ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ 2024 ᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/9/6
    ᠶᠡᠷᠦᠩᠬᠡᠶ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠪᠠ ᠥᠪᠥᠷ ᠮᠣᠩᠭᠤᠯ ᠳᠤ ᠲᠠᠯᠪᠢᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ 9 ᠳ᠋ᠦ᠋ᠭᠡᠷ ᠰᠠᠷ᠎ᠠ ᠶᠢᠨ 6 ᠤ ᠡᠳᠦᠷ ᠤᠨ ᠦᠳᠡ ᠶᠢᠨ ᠡᠮᠦᠨ᠎ᠡ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ︽ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠯᠢᠭᠡᠷ ᠢ ᠰᠠᠶᠢᠲᠤᠷ ᠶᠠᠷᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠴᠣᠭᠴᠠᠯᠠᠶ᠎ᠠ︾ ᠭᠡᠬᠦ ᠭᠤᠣᠯ ᠰᠡᠳᠦᠪ ᠢᠶᠠᠷ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠳᠤ ᠪᠦᠬᠦ ᠲᠣᠭᠤᠷᠢᠭ ᠤᠨ 41 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠢ ᠡᠷᠬᠢᠯᠡᠪᠡ᠃
白云矿区2024年民族团结进步活动月正式启动.jpg
    ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠢᠯᠢᠭᠲᠦ ᠬᠤᠷᠠᠯ ᠡᠷᠭᠢᠯᠡᠵᠦ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠮᠦᠩᠬᠡᠪᠠᠭᠠᠲᠤᠷ ᠳᠠᠶᠢᠴᠢᠯᠠᠯᠲᠠ ᠶᠢᠨ ᠶᠠᠷᠢᠶ᠎ᠠ ᠲᠠᠯᠪᠢᠪᠠ᠃ ᠮᠦᠩᠬᠡᠪᠠᠭᠠᠲᠤᠷ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠪᠣᠯ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ᠂ ᠨᠢᠭᠡ ᠵᠦᠢᠯ ᠤᠨ ᠪᠥᠬᠦ ᠠᠷᠠᠳ ᠢᠶᠠᠷ ᠢᠶᠠᠨ ᠣᠷᠣᠯᠴᠠᠭᠰᠠᠨ ᠨᠡᠶᠢᠭᠡᠮ ᠤᠨ ᠰᠢᠰᠲ᠋ᠧᠮᠲᠦ ᠢᠨᠵᠧᠨᠧᠷᠢᠩ ᠮᠥᠨ᠂ ᠪᠥᠬᠦ ᠲᠣᠭᠤᠷᠢᠭ ᠢᠶᠠᠷ ᠢᠶᠠᠨ ᠠᠵᠢᠯᠯᠠᠭ᠎ᠠ ᠶᠢᠨ ᠰᠠᠷ᠎ᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠠᠷᠭ᠎ᠠ ᠬᠡᠯᠪᠡᠷᠢ ᠪᠠᠨ ᠰᠢᠨᠡᠴᠢᠯᠡᠵᠦ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶ ᠪᠥᠭᠡᠳ ᠤᠳᠠᠭᠠᠨ ᠳᠠᠭᠠᠭᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠨᠡᠶᠢᠭᠡᠮ ᠳᠤ ᠡᠯ᠎ᠡ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠡᠮᠡᠴᠡᠬᠦ᠂ ᠬᠠᠮᠲᠤ ᠪᠠᠷ ᠴᠡᠴᠡᠭᠯᠡᠨ ᠬᠥᠭᠵᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠨᠡᠨ ᠬᠦ ᠪᠠᠬᠢᠵᠢᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠭᠡᠪᠡ᠃
白云矿区2024年民族团结进步活动月正式启动2.jpg
    ᠬᠤᠲᠠ ᠶᠢᠨ ᠠᠷᠠᠳ ᠤᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠡᠷᠬᠢᠯᠡᠭᠴᠢ ᠯᠢ ᠭᠤᠸᠠᠩ ᠯᠧ᠂ ᠬᠤᠲᠠ ᠶᠢᠨ ᠠᠷᠠᠳ ᠤᠨ ᠵᠥᠪᠯᠡᠯ ᠤᠨ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠪᠠ ᠬᠠᠮᠲᠤ ᠪᠠᠷ ᠬᠥᠭᠵᠢᠭᠦᠯᠬᠦ ᠰᠠᠯᠠᠭᠠᠨ ᠤ ᠳᠠᠷᠤᠭ᠎ᠠ ᠹᠦ᠋ ᠰᠧᠨ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠦ᠋ ᡁᠢ ᠬᠤᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠦᠸᠧ ᠡᠾᠦ᠋ᠢ ᠸᠧᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠵᠡᠪᠰᠡᠭᠲᠦ ᠬᠦᠴᠦᠨ ᠤ ᠬᠡᠯᠲᠡᠰ ᠤᠨ ᠤᠯᠤᠰ ᠲᠦᠷᠥ ᠶᠢᠨ ᠭᠡᠰᠢᠭᠦᠨ ᠪᠣᠣ ᠰᠢᠶᠠᠨ ᠺᠦᠨ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠶᠦᠩ ᠫᠢᠩ᠂ ᠲᠣᠭᠤᠷᠢᠭ ᠤᠨ ᠵᠡᠪᠰᠡᠩᠲᠦ ᠬᠦᠴᠦᠨ ᠤ ᠬᠡᠯᠲᠡᠰ ᠤᠨ ᠲᠠᠷᠤᠭ᠎ᠠ ᠱᠢ ᠬᠠᠢ ᠱᠧᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠲᠠᠨ ᠰᠢᠤᠸᠠᠢ ᠸᠧᠨ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠰᠢᠤᠸᠠᠢ ᠭᠠᠩ᠂ ᠪᠠᠶ᠋ᠬᠠᠣᠪᠤᠭ᠎ᠠ ᠲᠡᠮᠦᠷ ᠤᠨ ᠠᠭᠤᠷᠬᠠᠶ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠵᠢᠯᠴᠢᠨ ᠤ ᠡᠪᠯᠡᠯ ᠤᠨ ᠲᠡᠷᠢᠭᠦᠯᠡᠭᠴᠢ ᠰᠦᠨ ᠸᠧᠨ ᠪᠢᠶᠤᠤ᠂ ᠪᠠᠷᠠᠭᠤᠨ ᠬᠤᠪᠢᠶᠠᠷᠢ ᠺᠣᠮᠫᠠᠨᠢ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠯᠢ ᠵᠢᠶᠦ᠋ᠨ ᠹᠠᠩ ᠠᠵᠢᠯᠯᠠᠭ᠎ᠠ ᠳᠤ ᠣᠷᠣᠯᠴᠠᠵᠠᠶ᠃ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ 41 ᠳ᠋ᠦ᠋ᠭᠡᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠳᠠᠷᠤᠪᠴᠢ ᠶᠢ ᠳᠠᠷᠤᠪᠠ᠂ ᠡᠨᠡ ᠨᠢ ᠨᠢᠭᠡ ᠰᠠᠷ᠎ᠠ ᠶᠢᠨ ᠬᠤᠭᠤᠴᠠᠭ᠎ᠠ ᠲᠠᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠰᠢᠷᠢᠰ ᠠᠵᠢᠯᠯᠠᠭ᠎ᠠ ᠡᠬᠢᠯᠡᠭᠰᠡᠨ ᠢ ᠬᠠᠷᠠᠭᠤᠯᠵᠤ ᠪᠠᠶᠢᠨ᠎ᠠ᠃
白云矿区2024年民族团结进步活动月正式启动3.jpg
    ᠬᠠᠮᠤᠭ ᠰᠡᠭᠦᠯ ᠳᠤ᠂ ᠪᠦᠬᠦ ᠬᠥᠮᠦᠰ ᠦᠨᠳᠦᠰᠦᠲᠡᠨ ᠤ ᠪᠦᠯᠬᠦᠮᠳᠡᠯ ᠤᠨ ᠤᠷᠠᠨ ᠰᠠᠶᠢᠬᠠᠨ ᠤ ᠲᠣᠭᠯᠠᠯᠲᠠ ᠰᠣᠨᠢᠷᠬᠠᠪᠠ᠃ ᠤᠷᠠᠨ ᠰᠠᠶᠢᠬᠠᠨ ᠤ ᠲᠣᠭᠯᠠᠯᠲᠠ ᠨᠢ ᠠᠵᠢᠯᠯᠠᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠠᠵᠢᠯᠯᠠᠭ᠎ᠠ ᠪᠠᠷ ᠠᠷᠤ ᠦᠵᠡᠭᠳᠡᠯ ᠪᠣᠯᠭᠠᠭᠰᠠᠨ ᠲᠠᠶᠢᠰᠠᠨ ᠵᠦᠴᠦᠭᠡ ︽ᠴᠠᠰᠤᠨ ᠰᠢᠭᠤᠷᠭ᠎ᠠ ᠬᠠᠶᠢᠷ᠎ᠠ ᠰᠡᠳᠭᠢᠯᠭᠡ︾᠂ ᠭᠤᠷᠪᠠᠨ ᠮᠢᠩᠭᠠᠨ ᠦᠨᠦᠴᠢᠨ ᠬᠡᠦᠬᠡᠳ ᠦᠪᠦᠷ ᠮᠣᠩᠭᠤᠯ ᠳᠤ ᠢᠷᠡᠭᠰᠡᠨ ᠢᠶᠠᠷ ᠭᠤᠣᠯ ᠰᠡᠳᠦᠪ ᠪᠣᠯᠭᠠᠭᠰᠠᠨ ᠤᠶᠠᠩᠭ᠎ᠠ ᠰᠢᠯᠦᠭ ︽ᠤᠯᠤᠰ ᠤᠨ ᠬᠡᠦᠬᠡᠳ︾᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠲᠡᠦᠬᠡ ᠶᠢᠨ ᠰᠠᠶᠢᠬᠠᠨ ᠶᠠᠷᠢᠶ᠎ᠠ ᠪᠠᠷ ᠭᠤᠣᠯ ᠬᠦᠭ ᠠᠶᠠᠰ ᠪᠣᠯᠭᠠᠭᠰᠠᠨ ᠨᠠᠶᠢᠷᠠᠯ ᠳᠠᠭᠤᠤ ︽ᠮᠢᠨᠦ ᠰᠡᠳᠬᠢᠯ ᠳᠠᠬᠢ ᠪᠤᠭᠤᠲᠤ ᠶᠢᠨ ᠪᠤᠯᠤᠳ ᠲᠡᠮᠤᠷ︾ ᠵᠢᠴᠢ ᠪᠥᠵᠢᠭ ︽ᠪᠠᠶ᠋ᠬᠠᠣᠪᠤᠭ᠎ᠠ ᠲᠠᠨ ᠢ ᠪᠠᠶᠠᠷᠯᠠᠨ ᠤᠭᠲᠤᠶ᠎ᠠ︾ ᠵᠡᠷᠭᠡ 7 ᠭᠤᠶᠢᠳᠠ ᠰᠠᠶᠢᠬᠠᠨ ᠲᠣᠭᠯᠠᠯᠲᠠ ᠨᠢ ᠦᠵᠡᠭᠴᠢᠳ ᠲᠤ ᠨᠢᠭᠡ ᠤᠳᠠᠭᠠᠨ ᠤ ᠡᠯᠪᠡᠭ ᠪᠠᠶᠠᠯᠢᠭ ᠵᠣᠷᠢᠭ ᠰᠠᠨᠠᠭᠠᠨ ᠤ ᠦᠪᠡᠳᠡᠭᠰᠢ ᠨᠠᠶᠢᠷ ᠢ ᠳᠡᠯᠭᠡᠨ ᠦᠵᠡᠭᠦᠯᠵᠦ᠂ ᠦᠨᠳᠦᠰᠦᠲᠡᠨ ᠤ ᠪᠦᠯᠬᠦᠮᠳᠡᠯ ᠤᠨ ᠭᠤᠶᠢᠳᠠ ᠰᠠᠶᠢᠬᠠᠨ ᠬᠠᠭᠤᠳᠠᠰᠤ ᠶᠢ ᠬᠠᠮᠲᠤᠪᠠᠷ ᠵᠢᠷᠤᠭᠯᠠᠪᠠ᠃    ᠬᠤᠪᠣᠷ ᠰᠢᠷᠤᠢ ᠶᠢᠨ ᠨᠤᠲᠤᠭ ᠥᠩᠭᠡ ᠦᠵᠡᠮᠵᠢ ᠭᠤᠶᠣ᠂ ᠠᠨᠠᠷ ᠤᠨ ᠴᠡᠴᠡᠭ ᠨᠢ ᠥᠪᠡᠷᠮᠢᠴᠡ ᠤᠯᠠᠭᠠᠨ᠃ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠨᠢ ᠭᠠᠵᠠᠷ ᠣᠷᠣᠨ ᠤ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠲᠡᠦᠬᠡ ᠰᠣᠶᠣᠯ ᠤᠨ ᠰᠠᠭᠤᠷᠢ ᠳᠤ ᠪᠠᠨ ᠰᠠᠭᠤᠷᠢᠯᠠᠵᠤ᠂ ᠲᠡᠰ ᠳᠠᠪᠬᠤᠷᠭ᠎ᠠ᠂ ᠬᠦᠷᠢᠶ᠎ᠡ ᠬᠡᠪᠴᠢᠶ᠎ᠡ᠂ ᠭᠤᠣᠯᠳᠠᠯᠭ᠎ᠠ ᠲᠠᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠵᠦ᠂ ᠡᠯ᠎ᠡ ᠦᠨᠳᠦᠰᠦᠲᠡᠨ ᠨᠦᠭᠦᠳ ᠤᠨ ᠬᠠᠮᠲᠤᠪᠠᠷ ᠰᠠᠭᠤᠷᠢᠰᠢᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠡᠶ᠎ᠡ ᠵᠣᠬᠢᠴᠠᠩᠭᠤᠢ ᠪᠠᠶᠢᠳᠠᠯ ᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ ᠠᠬᠢᠭᠤᠯᠵᠤ᠂ ᠪᠤᠭᠤᠲᠤ ᠬᠤᠳᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠦᠷᠭᠦᠯᠵᠢᠯᠡᠨ ᠡᠮᠦᠨ᠎ᠡ ᠡᠩᠨᠡᠭᠡᠨ ᠳᠤ ᠶᠠᠪᠤᠵᠤ᠂ ᠦᠯᠢᠭᠡᠷ ᠳᠠᠭᠤᠷᠢᠶᠠᠯ ᠪᠣᠯᠬᠤ ᠳᠤ ᠪᠠᠶ᠋ᠬᠠᠣᠪᠤᠭ᠎ᠠ ᠶᠢᠨ ᠬᠦᠴᠦᠨ ᠴᠢᠳᠠᠯ ᠢᠶᠠᠨ ᠨᠡᠮᠡᠷᠢᠯᠡᠪᠡ᠃    ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠲᠠᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠤᠬᠠᠭᠤᠯᠭ᠎ᠠ ᠶᠢᠨ ᠭᠠᠷ ᠳᠡᠪᠲᠡᠷ ᠪᠠ ᠭᠠᠷ ᠪᠣᠭᠴᠣ 500 ᠭᠠᠷᠤᠶ ᠬᠤᠪᠢ ᠲᠠᠷᠬᠠᠭᠠᠪᠠ᠃ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ