦᠨ ᠤ ᠬᠢ ᠶᠢ ᠲᠡᠮᠡᠴᠡᠨ ᠣᠯᠬᠤ ᠰᠥᠰᠥ ᠵᠣᠷᠢᠭ᠂ ᠡᠷᠡᠯᠬᠡᠭᠯᠡᠨ ᠤᠷᠤᠭᠰᠢᠯᠠᠬᠤ ᠣᠮᠤᠭ ᠵᠣᠷᠢᠭ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠰᠥᠰᠥ ᠵᠣᠷᠢᠭ᠂ ᠵᠠᠮ ᠨᠡᠭᠡᠭᠡᠨ ᠤᠷᠤᠭᠰᠢᠯᠠᠬᠤ ᠣᠮᠤᠭ ᠰᠦᠷ ᠢ ᠦᠷᠭᠦᠯᠵᠢᠯᠡᠨ ᠪᠠᠲᠤᠯᠠᠵᠤ᠂ ᠴᠠᠭ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠵᠦ᠂ ᠥᠭᠡᠷᠡᠴᠢᠯᠡᠯᠲᠡ ᠨᠡᠭᠡᠭᠡᠯᠲᠡ ᠶᠢᠨ ᠶᠡᠭᠡ ᠤᠷᠤᠰᠬᠠᠯ ᠳᠤᠮᠳᠠ ᠰᠠᠯᠬᠢ ᠳᠠᠪᠠᠯᠭᠠᠨ ᠢ ᠵᠦᠰᠦᠨ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︾ ᠭᠡᠵᠦ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠰᠦ ᠱᠠᠨ ᠬᠡᠯᠡᠪᠡ᠃ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ