ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ 2024 ᠣᠨ ᠤ ᠳᠥᠷᠪᠡᠳᠦᠭᠡᠷ ᠤᠯᠠᠷᠢᠯ ᠤᠨ ᠵᠣᠭᠤᠰ ᠪᠠ ᠡᠳ᠋ ᠪᠣᠳᠠᠰ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠢᠯᠡ ᠨᠡᠶᠢᠲᠡᠯᠡᠯ
ᠨᠡᠶᠢᠲᠡᠯᠡᠭᠰᠡᠨ ᠴᠠᠭ᠄
2025/1/10
    ᠡᠳᠦᠭᠡ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ 2024 ᠣᠨ ᠤ ᠳᠥᠷᠪᠡᠳᠦᠭᠡᠷ ᠤᠯᠠᠷᠢᠯ ᠤᠨ ᠵᠣᠭᠤᠰ ᠪᠠ ᠡᠳ᠋ ᠪᠣᠳᠠᠰ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠲᠤᠰᠠᠯᠠᠮᠵᠢ ᠶᠢᠨ ᠮᠥᠩᠭᠦ ᠡᠳ᠋ ᠪᠣᠳᠠᠰ ᠢ 329827.6 ᠲᠥᠭᠦᠷᠢᠭ ᠬᠦᠯᠢᠶᠡᠨ ᠠᠪᠤᠪᠠ᠃ ᠡᠭᠦᠨ ᠳᠤ᠄    1. ︽ᠲᠦᠭᠡᠮᠡᠯ ᠬᠠᠶᠢᠷ᠎ᠠ ᠶᠢᠨ ᠨᠢᠭᠡ ᠡᠳᠦᠷ ᠤᠨ ᠬᠠᠨᠳᠢᠪᠯᠠᠯ︾ ᠪᠥᠬᠦ ᠵᠢᠯ ᠳᠤ ᠨᠡᠶᠢᠲᠡ 15 1950 ᠲᠥᠭᠦᠷᠢᠭ ᠬᠠᠨᠳᠢᠪᠯᠠᠪᠠ᠃    2. ᠬᠠᠨᠳᠤᠯᠭᠠᠲᠤ ᠬᠠᠨᠳᠢᠪ 10000 ᠲᠥᠭᠦᠷᠢᠭ᠃    ᠪᠠᠢ ᠶᠦᠨ ᠾᠧᠦ ᠳ᠋ᠣᠣ ᠡᠮ ᠤᠨ ᠳᠡᠯᠭᠡᠭᠦᠷ 99 ᠥᠪᠥᠷ ᠮᠣᠩᠭᠤᠯ ᠤᠨ AED ᠲᠥᠷᠥᠯ ᠵᠦᠢᠯ ᠳᠤ ᠬᠠᠨᠳᠤᠯᠭ᠎ᠠ ᠲᠠᠢ ᠪᠠᠷ 10000 ᠲᠥᠭᠦᠷᠢᠭ ᠬᠠᠨᠳᠢᠪᠯᠠᠪᠠ᠃    3. ᠬᠠᠨᠳᠢᠪᠯᠠᠭᠰᠠᠨ ᠡᠳ᠋ ᠪᠣᠳᠠᠰ ᠢ 164 500 ᠲᠥᠭᠦᠷᠢᠭ ᠬᠦᠯᠢᠶᠡᠨ ᠠᠪᠤᠪᠠ᠃    ᠰᠢᠶᠠᠮ ᠸᠨ ᠤ ᠸᠠᠨ ᠲᠠᠢ ᠼᠠᠩ ᠬᠠᠢ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠤᠣᠰ ᠦᠨ᠎ᠡ ᠶᠢᠨ ᠬᠠᠨᠳᠢᠪᠯᠠᠭᠰᠠᠨ 164500 ᠲᠥᠭᠦᠷᠢᠭ ᠤᠨ ᠦᠷᠲᠡᠭ ᠲᠠᠢ ᠬᠥᠮᠦᠨ ᠤ ᠬᠥᠬᠦᠨ ᠲᠣᠯᠣᠭᠠᠢ ᠶᠢᠨ ᠡᠪᠡᠳᠴᠢᠨ ᠤ ᠬᠤᠣᠷ ᠤᠨ ᠸᠠᠺᠼᠢᠨ ︵ᠰᠠᠪᠠ ᠶᠢᠨ ᠬᠦᠵᠦᠭᠦᠨ ᠤ ᠥᠮᠡᠨ ᠤ ᠸᠠᠺᠼᠢᠨ︶ 500 ᠶᠢ ᠬᠦᠯᠢᠶᠡᠨ ᠠᠪᠤᠪᠠ᠃    4. ᠳᠡᠭᠡᠳᠦ ᠱᠠᠲᠤᠨ ᠤ ᠵᠠᠷᠤᠳᠠᠯ ᠢ 3324.3 ᠲᠥᠭᠦᠷᠢᠭ ᠬᠦᠯᠢᠶᠡᠨ ᠠᠪᠤᠪᠠ᠃    ᠪᠤᠭᠤᠲᠤ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠭᠤᠸᠠᠩ ᠮᠢᠩ ᠠᠶᠠᠯᠠᠯ ᠤᠨ ᠬᠠᠷᠢᠭᠤ ᠰᠤᠷᠪᠤᠯᠵᠢᠯᠠᠬᠤ ᠵᠠᠷᠤᠳᠠᠯ 3324.3 ᠲᠥᠭᠦᠷᠢᠭ ᠪᠠᠶᠢᠵᠤ᠂ ᠪᠥᠬᠦ ᠲᠣᠭᠤᠷᠢᠭ ᠤᠨ ᠣᠷᠣᠯᠭ᠎ᠠ ᠪᠠᠭᠠᠲᠠᠶ ᠭᠡᠷ ᠪᠦᠯᠢ ᠶᠢᠨ ᠴᠠᠭᠠᠨ ᠬᠠᠷᠠᠩ ᠡᠪᠡᠳᠴᠢᠲᠡᠨ ᠢ ᠰᠢᠭᠰᠢᠨ ᠪᠠᠶᠢᠴᠠᠭᠠᠬᠤ ᠪᠠ ᠦᠨ᠎ᠡ ᠲᠥᠯᠥᠪᠦᠷᠢ ᠥᠬᠡᠶ ᠪᠠᠷ ᠬᠠᠷᠠᠭ᠎ᠠ ᠰᠡᠷᠭᠦᠭᠡᠬᠦ ᠮᠡᠰᠡ ᠵᠠᠰᠠᠯ ᠬᠢᠬᠦ ᠳᠤ ᠬᠡᠷᠡᠭᠯᠡᠪᠡ᠃    5. ᠪᠠᠶ᠋ᠬᠠᠤᠪᠤᠭ᠎ᠠ ᠶᠦᠩ ᠱᠧᠩ ᠴᠧᠩ ᠤᠨ ᠵᠣᠭᠤᠰ ᠬᠠᠨᠳᠢᠪᠯᠠᠬᠤ ᠬᠠᠶᠢᠷᠴᠠᠭ ᠲᠤ ᠬᠠᠯᠠᠭᠤᠨ ᠰᠡᠳᠭᠢᠯᠲᠦ ᠣᠯᠠᠨ ᠲᠦᠮᠡᠨ 53.3 ᠲᠥᠭᠦᠷᠢᠭ ᠬᠠᠨᠳᠢᠪᠯᠠᠪᠠ᠃    ᠬᠤᠶᠠᠷ᠂ ᠲᠤᠰᠠᠯᠠᠨ ᠬᠦᠷᠭᠡᠭᠰᠡᠨ ᠵᠣᠭᠤᠰ ᠪᠠ ᠡᠳ᠋ ᠪᠣᠳᠠᠰ ᠢ 205301.5 ᠲᠥᠭᠦᠷᠢᠭ ᠵᠠᠷᠤᠴᠠᠭᠤᠯᠪᠠ᠃ ᠡᠭᠦᠨ ᠳᠤ᠄    ︵ᠨᠢᠭᠡ︶ ᠬᠥᠮᠥᠡᠯᠢᠭ ᠠᠪᠤᠷᠠᠨ ᠲᠤᠰᠯᠠᠬᠤ ᠵᠠᠷᠤᠳᠠᠯ 26244 ᠲᠦᠭᠦᠷᠢᠭ᠃    1. ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠬᠦᠨᠳᠦ ᠡᠪᠡᠳᠴᠢᠲᠡᠨ ᠶᠣᠣ ᠣᠪᠣᠭᠲᠤ ᠶᠢ ᠬᠥᠮᠦᠯᠢᠭ ᠪᠡᠯᠡ ᠮᠥᠩᠭᠦ 2000 ᠲᠥᠭᠦᠷᠢᠭ ᠢᠶᠠᠷ ᠲᠤᠰᠠᠯᠠᠪᠠ᠃    2. ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠦᠨᠳᠦ ᠡᠪᠡᠳᠴᠢᠨ ᠵᠧᠩ ᠣᠪᠣᠭᠲᠤ ᠶᠢ ᠬᠥᠮᠥᠡᠯᠢᠭ ᠪᠡᠯᠡ ᠮᠥᠩᠭᠦ 2000 ᠲᠥᠭᠦᠷᠢᠭ ᠢᠶᠠᠷ ᠲᠤᠰᠠᠯᠠᠪᠠ᠃    3. ᠨᠠᠰᠤᠲᠠᠨ ᠢ ᠠᠰᠠᠷᠠᠬᠤ ᠬᠦᠷᠢᠶᠡᠯᠡᠩ ᠤᠨ ᠶᠠᠳᠠᠭᠤ ᠬᠦᠴᠢᠷᠳᠡᠯᠲᠡᠢ ᠨᠠᠰᠤᠲᠠᠨ ᠢ ᠲᠣᠬᠤᠨᠢᠭᠤᠯᠵᠤ ᠬᠥᠮᠦᠯᠢᠭ ᠪᠡᠯᠡ ᠮᠥᠩᠭᠦ 3344 ᠲᠥᠭᠦᠷᠢᠭ ᠵᠠᠷᠤᠴᠠᠭᠤᠯᠪᠠ᠃    4. ︽ᠬᠠᠶᠢᠷ᠎ᠠ ᠬᠠᠯᠠᠮᠵᠢ ᠶᠢᠨ ᠬᠤᠭᠤᠯᠠ ᠬᠦᠷᠭᠡᠬᠦ︾ ᠠᠵᠢᠯᠯᠠᠭ᠎ᠠ ᠶᠢ ᠥᠷᠨᠢᠭᠦᠯᠵᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢ ᠳᠤᠰᠠᠯᠠᠵᠤ᠂ ᠬᠥᠮᠥᠡᠯᠢᠭ ᠪᠡᠯᠡ ᠮᠥᠩᠭᠦ 18900 ᠲᠥᠭᠦᠷᠢᠭ ᠵᠠᠷᠤᠴᠠᠭᠤᠯᠪᠠ᠃    ︵ᠬᠤᠶᠠᠷ︶ ᠬᠠᠨᠳᠤᠯᠭᠠᠲᠤ ᠬᠠᠨᠳᠢᠪ 10000 ᠲᠥᠭᠦᠷᠢᠭ ᠵᠠᠷᠤᠴᠠᠭᠤᠯᠪᠠ    99 ᠥᠪᠥᠷ ᠮᠣᠩᠭᠤᠯ ᠤᠨ AED ᠲᠥᠷᠥᠯ ᠵᠦᠢᠯ ᠤᠨ ᠬᠠᠨᠳᠤᠯᠭᠠᠲᠤ ᠬᠠᠨᠳᠢᠪ 10000 ᠲᠥᠭᠦᠷᠢᠭ ᠵᠠᠷᠤᠴᠠᠭᠤᠯᠪᠠ᠃    ︵ᠭᠤᠷᠪᠠ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ 1557.5 ᠲᠥᠭᠦᠷᠢᠭ᠂ ᠡᠭᠦᠨ ᠳᠤ᠄ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠬᠤ ᠴᠡᠭ ᠤᠨ ᠬᠠᠲᠠᠭᠤ ᠲᠣᠨᠤᠭ ᠤᠨ ᠪᠦᠲᠦᠭᠡᠨ ᠪᠠᠶᠢᠭᠤᠯᠤᠯᠲᠠ ᠶᠢᠨ ᠵᠠᠷᠤᠯᠭ᠎ᠠ 865 ᠲᠥᠭᠦᠷᠢᠭ᠂ ᠲᠦᠷᠭᠡᠨ ᠠᠪᠤᠷᠠᠬᠤ ᠡᠮ ᠤᠨ ᠵᠦᠢᠯ ᠤᠨ ᠵᠠᠷᠤᠯᠭ᠎ᠠ 692.5 ᠲᠥᠭᠦᠷᠢᠭ᠃    ︵ᠲᠦᠷᠪᠡ︶ ᠡᠳ᠋ ᠪᠤᠳᠠᠰ ᠤᠨ ᠵᠠᠷᠤᠳᠠᠯ 164 500 ᠲᠥᠭᠦᠷᠢᠭ᠃    ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ 164500 ᠲᠥᠭᠦᠷᠢᠭ ᠤᠨ ᠥᠷᠲᠡᠭ ᠲᠠᠢ ᠬᠤᠤᠰ ᠦᠨ᠎ᠡ ᠶᠢᠨ ᠬᠥᠮᠦᠨ ᠤ ᠬᠥᠬᠦᠨ ᠬᠠᠪᠤᠳᠠᠷ ᠤᠨ ᠸᠢᠷᠦ᠋ᠰ ᠤᠨ ᠸᠠᠺᠼᠢᠨ ︵ᠰᠠᠪᠠ ᠶᠢᠨ ᠬᠦᠵᠦᠭᠦᠨ ᠤ ᠥᠮᠡᠨ︶ ᠶᠢᠨ 500 ᠰᠢᠷᠬᠡᠭ  ᠢ ᠰᠢᠯᠵᠢᠭᠦᠯᠦᠨ ᠲᠤᠰᠢᠶᠠᠪᠠ᠃    ︵ᠲᠠᠪᠤ︶ ᠪᠤᠰᠤᠳ ᠵᠠᠷᠤᠳᠠᠯ 3000 ᠲᠦᠭᠦᠷᠢᠭ᠃    ︽58︾ ᠥᠪᠥᠷ ᠮᠣᠩᠭᠤᠯ ᠤᠨ AED ᠲᠥᠷᠥᠯ ᠵᠦᠢᠯ ᠤᠨ ᠢᠵᠢ ᠪᠦᠷᠢᠳᠦᠭᠦᠯᠬᠦ ᠪᠣᠯᠪᠠᠰᠤᠷᠠᠯ ᠤᠨ ᠵᠠᠷᠤᠳᠠᠯ 3000 ᠲᠥᠭᠦᠷᠢᠭ᠃    ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ    2025 ᠣᠨ ᠤ 1 ᠳ᠋ᠦ᠋ᠭᠡᠷ ᠰᠠᠷ᠎ᠠ ᠶᠢᠨ 2 ᠤᠨ ᠡᠳᠦᠷ 
ᠢᠷᠡᠯᠲᠡ᠄ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ