ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠢᠯ ᠲᠥᠷᠥᠯ ᠤᠨ ᠬᠦᠷᠢᠶᠡᠨ ᠤ ᠲᠤᠰᠬᠠᠶ ᠮᠡᠷᠭᠡᠵᠢᠯᠲᠡᠨ ᠢ ᠤᠷᠢᠵᠤ ᠪᠤᠭᠤᠲᠤ ᠬᠤᠲᠠ ᠶᠢᠨ ᠶᠢᠨ ᠪᠦᠦ ᠱᠦᠨ ᠬᠡᠶ ᠪᠡᠶᠡᠲᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/9/25
    9 ᠳ᠋ᠦ᠋ᠭᠡᠷ ᠰᠠᠷ᠎ᠠ ᠶᠢᠨ 24 ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠳᠠᠷᠤᠭ᠎ᠠ ᠼᠦᠢ ᠸᠧᠶ ᠪᠦᠯᠬᠦᠮ ᠳᠠᠭᠠᠭᠤᠯᠤᠨ᠂ ᠠᠵᠢᠯ ᠲᠥᠷᠥᠯ ᠤᠨ ᠬᠦᠷᠢᠶᠡᠨ ᠤ ᠲᠤᠰᠬᠠᠶ ᠮᠡᠷᠭᠡᠵᠢᠯᠲᠡᠨ ᠢ ᠤᠷᠢᠵᠤ ᠪᠤᠭᠤᠲᠤ ᠬᠤᠲᠠ ᠶᠢᠨ ᠶᠢᠨ ᠪᠦᠦ ᠱᠦᠨ ᠬᠡᠶ ᠪᠡᠶᠡᠲᠦ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠠᠮᠤᠷ ᠲᠦᠪᠰᠢᠨ ᠤ ᠠᠶᠤᠯ ᠲᠦᠭᠰᠢᠭᠦᠷᠢ ᠶᠢ ᠦᠨᠡᠯᠡᠨ ᠵᠢᠱᠢᠬᠦ ᠠᠵᠢᠯ ᠥᠷᠨᠢᠭᠦᠯᠪᠡ ᠃
白云鄂博矿区应急管理局聘请行业领域专家对包头市锦宝顺气体有限责任公司开展安全风险评估11.png
    ᠲᠤᠬᠠᠶ ᠶᠢᠨ ᠲᠠᠯᠠᠪᠤᠷ ᠲᠤ ᠪᠠᠶᠢᠴᠠᠭᠠᠬᠤ᠂ ᠯᠠᠪᠯᠠᠨ ᠠᠰᠠᠭᠤᠵᠤ ᠰᠣᠯᠢᠯᠴᠠᠬᠤ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯᠲᠠᠳ ᠭᠤᠤᠯᠳᠠᠭᠤ ᠠᠵᠤ ᠠᠬᠤᠶᠢᠯᠠᠯ ᠤᠨ ᠠᠶᠣᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ᠂ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠠᠯ ᠳᠤ ᠨᠡᠶᠢᠴᠡᠬᠦ ᠴᠢᠨᠠᠷᠲᠠᠶ ᠬᠠᠮᠢᠶᠠᠷᠤᠯᠲᠠ᠂ ᠠᠮᠤᠷ ᠲᠦᠪᠰᠢᠨ ᠤ ᠬᠥᠮᠦᠵᠢᠯ᠂ ᠪᠣᠯᠪᠠᠰᠤᠷᠠᠯ ᠪᠠ ᠴᠢᠳᠠᠪᠤᠷᠢ ᠶᠢᠨ ᠪᠠᠶᠢᠭᠤᠯᠤᠯᠲᠠ᠂ ᠲᠦᠭᠰᠢᠭᠦᠷᠢ ᠶᠢᠨ ᠬᠠᠮᠢᠶᠠᠷᠤᠯᠲᠠ᠂ ᠠᠮᠤᠷ ᠲᠦᠪᠰᠢᠨ ᠤ ᠠᠵᠢᠯᠯᠠᠭ᠎ᠠ᠂ ᠠᠵᠢᠯ ᠤᠨ ᠵᠥᠪᠰᠢᠶᠡᠷᠡᠯ᠂ ᠳᠠᠭᠠᠭᠠᠴᠢᠯᠠᠭᠰᠠᠨ ᠬᠤᠳᠠᠯᠳᠤᠭᠠᠴᠢᠨ ᠤ ᠠᠮᠤᠷ ᠲᠦᠪᠰᠢᠨ ᠤ ᠬᠠᠮᠢᠶᠠᠷᠤᠯᠲᠠ᠂ ᠬᠠᠮᠢᠶᠠᠷᠤᠯᠲᠠ ᠪᠠᠨ ᠬᠤᠪᠢᠷᠠᠭᠤᠯᠬᠤ᠂ ᠭᠤᠤᠯ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠳᠠᠭᠠᠳᠬᠠᠯ ᠢ ᠭᠠᠷᠭᠠᠨ ᠠᠪᠤᠭᠰᠠᠨ ᠪᠠᠶᠢᠳᠠᠯ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠪᠣᠯᠬᠤ ᠠᠵᠢᠯ ᠵᠡᠷᠭᠡ ᠶᠢᠨ ᠲᠣᠭᠤᠷᠢᠨ ᠳᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠥᠷᠨᠢᠭᠦᠯᠪᠡ᠃
白云鄂博矿区应急管理局聘请行业领域专家对包头市锦宝顺气体有限责任公司开展安全风险评估22.png
    ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠠᠵᠤ ᠠᠬᠤᠶᠢᠯᠠᠯ ᠢ ᠲᠤᠰᠬᠠᠶ ᠮᠡᠷᠭᠡᠵᠢᠯᠲᠡᠨ ᠤ ᠦᠨᠡᠯᠡᠨ ᠵᠢᠱᠢᠵᠦ ᠬᠠᠷᠢᠭᠤ ᠲᠤᠰᠬᠠᠭᠰᠠᠨ ᠠᠰᠠᠭᠤᠳᠠᠯ ᠶᠣᠰᠣᠭᠠᠷ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠲᠠᠯᠪᠢᠵᠤ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ ᠃ ᠡᠭᠦᠨ ᠤ ᠬᠠᠮᠲᠤ ᠲᠣᠰ ᠤᠳᠠᠭᠠᠨ ᠤ ᠠᠮᠤᠷ ᠲᠦᠪᠰᠢᠨ ᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢᠶᠠᠷ ᠠᠵᠠ ᠲᠣᠬᠢᠶᠠᠯ ᠪᠣᠯᠭᠠᠵᠤ᠂ ᠠᠶᠤᠯᠲᠠᠶ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠨ ᠳᠠᠬᠢ ᠣᠶᠢᠷ᠎ᠠ ᠶᠢᠨ ᠬᠤᠭᠤᠴᠠᠭᠠᠨ ᠤ ᠡᠯ᠎ᠡ ᠵᠦᠢᠯ ᠤᠨ ᠭᠤᠤᠯᠳᠠᠯᠭ᠎ᠠ ᠪᠣᠯᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠠᠵᠤ ᠠᠬᠤᠶᠢᠯᠠᠯ ᠤᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠡᠷᠡᠰ ᠰᠡᠷᠭᠡᠶᠢᠯᠡᠨ ᠬᠤᠷᠢᠭᠯᠠᠪᠠ᠃
白云鄂博矿区应急管理局聘请行业领域专家对包头市锦宝顺气体有限责任公司开展安全风险评估33.png
 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ