ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠢ ᠭᠦᠨᠵᠡᠭᠡᠶ ᠲᠦᠯᠬᠢᠨ ᠠᠬᠢᠭᠤᠯᠵᠤ᠂ ᠠᠷᠠᠳ ᠤᠨ ᠡᠶᠡᠳᠡᠭᠦᠯᠦᠭᠴᠢ᠂ ︽ᠬᠠᠤᠯᠢ ᠴᠠᠭᠠᠵᠠ ᠶᠢᠨ | ᠮᠡᠷᠭᠡᠨ ᠬᠥᠮᠦᠨ︾ ᠤ ᠲᠤᠬᠠᠶᠢᠯᠠᠭᠰᠠᠨ ᠠᠵᠢᠯ ᠤᠨ ᠮᠡᠳᠡᠯᠭᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠨᠳᠦᠰᠦᠨ ᠱᠠᠲᠤᠨ ᠤ ᠬᠠᠤᠯᠢ ᠪᠠᠷ ᠵᠠᠰᠠᠬᠤ ᠴᠢᠳᠠᠪᠤᠷᠢ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 12 ᠤᠨ ᠡᠳᠦᠷ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ | ᠰᠢᠩ ᠭᠤᠸᠠᠩ ᠨᠡᠶᠢᠭᠡᠮ ᠲᠣᠭᠤᠷᠢᠭ ᠤᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠠᠷᠠᠳ ᠤᠨ ᠡᠶᠡᠳᠡᠭᠦᠯᠦᠭᠴᠢ ᠵᠢᠴᠢ ︽ᠬᠠᠤᠯᠢ ᠴᠠᠭᠠᠵᠠ ᠶᠢᠨ ᠮᠡᠷᠭᠡᠨ ᠬᠥᠮᠦᠨ︾ | ᠤ ᠪᠣᠯᠪᠠᠰᠤᠷᠠᠯ ᠤᠨ ᠠᠩᠭᠢ ᠡᠷᠭᠢᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ᠂ ᠥᠪᠥᠷ ᠮᠣᠩᠭᠤᠯ ᠤᠨ ᠴᠧᠩ ᠢᠦᠶ ᠬᠠᠤᠯᠢᠴᠢ ᠶᠢᠨ | ᠬᠡᠷᠡᠭ ᠡᠷᠬᠢᠯᠡᠬᠦ ᠭᠠᠵᠠᠷ ᠤᠨ ᠬᠠᠤᠯᠢᠴᠢ ᠰᠦ᠋ ᠵᠢᠩ ᠢ ᠤᠷᠢᠵᠤ ᠲᠤᠬᠠᠶ ᠶᠢᠨ ᠲᠠᠯᠠᠪᠠᠶ ᠳᠤ ᠬᠢᠴᠢᠶᠡᠯ ᠣᠷᠣᠭᠤᠯᠵᠤ᠂ ᠪᠥᠬᠦ ᠲᠣᠭᠤᠷᠢᠭ ᠤᠨ 20 ᠭᠠᠷᠤᠶ ᠠᠷᠠᠳ ᠤᠨ | ᠡᠶᠡᠳᠡᠭᠦᠯᠦᠭᠴᠢ᠂ ︽ᠬᠠᠤᠯᠢ ᠴᠠᠭᠠᠵᠠ ᠶᠢᠨ ᠮᠡᠷᠭᠡᠨ ᠬᠥᠮᠦᠨ︾ ᠪᠣᠯᠪᠠᠰᠤᠷᠠᠯ ᠳᠤ ᠣᠷᠤᠯᠴᠠᠪᠠ᠃ | | | | | | ᠪᠣᠯᠪᠠᠰᠤᠷᠠᠯ ᠤᠨ ᠬᠤᠷᠠᠯ ᠳᠡᠭᠡᠷ᠎ᠡ᠂ ᠰᠦ᠋ ᠵᠢᠩ ᠬᠠᠤᠯᠢᠴᠢ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠡᠶᠡᠳᠡᠭᠦᠯᠭᠡ ᠶᠢᠨ ᠬᠠᠤᠯᠢ︾ ᠵᠡᠷᠭᠡ ᠣᠯᠠᠨ | ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠠᠤᠯᠢ ᠴᠠᠭᠠᠵᠠ ᠶᠢᠨ ᠮᠡᠳᠡᠯᠭᠡ ᠤᠨ ᠲᠣᠭᠤᠷᠢᠨ ᠳᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ | ᠲᠤᠬᠠᠶ ᠶᠢᠨ ᠲᠠᠯᠠᠪᠠᠶ ᠳᠤ ᠬᠢᠴᠢᠶᠡᠯᠯᠡᠬᠦ + ᠬᠡᠷᠡᠭ ᠤᠨ ᠵᠢᠱᠢᠶ᠎ᠡ ᠶᠢ ᠵᠠᠳᠠᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠠᠩᠬᠠᠷᠴᠤ ᠪᠠᠶᠢᠭ᠎ᠠ ᠬᠥᠳᠡᠯᠮᠦᠷᠢ ᠶᠢᠨ | ᠮᠠᠷᠭᠤᠯᠳᠤᠭᠠᠨ᠂ ᠬᠥᠷᠰᠢ ᠵᠡᠷᠭᠡᠯᠡᠳᠡᠭᠡ ᠵᠢᠭᠤᠷᠠᠯᠳᠤᠭᠠᠨ᠂ ᠤᠷᠤᠭ ᠭᠡᠷ ᠪᠦᠯᠢ ᠵᠡᠷᠭᠡ ᠬᠠᠤᠯᠢ ᠴᠠᠭᠠᠵᠠ ᠶᠢᠨ ᠠᠰᠠᠭᠤᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ | ᠲᠠᠶᠢᠯᠪᠤᠷᠢᠯᠠᠬᠤ ᠶᠢᠨ ᠬᠠᠮᠲᠤ᠂ ᠪᠠᠰᠠ ᠪᠠᠶᠢᠩᠭᠤ ᠲᠣᠬᠢᠶᠠᠯᠳᠤᠬᠤ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠦᠶ᠎ᠡ ᠳᠤ ᠠᠪᠬᠤ ᠶᠣᠰᠣᠲᠠᠶ ᠤᠷ᠎ᠠ ᠮᠡᠷᠭᠡᠵᠢᠯ᠂ ᠠᠩᠬᠠᠷᠬᠤ | ᠵᠦᠢᠯ ᠵᠢᠴᠢ ᠬᠠᠤᠯᠢ ᠴᠠᠭᠠᠵᠠ ᠶᠢ ᠬᠡᠷᠡᠭᠯᠡᠬᠦ ᠵᠠᠷᠴᠢᠮ ᠢ ᠰᠢᠰᠲ᠋ᠧᠮ ᠲᠠᠢ ᠲᠠᠶᠢᠯᠪᠤᠷᠢᠯᠠᠵᠤ᠂ ᠪᠣᠯᠪᠠᠰᠤᠷᠠᠯ ᠳᠤ ᠣᠷᠣᠯᠴᠠᠭᠰᠠᠳ ᠢ ᠬᠠᠪᠰᠤᠷᠤᠨ ᠬᠠᠤᠯᠢ ᠪᠠᠷ ᠵᠠᠰᠠᠬᠤ ᠤᠬᠠᠮᠰᠠᠷ ᠢ | ᠪᠠᠲᠤ ᠪᠣᠶ ᠪᠣᠯᠭᠠᠪᠠ᠃ | | | | | | ᠪᠣᠯᠪᠠᠰᠤᠷᠠᠯ ᠳᠤ ᠣᠷᠣᠯᠴᠠᠭᠰᠠᠳ᠂ ᠬᠤᠶᠢᠰᠢᠳᠠ ᠶᠢᠨ ᠠᠵᠢᠯ ᠤᠨ ᠳᠤᠮᠳᠠ ᠪᠠᠨ ᠰᠤᠷᠤᠭᠰᠠᠨ ᠢᠶᠠᠨ ᠬᠡᠷᠡᠭᠯᠡᠵᠦ᠂ ᠰᠣᠷᠣᠭᠰᠠᠨ ᠵᠦᠢᠯ ᠢᠶᠠᠨ ᠵᠥᠷᠢᠴᠡᠯ ᠵᠢᠭᠤᠷᠠᠯᠳᠤᠭᠠᠨ ᠢ | ᠠᠷᠢᠯᠭᠠᠬᠤ ᠠᠵᠢᠯ ᠤᠨ ᠳᠤᠮᠳᠠ ᠬᠡᠷᠡᠭᠯᠡᠵᠦ᠂ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠴᠠᠭ ᠲᠤᠬᠠᠢ ᠳᠤᠨᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢᠨ ᠬᠠᠮᠲᠤ | ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠨ ᠤ ᠡᠷᠬᠡ ᠠᠰᠢᠭ ᠢ ᠨᠢ ᠬᠠᠮᠠᠭᠠᠯᠠᠭᠤᠯᠤᠨ᠎ᠠ ᠭᠡᠵᠦ ᠢᠯᠡᠳᠬᠡᠵᠡᠭᠡᠪᠡ᠃ | ᠳᠠᠷᠠᠭᠠᠴᠢ ᠶᠢᠨ ᠠᠯᠬᠤᠮ ᠳᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠪᠠ ᠵᠣᠯ | ᠵᠢᠷᠭᠠᠯᠲᠤ ᠰᠡᠳᠬᠢᠯᠭᠡ ᠪᠠᠷ ᠬᠠᠷᠠᠯᠲᠠ ᠪᠣᠯᠭᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾ ᠤᠨ ︽ᠨᠡᠪᠲᠡᠷᠬᠡᠶ ᠲᠣᠯᠢ︾ | ᠶᠢᠨ ᠴᠢᠳᠠᠮᠵᠢ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠠᠷᠠᠳ ᠤᠨ ᠡᠶᠡᠳᠡᠭᠦᠯᠦᠭᠴᠢ ᠪᠠ ︽ᠬᠠᠤᠯᠢ ᠴᠠᠭᠠᠵᠠ ᠶᠢᠨ ᠮᠡᠷᠭᠡᠨ ᠬᠥᠮᠦᠨ︾ ᠤ ᠪᠣᠯᠪᠠᠰᠤᠷᠠᠯ ᠢ | ᠪᠠᠶᠢᠩᠭᠤᠵᠢᠭᠤᠯᠤᠨ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠠᠷᠢᠯᠭᠠᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ | ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠬᠠᠮᠠᠭᠠᠯᠠᠬᠤ ︽ᠨᠢᠭᠡᠳᠦᠭᠡᠷ ᠰᠡᠷᠭᠡᠶᠢᠯᠡᠯᠲᠡ ᠶᠢᠨ ᠱᠤᠭᠤᠮ︾ ᠢ ᠦᠨᠡᠨ ᠬᠦ ᠪᠠᠲᠤ ᠴᠣᠭᠴᠠᠯᠠᠵᠤ᠂ ᠠᠮᠤᠷ ᠠᠮᠤᠭᠤᠯᠠᠩ | ᠪᠠᠶ᠋ᠬᠠᠣᠪᠤᠭ᠎ᠠ᠂ ᠬᠠᠤᠯᠢ ᠪᠠᠷ ᠵᠠᠰᠠᠬᠤ ᠪᠠᠶ᠋ᠬᠠᠣᠪᠤᠭ᠎ᠠ ᠶᠢᠨ ᠪᠥᠲᠥᠭᠡᠨ ᠪᠠᠶᠢᠭᠤᠯᠤᠯᠲᠠ ᠳᠤ ᠬᠤᠪᠢ ᠨᠡᠮᠡᠷᠢ ᠪᠠᠨ ᠦᠵᠡᠭᠦᠯᠦᠨ᠎ᠡ᠃ | |