2 ᠳ᠋ᠤᠭᠠᠷ ᠰᠠᠷ᠎ᠠ ᠶᠢᠨ 10 ᠤ ᠡᠳᠦᠷ᠂ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠪᠦᠬᠦ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠂ ᠬᠤᠷᠠᠯ ᠠᠴᠠ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ | ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠰᠢ ᠶᠢᠨ ᠫᠢᠩ ᠤᠨ | ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠬᠦ ᠲᠤᠬᠠᠢ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠤ᠂ ᠪᠦᠬᠦ ᠬᠤᠳᠠ᠂ ᠪᠦᠬᠦ | ᠲᠣᠭᠤᠷᠢᠭ ᠤᠨ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠬᠤᠷᠠᠯ ᠤᠨ ᠵᠣᠷᠢᠭ ᠰᠠᠨᠠᠭ᠎ᠠ ᠪᠣᠯᠤᠨ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢ ᠢᠳᠡᠪᠬᠢᠲᠡᠢ ᠲᠣᠭᠤᠰᠢᠯᠠᠭᠤᠯᠵᠤ᠂ ᠣᠳᠣᠬᠠᠨ ᠤ ᠠᠵᠢᠯ ᠤᠨ ᠪᠠᠶᠢᠳᠠᠯ ᠢ ᠵᠠᠳᠠᠯᠵᠤ᠂ | 2025 ᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠪᠣᠯᠬᠤ ᠡᠭᠦᠷᠭᠡ ᠶᠢ ᠪᠠᠶᠢᠷᠢᠯᠠᠭᠤᠯᠪᠠ᠃ ᠲᠣᠪᠴᠢᠶᠠᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠸᠠᠩ ᠵᠧᠨ ᠵᠧᠦ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ᠂ ᠲᠣᠪᠴᠢᠶᠠᠨ ᠤ ᠤᠳᠤᠷᠢᠳᠬᠤ ᠪᠠᠭ᠂ ᠪᠦᠬᠦ ᠺᠠᠳ᠋ᠷ | ᠠᠵᠢᠯᠳᠠᠨ ᠠᠵᠢᠯᠴᠢᠳ ᠬᠤᠷᠠᠯ ᠳᠤ ᠣᠷᠣᠯᠴᠠᠪᠠ᠃ | | | | | ᠬᠤᠷᠠᠯ ᠠᠴᠠ᠂ 2025 ᠤᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰᠬᠡᠯ ᠤᠨ ᠵᠢᠯ ᠪᠠ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠲᠥᠯᠥᠪᠵᠢᠭᠦᠯᠭᠡ ᠶᠢᠨ ᠵᠢᠯ ᠮᠥᠨ᠂ ᠪᠠᠰᠠ ᠴᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠨᠢᠭᠡ | ᠵᠢᠯ ᠮᠥᠨ᠂ ᠪᠥᠬᠦ ᠺᠠᠳ᠋ᠷ ᠠᠵᠢᠯᠲᠠᠨ ᠠᠵᠢᠯᠴᠢᠳ ᠪᠠᠶᠢᠳᠠᠯ ᠢᠶᠠᠨ ᠦᠳᠲᠡᠷ ᠲᠦᠷᠭᠡᠨ ᠲᠣᠬᠢᠷᠠᠭᠤᠯᠵᠤ᠂ ᠬᠠᠭᠤᠷᠮᠠᠭ ᠢᠶᠠᠨ ᠬᠤᠷᠢᠶᠠᠨ ᠰᠡᠳᠬᠢᠯ ᠰᠢᠭᠤᠳᠴᠤ᠂ ᠪᠥᠬᠦ | ᠲᠣᠭᠤᠷᠢᠭ ᠤᠨ ᠬᠥᠭᠵᠢᠯᠲᠡ ᠶᠢᠨ ᠠᠯᠬᠤᠴᠠ ᠶᠢ ᠰᠠᠯᠤᠯ ᠥᠬᠡᠶ ᠳᠠᠭᠠᠵᠤ᠂ ︽ᠦᠰᠦᠷᠴᠦ ᠪᠣᠰᠤᠭᠠᠳ ᠲᠤᠭᠤᠷ ᠲᠡᠭᠦᠬᠦ︾ ᠵᠣᠷᠢᠭ ᠰᠠᠨᠠᠭ᠎ᠠ ᠪᠠᠷ ᠪᠣᠳᠠᠲᠠᠶ ᠠᠵᠢᠯᠯᠠᠵᠤ ᠡᠮᠦᠨ᠎ᠡ | ᠡᠩᠨᠡᠭᠡᠨ ᠳᠤ ᠶᠠᠪᠤᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ︽ᠰᠢᠨ᠎ᠡ ᠬᠠᠭᠤᠳᠠᠰᠤ︾ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠵᠢᠭᠠᠵᠤ | ᠭᠠᠷᠭᠠᠪᠠ᠃ | ᠬᠤᠷᠠᠯ ᠠᠴᠠ᠂ 2025 ᠣᠨ ᠳᠤ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠨᠢ ᠦᠷ᠎ᠡ ᠪᠦᠲᠦᠮᠵᠢ ᠪᠠ | ᠡᠷᠬᠡ ᠲᠡᠭᠰᠢ ᠂ ᠠᠮᠢᠵᠢᠷᠠᠯ ᠤᠨ ᠬᠦᠴᠦᠨ ᠪᠠ ᠡᠮᠬᠢ ᠳᠢᠭᠯᠢᠮ᠂ ᠬᠥᠭᠵᠢᠯᠲᠡ ᠪᠣᠯᠤᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠦᠯᠦᠪᠯᠡᠬᠦ ᠪᠠᠷ ᠬᠠᠷᠠᠯᠲᠠ ᠪᠣᠯᠭᠠᠵᠤ᠂ | ᠪᠣᠳᠠᠲᠤ ᠠᠮᠵᠢᠯᠲᠠ ᠪᠦᠲᠦᠮᠵᠢ ᠪᠠᠷ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠳᠠᠪᠠᠯᠲᠠ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠬᠡᠷᠡᠭᠲᠡᠢ᠃ | ᠨᠢᠭᠡ ᠳᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ | ᠨᠠᠷᠢᠨ ᠬᠢᠨᠠᠮᠠᠭᠠᠢ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠵᠢᠭᠰᠠᠭᠠᠯ ᠤᠨ ᠭᠠᠵᠠᠷ ᠢ ᠪᠠᠲᠤ ᠰᠠᠬᠢᠵᠤ᠂ ︽ᠪᠤᠢ ᠪᠣᠯᠭᠠᠬᠤ ᠳᠡᠭᠡᠭᠰᠢᠯᠡᠭᠦᠯᠬᠦ ᠴᠢᠷᠮᠠᠶᠢᠬᠤ︾ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ᠃ ᠬᠤᠶᠠᠷ ᠲᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ | ᠲᠦᠷᠦ ᠶᠢᠨ ᠪᠤᠳᠤᠯᠭ᠎ᠠ ᠪᠠᠷ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ᠂ ᠦᠢᠯᠡᠴᠢᠯᠡᠭᠡ ᠪᠠᠷ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠠᠵᠤ ᠠᠬᠤᠶᠢᠯᠠᠯ ᠢ ᠬᠠᠪᠰᠤᠷᠤᠨ ᠬᠢᠨᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ | ᠬᠡᠷᠡᠭᠲᠡᠢ᠃ ᠭᠤᠷᠪᠠ ᠳᠤ᠂ ᠡᠷᠬᠡ ᠲᠡᠭᠰᠢ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠵᠤ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ︽ᠰᠠᠨᠠᠭ᠎ᠠ ᠠᠮᠤᠷ | ᠢᠳᠡᠭᠡᠨ ᠤᠮᠳᠠᠭᠠᠨ ᠤ ᠳᠡᠯᠭᠡᠭᠦᠷ︾ ᠢ ᠪᠤᠶᠢᠵᠢᠭᠤᠯᠤᠨ ᠪᠠᠶᠢᠭᠤᠯᠵᠤ᠂ 12315᠂ 12345 ᠬᠠᠯᠠᠮᠰᠢᠯ ᠤᠲᠠᠰᠤᠨ ᠤ ︽ᠵᠠᠭᠠᠯᠳᠤᠯᠭ᠎ᠠ ᠶᠢ ᠬᠦᠯᠢᠶᠡᠨ ᠠᠪᠤᠪᠠᠯ ᠳᠠᠷᠤᠶ | ᠰᠢᠢᠳᠪᠦᠷᠢᠯᠡᠬᠦ︾ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠰᠦᠯᠵᠢᠶᠡᠨ ᠤ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠤᠨ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ | ᠵᠠᠬ᠎ᠠ ᠳᠡᠯᠭᠡᠭᠦᠷ ᠤᠨ ᠲᠤᠰᠬᠠᠶ ᠪᠠᠶᠢᠴᠠᠭᠠᠯᠲᠠ ᠶᠢ ᠥᠷᠨᠢᠭᠦᠯᠵᠦ᠂ ᠠᠷᠠᠳ ᠤᠨ ᠠᠮᠢᠳᠤᠷᠠᠯ ᠵᠡᠷᠭᠡ ᠭᠤᠤᠯᠳᠠᠯᠭ᠎ᠠ ᠪᠣᠯᠬᠤ ᠬᠦᠷᠢᠶᠡᠨ ᠳᠠᠬᠢ ᠲᠣᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠬᠡᠷᠡᠭᠲᠡᠶ᠃ ᠲᠦᠷᠪᠡ ᠳᠤ᠂ ᠶᠠᠰᠤ ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠵᠦ᠂ ᠮᠠᠨ ᠤ ᠲᠤᠭᠤᠷᠢᠭ ᠤᠨ ︽2 + 3 | + N︾ ᠠᠵᠤ ᠦᠢᠯᠡᠰ ᠤᠨ ᠲᠣᠭᠲᠠᠯᠴᠠᠭ᠎ᠠ ᠶᠢᠨ ᠲᠣᠭᠤᠷᠢᠨ ᠳᠤ ᠭᠤᠣᠯᠳᠠᠯᠭ᠎ᠠ ᠪᠣᠯᠬᠤ ᠠᠵᠤ ᠦᠢᠯᠡᠰ ᠤᠨ ᠶᠠᠰᠤ ᠴᠢᠨᠠᠷ ᠤᠨ ᠬᠡᠯᠬᠢᠶ᠎ᠡ ᠶᠢ ᠴᠢᠩᠭᠠᠳᠬᠠᠬᠤ ᠠᠵᠢᠯᠯᠠᠭ᠎ᠠ ᠶᠢ | ᠥᠷᠨᠢᠭᠦᠯᠵᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠡᠷᠡᠭᠯᠡᠯᠲᠡ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ | ᠭᠤᠣᠯᠳᠠᠯᠭ᠎ᠠ ᠪᠣᠯᠬᠤ ᠠᠵᠤ ᠠᠬᠤᠶᠢᠯᠠᠯ ᠤᠨ ᠪᠤᠭᠤᠲᠤ ᠬᠤᠳᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠶᠢᠨ ᠶᠠᠰᠤ | ᠴᠢᠨᠠᠷ ᠤᠨ ᠱᠠᠩᠨᠠᠯ ᠢ ᠴᠢᠷᠮᠠᠶᠢᠨ ᠡᠭᠦᠳᠴᠦ᠂ ᠠᠵᠤ ᠠᠬᠤᠶᠢᠯᠠᠯ ᠤᠨ ᠬᠥᠭᠵᠢᠨ ᠪᠤᠵᠠᠭᠠᠢᠢᠷᠠᠬᠤ ᠳᠤ ᠬᠦᠴᠦᠨ ᠨᠡᠮᠡᠷᠢᠯᠡᠬᠦ ᠬᠡᠷᠡᠭᠲᠡᠢ᠃ ᠲᠠᠪᠤ ᠳᠤ᠂ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢ ᠪᠤᠶᠢᠵᠢᠭᠤᠯᠤᠨ ᠬᠥᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠤᠰᠬᠠᠶ | ᠠᠰᠢᠭ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠨ ᠠᠬᠢᠭᠤᠯᠵᠤ᠂ ᠬᠤᠪᠣᠷ ᠰᠢᠷᠣᠶ ᠶᠢᠨ ᠬᠦᠷᠢᠶᠡᠨ ᠳᠠᠬᠢ ᠪᠦᠯᠬᠦᠮ ᠤᠨ ᠪᠠᠷᠢᠮᠵᠢᠶ᠎ᠠ ᠶᠢᠨ ᠬᠥᠭᠵᠢᠯᠲᠡ ᠶᠢ ᠪᠥᠬᠦ | ᠬᠦᠴᠦᠨ ᠢᠶᠠᠷ ᠢᠶᠠᠨ ᠳᠡᠮᠵᠢᠵᠦ᠂ ᠨᠡᠷ᠎ᠡ ᠴᠤᠤᠲᠠᠶ᠂ ᠦᠨ᠎ᠡ ᠥᠷᠲᠡᠭ ᠲᠠᠢ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠬᠤ ᠬᠡᠷᠡᠭᠲᠡᠶ᠃ | ᠵᠢᠷᠭᠤᠭ᠎ᠠ ᠳᠤ᠂ ︽ᠭᠤᠷᠪᠠᠨ ᠪᠦᠲᠦᠭᠡᠭᠳᠡᠬᠦᠨ ᠨᠢᠭᠡ ᠣᠨᠴᠠᠭᠠᠢ︾ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠢᠳᠡᠭᠡᠨ ᠤ ᠠᠮᠤᠷ ᠲᠦᠪᠰᠢᠨ ᠤ ︽ᠭᠤᠷᠪᠠᠨ | ᠬᠠᠷᠢᠭᠤᠴᠠᠯᠭ᠎ᠠ︾ ᠶᠢ ᠴᠢᠩᠭ᠎ᠠ ᠪᠣᠳᠠᠲᠠᠶᠢᠵᠢᠭᠤᠯᠵᠤ᠂ ᠢᠳᠡᠭᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠮ ᠤᠨ ᠵᠦᠢᠯᠡᠰ᠂ | ᠵᠠᠰᠠᠯ ᠴᠢᠮᠡᠭ ᠤᠨ ᠡᠳ᠋᠂ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠦᠢᠯᠡᠳᠬᠦᠨ ᠤ ᠶᠠᠰᠤ ᠴᠢᠨᠠᠷ ᠤᠨ ᠠᠮᠤᠷ | ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠠᠶᠢᠲᠤᠷ ᠠᠳᠬᠤᠵᠤ᠂ ᠬᠤᠲᠠ ᠪᠠᠯᠭᠠᠰᠤᠨ ᠤ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ᠂ ᠴᠠᠬᠢᠯᠭᠠᠨ ᠬᠥᠳᠡᠯᠭᠡᠭᠦᠷᠲᠦ ᠳᠤᠭᠤᠶ | ᠲᠡᠷᠭᠡᠨ ᠤ ᠠᠮᠤᠷ ᠲᠦᠪᠰᠢᠨ ᠤ ᠳᠠᠯᠳᠠ ᠬᠡᠮ ᠵᠡᠷᠭᠡ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ | ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠰᠢᠲᠠᠮᠠᠬᠠᠶ ᠬᠡᠶ ᠳᠤ ᠰᠠᠪᠠᠯᠠᠬᠤ᠂ ᠴᠠᠬᠢᠯᠭᠠᠨ | ᠱᠠᠲᠤ ᠶᠢᠨ ︽ᠰᠠᠭᠤᠷᠢ ᠪᠠᠶᠢᠭᠤᠯᠬᠤ︾᠂ ᠬᠤᠭᠤᠯᠠᠶ ᠶᠢᠨ ︽ᠪᠠᠯᠠᠶ ᠶᠢ ᠠᠷᠢᠯᠭᠠᠬᠤ︾ ᠵᠡᠷᠭᠡ ᠠᠵᠢᠯᠯᠠᠭ᠎ᠠ ᠶᠢᠨ ᠦᠷ᠎ᠡ ᠪᠦᠲᠦᠮᠵᠢ ᠶᠢ ᠪᠠᠬᠢᠵᠢᠭᠦᠯᠵᠦ᠂ ᠬᠠᠷᠢᠶᠠᠲᠤ ᠣᠷᠣᠨ ᠤ | ᠠᠵᠤ ᠠᠬᠤᠶᠢᠯᠠᠯ ᠤᠨ ᠠᠴᠠ ᠭᠠᠷᠬᠤ ᠪᠠᠷ ᠤᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠨᠡᠮᠡᠵᠦ ᠤᠭᠰᠠᠷᠠᠬᠤ ᠶᠢ ᠵᠣᠷᠢᠭᠵᠢᠭᠤᠯᠵᠤ᠂ ᠠᠶᠤᠯ ᠦᠭᠡᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠦ ᠴᠢᠬᠤᠯᠠᠴᠢᠯᠠᠪᠠ᠃ | ᠪᠥᠬᠦ ᠺᠠᠳ᠋ᠷ ᠠᠵᠢᠯᠲᠠᠨ ᠠᠵᠢᠯᠲᠠᠳ᠂ 2025 ᠣᠨ ᠳᠤ ᠨᠠᠩ ᠢᠲᠡᠭᠡᠯ ᠵᠣᠷᠢᠭ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠪᠣᠳᠠᠲᠠᠶ ᠶᠢ ᠡᠷᠬᠢᠮᠯᠡᠬᠦ ᠰᠤᠷᠲᠠᠯ ᠢᠶᠠᠷ | ᠪᠦᠯᠬᠦᠮᠳᠡᠨ ᠨᠢᠭᠡᠳᠴᠦ᠂ ᠡᠷᠡᠯᠬᠡᠭᠯᠡᠨ ᠲᠡᠮᠡᠴᠡᠵᠦ᠂ ᠮᠠᠨ ᠤ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠪᠠᠶᠢᠳᠠᠯ ᠳᠤ ᠨᠠᠩ ᠶᠡᠭᠡ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠭᠡᠵᠡᠭᠡᠪᠡ︕ |