8 ᠳ᠋ᠤᠭᠠᠷ ᠰᠠᠷ᠎ᠠ ᠶᠢᠨ 29 ᠤ ᠡᠳᠦᠷ ᠪᠠ 30 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠠ ᠬᠤᠷᠠᠯ ᠤᠨ ᠵᠣᠷᠢᠭ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠠᠵᠢᠯ ᠲᠦᠷᠦᠯ ᠰᠢᠰᠲ᠋ᠧᠮ ᠨᠢᠭᠡᠴᠢ ᠬᠤᠪᠢᠶᠠᠷᠢᠴᠢᠯᠠᠭᠰᠠᠨ ᠤᠬᠠᠭᠤᠯᠤᠨ ᠲᠠᠶᠢᠯᠪᠤᠷᠢᠯᠠᠬᠤ ᠠᠵᠢᠯ ᠦᠷᠭᠦᠯᠵᠢᠯᠡᠨ ᠶᠠᠪᠤᠭᠳᠠᠪᠠ᠃ | ᠤᠮᠠᠷᠠᠲᠤ ᠬᠢᠯᠢ ᠶᠢᠨ ᠵᠠᠯᠠᠭᠤᠴᠤᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ | ᠲᠦᠩᠯᠢᠶᠣᠣ ᠬᠤᠳᠠ ᠪᠣᠯᠤᠨ ᠤᠷᠳᠤᠰ ᠬᠤᠳᠠ ᠳᠤ ᠭᠦᠨᠵᠡᠭᠡᠶᠢᠷᠡᠨ ᠤᠬᠠᠭᠤᠯᠤᠨ ᠲᠠᠶᠢᠯᠪᠤᠷᠢᠯᠠᠵᠤ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠥᠷᠭᠡᠨ ᠤᠯᠠᠨ ᠺᠠᠳ᠋ᠷ ᠤᠯᠠᠨ | ᠲᠦᠮᠡᠨ ᠤ ᠳᠡᠷᠭᠡᠳᠡ ᠬᠦᠷᠭᠡᠪᠡ᠃ | 8 ᠳ᠋ᠤᠭᠠᠷ ᠰᠠᠷ᠎ᠠ ᠶᠢᠨ 29 ᠤ ᠦᠳᠡ ᠶᠢᠨ ᠡᠮᠦᠨ᠎ᠡ᠂ ᠲᠦᠩᠯᠢᠶᠣᠣ ᠬᠤᠲᠠ ᠶᠢᠨ ᠵᠠᠰᠠᠭ ᠵᠠᠬᠢᠷᠭᠠᠨ ᠤ ᠲᠥᠪ ᠲᠤ ᠤᠮᠠᠷᠠᠲᠤ ᠬᠢᠯᠢ ᠶᠢᠨ ᠵᠠᠯᠠᠭᠤᠴᠤᠳ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠲᠦᠩᠯᠢᠶᠣᠣ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠨᠠᠮ ᠤᠨ ᠪᠠᠶᠢᠭᠤᠯᠤᠯᠲᠠ ᠶᠢᠨ ᠵᠢᠭᠠᠬᠤ ᠶᠢ | ᠰᠤᠳᠤᠯᠬᠤ ᠲᠠᠰᠤᠭ ᠤᠨ ᠡᠷᠬᠢᠯᠡᠭᠴᠢ ᠶᠠᠩ ᠯᠢ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ | ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠭᠯᠡᠯ ᠵᠠᠷᠴᠢᠮ ᠢ ᠭᠦᠨᠵᠡᠭᠡᠶ ᠣᠶᠢᠯᠠᠭᠠᠬᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠠᠷᠭ᠎ᠠ ᠵᠠᠮ | ᠠᠷᠭ᠎ᠠ ᠬᠡᠮᠵᠢᠶ᠎ᠡ ᠶᠢ ᠣᠨᠣᠪᠴᠢᠲᠠᠶ ᠣᠶᠢᠯᠠᠭᠠᠬᠤ ᠵᠡᠷᠭᠡ 3 ᠲᠠᠯ᠎ᠠ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠤᠬᠠᠭᠤᠯᠤᠨ ᠲᠠᠶᠢᠯᠪᠤᠷᠢᠯᠠᠪᠠ᠃ | 8 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ᠲᠦᠩᠯᠢᠶᠣᠣ ᠬᠤᠲᠠ ᠶᠢᠨ ᠬᠤᠤᠯᠢᠩᠭᠤᠤᠯ ᠬᠤᠲᠠ ᠳᠤ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠭᠡᠰᠢᠭᠦᠨ᠂ ᠳᠡᠳ᠋ ᠲᠡᠷᠢᠭᠦᠯᠡᠭᠴᠢ ᠭᠦᠸᠧ ᠵᠢᠩ ᠯᠢ ᠬᠤᠤᠯᠢᠩᠭᠤᠤᠯ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ᠂ ᠲᠡᠷᠢᠭᠦᠨ ᠤ ᠨᠡᠶᠢᠲᠡᠯᠢᠭ ᠵᠢᠱᠢᠶᠡᠴᠢ᠂ ᠡᠮᠡᠭᠲᠡᠶ | ᠰᠠᠶᠢᠨ ᠲᠤᠷᠠᠴᠤᠳ ᠵᠡᠷᠭᠡ ᠡᠮᠡᠭᠲᠡᠶᠢᠴᠦᠳ ᠤᠨ ᠲᠥᠯᠥᠭᠡᠯᠡᠭᠴᠢᠳ ᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ | ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃ ᠤᠬᠠᠭᠤᠯᠤᠨ ᠲᠠᠶᠢᠯᠪᠤᠷᠢᠯᠠᠬᠤ ᠬᠤᠷᠠᠯ ᠤᠨ ᠠᠬᠤᠢ ᠲᠠᠯᠠᠪᠠᠢ ᠬᠦᠷ ᠬᠥᠭᠵᠢᠶᠡᠨ ᠢᠶᠠᠷ ᠪᠢᠯᠬᠠᠵᠤ᠂ ᠭᠦᠸᠧ ᠵᠢᠩ ᠯᠢ ︽ | ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠳᠤᠮᠳᠠᠳᠤ ᠤᠯᠤᠰ ᠤᠨ ᠮᠠᠶ᠋ᠢᠬ ᠤᠨ ᠣᠳᠣᠬᠢᠴᠢᠯᠠᠯᠲᠠ ᠶᠢ ᠠᠬᠢᠭᠤᠯᠬᠤ ᠳᠤ ᠤᠮᠠᠷᠠᠲᠤ ᠬᠢᠯᠢ ᠶᠢᠨ | ᠡᠮᠡᠭᠲᠡᠶᠢᠴᠦᠳ ᠤᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠶ᠎ᠠ︾ ᠭᠡᠬᠦ ᠭᠤᠣᠯ ᠰᠡᠳᠦᠪ ᠢᠶᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠳᠤ ᠭᠦᠨᠵᠡᠭᠡᠢ ᠲᠠᠶᠢᠯᠤᠮᠵᠢ | ᠬᠢᠵᠦ᠂ ᠡᠮᠡᠭᠲᠡᠶᠢᠴᠦᠳ ᠤᠨ ᠦᠢᠯᠡᠰ ᠤᠨ ᠬᠥᠭᠵᠢᠯᠲᠡ ᠳᠤ ᠦᠵᠡᠭᠦᠯᠬᠦ ᠴᠢᠬᠤᠯᠠ ᠵᠢᠯᠣᠭᠤᠳᠬᠤ ᠠᠴᠢ ᠬᠤᠯᠪᠣᠭᠳᠠᠯ ᠢ ᠨᠢ ᠤᠯᠠᠨ ᠲᠠᠯ᠎ᠠ ᠪᠠᠷ ᠲᠣᠳᠣᠷᠬᠠᠶᠢᠯᠠᠨ ᠥᠭᠦᠯᠡᠵᠦ᠂ | ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ ᠡᠮᠡᠭᠲᠡᠶᠢᠴᠦᠳ ᠤᠨ ᠬᠤᠯᠪᠣᠭ᠎ᠠ ᠶᠢᠨ ᠵᠣᠬᠢᠶᠠᠨ ᠪᠠᠶᠢᠭᠤᠯᠤᠯᠲᠠ ᠨᠠᠮ ᠪᠣᠯᠤᠨ ᠤᠯᠤᠰ ᠤᠨ ᠭᠤᠣᠯ ᠠᠵᠢᠯ ᠤᠨ ᠲᠣᠭᠤᠷᠢᠨ ᠳᠤ | ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠥᠷᠭᠡᠨ ᠤᠯᠠᠨ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠪᠡᠶᠡᠯᠡᠭᠦᠯᠬᠦ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠶ᠎ᠠ ᠬᠡᠵᠤ ᠴᠢᠬᠤᠯᠠᠴᠢᠯᠠᠪᠠ᠃ | ᠤᠬᠠᠭᠤᠯᠤᠨ ᠲᠠᠶᠢᠯᠪᠤᠷᠢᠯᠠᠬᠤ ᠶᠢ ᠰᠣᠨᠣᠰᠤᠭᠰᠠᠨ ᠤ ᠳᠠᠷᠠᠭ᠋ᠠ᠂ ᠲᠦᠩᠯᠢᠶᠣᠣ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ᠂ ᠲᠡᠷᠢᠭᠦᠯᠡᠭᠴᠢ ᠪᠦ᠋ᠦ ᠸᠧᠨ ᠯᠠᠨ᠂ ᠪᠥᠬᠦ ᠬᠤᠲᠠ ᠶᠢᠨ ᠡᠯ᠎ᠡ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠺᠠᠳ᠋ᠷ᠂ ᠡᠮᠡᠭᠲᠡᠶᠢᠴᠦᠳ ᠤᠨ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠨᠡᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠤᠬᠠᠭᠤᠯᠬᠤ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠵᠤ᠂ ᠦᠨᠳᠦᠰᠦᠨ ᠱᠠᠲᠤᠨ ᠤ ᠣᠨᠣᠯ ᠤᠨ ᠤᠬᠠᠭᠤᠯᠤᠨ ᠲᠠᠶᠢᠯᠪᠤᠷᠢᠯᠠᠬᠤ ᠠᠵᠢᠯ ᠢ ᠠᠮᠢᠳᠤᠯᠢᠭ | ᠪᠥᠭᠡᠳ ᠬᠥᠭᠵᠢᠶᠡᠨ ᠲᠠᠢ ᠶᠠᠪᠤᠭᠳᠠᠭᠤᠯᠵᠤ᠂ ᠥᠷᠭᠡᠨ ᠣᠯᠠᠨ ᠡᠮᠡᠭᠲᠡᠶᠢᠴᠦᠳ ᠢ ᠳᠠᠶᠢᠴᠢᠯᠠᠨ ᠡᠯ᠎ᠡ ᠵᠦᠶᠯ ᠤᠨ ᠠᠵᠢᠯ ᠦᠶᠯᠡᠰ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠭᠤᠯᠵᠤ᠂ ᠲᠦᠩᠯᠢᠶᠣᠣ ᠬᠤᠲᠠ ᠶᠢᠨ ᠡᠮᠡᠭᠲᠡᠶᠢᠴᠦᠳ ᠬᠡᠦᠬᠡᠳ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ | ᠬᠡᠵᠦ ᠢᠯᠡᠷᠭᠡᠶᠢᠯᠡᠪᠡ᠃ | 8 ᠳ᠋ᠤᠭᠠᠷ ᠰᠠᠷ᠎ᠠ ᠶᠢᠨ 30 ᠤ ᠡᠳᠦᠷ᠂ ᠣᠷᠳᠣᠰ ᠬᠤᠲᠠ ᠶᠢᠨ ᠣᠲᠤᠭ ᠬᠤᠰᠢᠭᠤᠨ ᠤ ᠴᠢ ᠫᠠᠨ ᠵᠢᠩ ᠪᠠᠯᠭᠠᠰᠤᠨ ᠳᠠᠬᠢ ᠤᠬᠠᠭᠤᠯᠤᠨ ᠲᠠᠶᠢᠯᠪᠤᠷᠢᠯᠠᠬᠤ ᠲᠤᠬᠠᠶ ᠶᠢᠨ | ᠲᠠᠯᠠᠪᠠᠶ ᠳᠤ᠂ ᠤᠮᠠᠷᠠᠲᠤ ᠬᠢᠯᠢ ᠶᠢᠨ ᠡᠮᠡᠭᠲᠡᠶᠢᠴᠦᠳ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠳᠡᠳ᠋ ᠳᠠᠷᠤᠭ᠎ᠠ᠂ ᠦᠬᠠᠶ ᠬᠤᠲᠠ ᠶᠢᠨ ᠨᠠᠮ ᠤᠨ ᠬᠤᠷᠢᠶᠠᠨ ᠤ | ᠯᠧᠺᠲ᠋ᠣᠷ ᠤᠨ ᠪᠦᠯᠬᠦᠮ ᠤᠨ ᠳᠡᠳ᠋ ᠳᠠᠷᠤᠭ᠎ᠠ ᠵᠢᠶᠠᠩ ᠬᠦᠶ ᡁᠢ ︽ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠠᠴᠢ | ᠬᠤᠯᠪᠣᠭᠳᠠᠯ᠂ ᠶᠡᠷᠦᠩᠬᠡᠶ ᠬᠠᠷᠠᠯᠲᠠ᠂ ᠴᠢᠬᠤᠯᠠ ᠶᠡᠭᠡ ᠵᠠᠷᠴᠢᠮ᠂ ᠴᠢᠬᠤᠯᠠ ᠶᠡᠭᠡ ᠠᠷᠭ᠎ᠠ ᠬᠡᠮᠵᠢᠶ᠎ᠡ︾ ᠪᠣᠯᠤᠨ ︽ᠶᠡᠷᠦᠩᠬᠡᠶ ᠱᠦᠵᠢ ᠰᠢ ᠶᠢᠨ ᠫᠢᠩ ᠤᠨ ᠬᠡᠷ ᠪᠦᠯᠢ ᠶᠢᠨ | ᠬᠥᠮᠦᠵᠢᠯ ᠬᠡᠷ ᠤᠨ ᠰᠤᠷᠲᠠᠯ ᠤᠨ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠬᠤ︾ ᠲᠤᠭᠤᠷᠢᠨ ᠳᠤ᠂ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠪᠥᠭᠡᠳ | ᠣᠶᠢᠯᠠᠭᠠᠮᠵᠢᠲᠠᠶ ᠲᠠᠶᠢᠯᠪᠤᠷᠢᠯᠠᠬᠤ ᠶᠢᠨ ᠬᠠᠮᠲᠤ ᠬᠡᠷᠬᠢᠨ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠲᠤᠬᠠᠶ ᠣᠯᠠᠨ ᠲᠠᠢ ᠬᠠᠮᠳᠤ ᠰᠤᠳᠤᠯᠤᠨ ᠶᠠᠷᠢᠯᠴᠠᠵᠤ ᠰᠠᠨᠠᠯ ᠢᠶᠠᠨ | ᠰᠤᠯᠢᠯᠴᠠᠪᠠ᠃ ᠡᠮᠡᠭᠲᠡᠶᠢᠴᠦᠳ ᠬᠡᠦᠬᠡᠳ ᠤᠨ ᠡᠷᠬᠡ ᠠᠰᠢᠭ ᠢ ᠪᠠᠲᠤᠯᠠᠬᠤ᠂ ᠭᠡᠷ ᠪᠦᠯᠢ ᠶᠢᠨ ᠬᠥᠮᠦᠵᠢᠯ ᠭᠡᠷ ᠤᠨ ᠰᠤᠷᠲᠠᠯ ᠤᠨ ᠪᠠᠶᠢᠭᠤᠯᠤᠯᠲᠠ᠂ ᠡᠮᠡᠭᠲᠡᠶᠢᠴᠦᠳ ᠤᠨ ᠭᠠᠪᠢᠶ᠎ᠠ | ᠪᠠᠶᠢᠭᠤᠯᠵᠤ ᠦᠢᠯᠡᠰ ᠪᠤᠰᠬᠠᠬᠤ ᠵᠡᠷᠭᠡ ᠥᠷᠭᠡᠨ ᠤᠯᠠᠨ ᠡᠮᠡᠭᠲᠡᠶᠢᠴᠦᠳ ᠲᠠᠢ ᠨᠢᠭᠲᠠ ᠬᠤᠯᠪᠣᠭᠳᠠᠬᠤ ᠵᠣᠷᠢᠭ ᠰᠠᠨᠠᠭ᠎ᠠ ᠶᠢ ᠭᠤᠣᠯᠳᠠᠯᠭ᠋ᠠ ᠲᠠᠢ ᠤᠯᠠᠮᠵᠢᠯᠠᠵᠤ᠂ ᠨᠠᠮ ᠪᠣᠯᠤᠨ | ᠵᠠᠰᠠᠭ ᠤᠨ ᠣᠷᠳᠣᠨ ᠤ ᠡᠮᠡᠭᠲᠡᠶᠢᠴᠦᠳ ᠬᠡᠦᠬᠡᠳ ᠲᠤ ᠠᠰᠢᠭ ᠬᠦᠷᠲᠡᠭᠡᠬᠦ ︽ᠰᠠᠶᠢᠨ ᠳᠠᠭᠤᠨ︾᠂ ︽ᠰᠠᠶᠢᠨ ᠲᠦᠷᠦ ᠶᠢᠨ ᠪᠤᠳᠤᠯᠭ᠋᠎ᠠ︾ ᠶᠢ ᠴᠠᠭ ᠲᠤᠬᠠᠢ ᠳᠤᠨᠢ ᠦᠨᠳᠦᠰᠦᠨ | ᠱᠠᠲᠤᠨ ᠳᠤ ᠳᠠᠮᠵᠢᠭᠤᠯᠵᠤ᠂ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠨ ᠲᠦᠮᠡᠨ ᠤ ᠰᠡᠳᠭᠢᠯ ᠳᠤ ᠬᠠᠳᠠᠩᠰᠢᠭᠤᠯᠪᠠ᠃ | |