ᠨᠢᠭᠡ ᠵᠢᠯ ᠤᠨ ᠲᠡᠷᠢᠭᠦᠨ ᠬᠠᠪᠤᠷ ᠪᠠᠶᠢᠵᠤ᠂ ᠲᠦᠮᠡᠨ ᠶᠠᠪᠤᠳᠠᠯ ᠤᠨ ᠦᠢᠯᠡ ᠠᠵᠢᠯᠯᠠᠭ᠎ᠠ ᠤᠷᠢᠳ ᠢᠶᠠᠷ ᠶᠠᠪᠤᠭᠳᠠᠨ᠎ᠠ᠃ 2 ᠳ᠋ᠤᠭᠠᠷ ᠰᠠᠷ᠎ᠠ ᠶᠢᠨ 10 ᠤ ᠡᠳᠦᠷ ᠤᠨ | ᠦᠳᠡ ᠶᠢᠨ ᠡᠮᠦᠨ᠎ᠡ᠂ ᠪᠠᠶ᠋ᠬᠠᠤᠪᠤᠭ᠎ᠠ ᠠᠵᠤ ᠦᠢᠯᠡᠰ ᠤᠨ ᠬᠦᠷᠢᠶᠡᠯᠡᠩ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠵᠠᠰᠠᠭ ᠤᠨ ᠣᠷᠳᠣᠨ ᠤ ᠳᠡᠳ᠋ | ᠳᠠᠷᠤᠭ᠎ᠠ᠂ ᠪᠠᠶ᠋ᠬᠠᠤᠪᠤᠭ᠎ᠠ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠭᠡᠷ ᠤᠨ ᠳᠡᠳ᠋ ᠡᠷᠬᠢᠯᠡᠭᠴᠢ ᠢᠦᠢ ᠬᠤᠸᠠᠨ ᠬᠤᠷᠠᠯ ᠢ ᠡᠷᠬᠢᠯᠡᠵᠦ᠂ ᠪᠠᠶ᠋ᠬᠠᠤᠪᠤᠭ᠎ᠠ | ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠵᠢᠴᠢ ᠬᠦᠷᠢᠶᠡᠯᠡᠩ ᠲᠣᠭᠤᠷᠢᠭ ᠤᠨ ᠡᠵᠡᠩᠨᠡᠯᠲᠡ ᠶᠢᠨ ᠺᠣᠮᠫᠠᠨᠢ ᠶᠢᠨ ᠪᠦᠬᠦ ᠠᠵᠢᠯᠳᠠᠨ ᠬᠤᠷᠠᠯ ᠳᠤ ᠣᠷᠣᠯᠴᠠᠪᠠ᠃ | ᠬᠤᠷᠠᠯ ᠠᠴᠠ ᠂ ᠨᠢᠭᠡ ᠳᠤ ᠬᠤᠲᠠ᠂ ᠲᠣᠭᠤᠷᠢᠭ ᠬᠤᠶᠠᠷ ᠱᠠᠲᠤᠨ ᠤ ︽ᠬᠤᠶᠠᠷ ᠢ ᠡᠯᠰᠡᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠪᠥᠬᠦᠳᠡ ᠬᠤᠷᠠᠯ ᠠᠴᠠ ᠳᠤᠷᠠᠳᠤᠭᠰᠠᠨ ᠠᠵᠢᠯ ᠤᠨ ᠬᠠᠷᠠᠯᠲᠠ ᠶᠢ ᠲᠣᠭᠲᠠᠭᠠᠵᠤ᠂ | ᠬᠦᠷᠢᠶᠡᠯᠡᠩ ᠲᠣᠭᠤᠷᠢᠭ ᠤᠨ ᠴᠢᠳᠠᠮᠵᠢ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠲᠥᠷᠥᠯ ᠵᠦᠢᠯ ᠢ ᠵᠥᠪᠰᠢᠶᠡᠷᠡᠨ ᠣᠷᠣᠭᠤᠯᠬᠤ ᠲᠣᠭᠲᠠᠴᠠ ᠶᠢ | ᠪᠦᠷᠢᠨᠰᠢᠬᠦᠯᠦᠨ᠂ ᠮᠥ ᠪᠦᠷᠢ ᠶᠢᠨ ᠳᠤᠮᠳᠠᠴᠢ ᠣᠷᠣᠭᠤᠯᠤᠯᠲᠠ᠂ ᠦᠢᠯᠡᠳᠬᠦᠨ ᠤ ᠥᠷᠲᠡᠭ᠂ ᠭᠠᠶᠢᠯᠢ ᠲᠠᠲᠠᠪᠤᠷᠢ ᠵᠡᠷᠭᠡ ᠡᠵᠡᠮᠳᠡᠬᠦ ᠴᠢᠨᠠᠷᠲᠠᠶ ᠭᠦᠢᠴᠡᠳᠬᠡᠯ ᠲᠤᠭ᠎ᠠ ᠶᠢ | ᠲᠣᠳᠣᠷᠬᠠᠶᠢᠯᠠᠵᠤ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠠᠬᠢᠴᠠ ᠶᠢ ᠲᠦᠷᠭᠡᠳᠬᠡᠨ᠂ ︽ᠪᠣᠶ ᠪᠣᠯᠭᠠᠬᠤ᠂ | ᠳᠡᠭᠡᠭᠰᠢᠯᠡᠭᠦᠯᠬᠦ᠂ ᠲᠡᠮᠡᠴᠡᠬᠦ︾ ᠠᠵᠢᠯ ᠤᠨ ᠪᠠᠶᠢᠳᠠᠯ ᠢᠶᠠᠷ ᠡᠯ᠎ᠡ ᠵᠦᠢᠯ ᠤᠨ ᠲᠤᠬᠠᠶᠢᠯᠠᠭᠰᠠᠨ ᠠᠵᠢᠯ ᠤᠨ ᠥᠨᠳᠥᠷ ᠪᠦᠲᠦᠮᠵᠢᠲᠡᠶ ᠥᠷᠨᠢᠬᠦ ᠶᠢ ᠠᠬᠢᠭᠤᠯᠬᠤ ᠬᠡᠷᠡᠭᠲᠡᠶ᠃ | ᠬᠤᠶᠠᠷ ᠲᠤ ᠡᠷᠲᠡᠬᠡᠨ ᠲᠥᠯᠥᠪᠵᠢᠭᠦᠯᠵᠦ᠂ ᠤᠷᠢᠳᠴᠢᠯᠠᠨ ᠪᠠᠶᠢᠷᠢᠯᠠᠭᠤᠯᠵᠤ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠬᠤ ᠬᠡᠷᠡᠭᠲᠡᠢ᠃ ᠡᠬᠢᠯᠡᠮᠡᠭᠴᠡ ᠰᠢᠪᠲᠤᠯᠤᠯᠲᠠ ᠶᠢᠨ | ᠪᠠᠶᠢᠳᠠᠯ ᠲᠠᠢ ᠪᠠᠶᠢᠵᠤ᠂ ᠤᠷᠢᠳᠴᠢᠯᠠᠨ ᠲᠥᠯᠥᠪᠵᠢᠭᠦᠯᠦᠨ ᠪᠠᠶᠢᠷᠢᠰᠢᠭᠤᠯᠵᠤ᠂ ᠦᠵᠡᠯ ᠰᠠᠨᠠᠭ᠎ᠠ ᠪᠣᠯᠤᠨ ᠤᠶᠤᠨ ᠴᠢᠳᠠᠯ ᠢᠶᠠᠨ ᠬᠦᠷᠢᠶᠡᠯᠡᠩ ᠲᠣᠭᠤᠷᠢᠭ ᠤᠨ ᠠᠵᠢᠯ ᠳᠡᠭᠡᠷ᠎ᠡ | ᠲᠥᠪᠯᠡᠷᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠢᠳᠡᠪᠬᠢᠲᠡᠢ ᠨᠥᠬᠦᠪᠥᠷᠢᠯᠡᠵᠦ᠂ ᠪᠡᠯᠡ ᠮᠥᠩᠭᠦ ᠶᠢᠨ ᠳᠡᠮᠵᠢᠯᠭᠡ᠂ ᠭᠤᠣᠯᠳᠠᠯᠭ᠎ᠠ | ᠪᠣᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠶᠤᠯ ᠦᠭᠡᠢ ᠦᠢᠯᠡᠳᠪᠦᠷᠢᠯᠡᠯ ᠵᠡᠷᠭᠡ ᠭᠤᠣᠯᠳᠠᠯᠭ᠎ᠠ ᠪᠣᠯᠬᠤ | ᠠᠵᠢᠯ ᠢ ᠦᠨᠡᠨ ᠬᠦ ᠰᠠᠶᠢᠲᠤᠷ ᠠᠳᠬᠤᠵᠤ᠂ ᠠᠵᠢᠯ ᠤᠨ ᠰᠡᠳᠬᠢᠴᠡ ᠪᠠᠨ ᠲᠦᠷᠭᠡᠨ ᠡᠮᠬᠢᠯᠡᠵᠦ᠂ ᠡᠷᠲᠡ ᠠᠴᠠ ᠲᠥᠯᠥᠪᠵᠢᠭᠦᠯᠬᠦ᠂ ᠡᠷᠲᠡ ᠠᠴᠠ ᠪᠠᠶᠢᠷᠢᠯᠠᠭᠤᠯᠬᠤ᠂ ᠡᠷᠲᠡ ᠠᠴᠠ | ᠬᠥᠳᠡᠯᠦᠯᠴᠡᠬᠦ ᠶᠢ ᠪᠡᠶᠡᠯᠡᠭᠦᠯᠵᠦ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠪᠦᠬᠦ ᠬᠦᠴᠦᠨ ᠢᠶᠠᠷ ᠢᠶᠠᠨ ᠰᠢᠪᠲᠤᠯᠬᠤ ᠬᠡᠷᠡᠭᠲᠡᠢ᠃ ᠭᠤᠷᠪᠠ ᠳᠤ ᠠᠵᠢᠯ ᠤᠨ ᠰᠠᠬᠢᠯᠭ᠎ᠠ | ᠪᠠᠲᠤ ᠶᠢ ᠴᠢᠩᠳᠠᠯᠠᠵᠤ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠤᠭ ᠪᠠᠳᠠᠷᠠᠩᠭᠤᠶ | ᠥᠭᠡᠳᠡᠯᠡᠨ ᠲᠠᠪᠰᠢᠬᠤ᠂ ᠢᠳᠡᠪᠬᠢᠲᠡᠶ ᠪᠠᠷ ᠰᠢᠷᠭᠠᠭᠤ ᠠᠵᠢᠯᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠤᠯᠬᠤ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ | ᠭᠡᠵᠦ ᠴᠢᠬᠤᠯᠠᠴᠢᠯᠠᠪᠠ᠃ | |