2025 ᠣᠨ ᠤ 2 ᠳ᠋ᠤᠭᠠᠷ ᠰᠠᠷ᠎ᠠ ᠶᠢᠨ 6 ᠤ ᠡᠳᠦᠷ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠶᠠᠪᠤᠳᠠᠯ ᠪᠠ ᠴᠡᠷᠢᠭ ᠤᠨ ᠠᠯᠪᠠᠨ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶᠠᠨ ᠤ ᠳᠠᠷᠤᠭ᠎ᠠ ᠴᠧᠩ ᠡᠾᠦ᠋ᠢ ᠲᠣᠪᠴᠢᠶ᠎ᠠ ᠶᠢᠨ ᠶᠠᠪᠤᠳᠠᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ︽2025 ᠣᠨ ᠤ | ᠪᠥᠬᠦ ᠬᠤᠲᠠ ᠶᠢᠨ ᠠᠷᠠᠳ ᠤᠨ ᠶᠠᠪᠤᠳᠠᠯ ᠤᠨ ᠠᠵᠢᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ︾ ᠤᠨ ᠵᠣᠷᠢᠭ ᠰᠠᠨᠠᠭ᠎ᠠ ᠪᠠ | ᠴᠢᠬᠤᠯᠠ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ | | | | | | ᠬᠤᠷᠠᠯ ᠳᠡᠭᠡᠷ᠎ᠡ ᠪᠦᠬᠦ ᠬᠤᠳᠠ ᠶᠢᠨ 2024 ᠣᠨ ᠤ ᠠᠷᠠᠳ ᠤᠨ ᠶᠠᠪᠤᠳᠠᠯ ᠤᠨ ᠠᠵᠢᠯ ᠤᠨ ᠬᠢᠯᠠᠰ ᠴᠡᠭ ᠢ ᠰᠤᠷᠤᠯᠴᠠᠪᠠ᠂ ᠨᠢᠭᠡ ᠳᠤ᠂ ᠨᠠᠮ ᠤᠨ ᠪᠠᠶᠢᠭᠤᠯᠤᠯᠲᠠ ᠶᠢᠨ | ᠰᠠᠭᠤᠷᠢ ᠶᠢ ᠪᠠᠲᠤᠳᠬᠠᠵᠤ᠂ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ︽ᠪᠤᠢ ᠪᠣᠯᠭᠠᠬᠤ᠂ ᠳᠡᠭᠡᠭᠰᠢᠯᠡᠭᠦᠯᠬᠦ ᠂ ᠲᠡᠮᠡᠴᠡᠬᠦ︾ ᠲᠤᠰᠬᠠᠢ ᠰᠡᠳᠦᠪᠲᠦ | ᠠᠵᠢᠯᠯᠠᠭ᠎ᠠ ᠪᠠᠷ ᠳᠠᠮᠵᠢᠨ ᠠᠰᠠᠭᠤᠳᠠᠯ ᠢ ᠪᠠᠶᠢᠴᠠᠭᠠᠨ ᠳᠡᠯᠭᠡᠵᠦ᠂ ᠦᠨᠡᠨ ᠬᠦ ᠴᠡᠭᠴᠡᠯᠡᠨ ᠰᠠᠶᠢᠵᠢᠷᠠᠭᠤᠯᠪᠠ᠃ ᠬᠤᠶᠠᠷ ᠲᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠤᠯᠠᠮ | ᠨᠢᠭᠡ ᠠᠯᠬᠤᠮ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠠᠵᠢᠯ ᠪᠠ ᠡᠵᠡᠩᠨᠡᠯᠲᠡ ᠳᠤ ᠬᠢᠨᠠᠯᠲᠠ ᠲᠠᠯᠪᠢᠬᠤ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠣᠯᠠᠨ ᠲᠦᠮᠡᠨ ᠤ ᠵᠢᠷᠤᠮᠵᠢᠭᠰᠠᠨ᠂ ᠳᠥᠭᠦᠮ ᠳᠥᠲᠡ ᠦᠢᠯᠡᠴᠢᠯᠡᠭᠡ ᠬᠦᠷᠲᠡᠬᠦ ᠶᠢ ᠦᠨᠡᠨ ᠬᠦ ᠪᠠᠲᠤᠯᠠᠪᠠ᠃ ᠪᠢᠳᠡ ᠡᠷᠬᠡᠪᠰᠢ ᠰᠠᠶᠢᠨ ᠲᠤᠷᠰᠢᠯᠭ᠎ᠠ ᠶᠢ | ᠰᠤᠷᠤᠯᠴᠠᠵᠤ᠂ ᠳᠠᠪᠠᠭᠤᠯᠢᠭ ᠢᠶᠠᠨ ᠪᠠᠲᠤᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠨ᠎ᠡ ᠶᠢ ᠡᠭᠦᠳᠦᠨ ᠲᠥᠯᠥᠪᠵᠢᠭᠦᠯᠵᠦ᠂ ᠲᠠᠷᠠᠭᠠᠴᠢ ᠶᠢᠨ ᠵᠢᠯ ᠤᠨ | ᠠᠷᠠᠳ ᠤᠨ ᠶᠠᠪᠤᠳᠠᠯ ᠤᠨ ᠠᠵᠢᠯ ᠢ ᠰᠠᠶᠢᠲᠤᠷ ᠬᠢᠬᠦ ᠬᠡᠷᠡᠭᠲᠡᠢ᠃ | ᠡᠭᠦᠨ ᠤ ᠬᠠᠮᠲᠤ 2025 ᠣᠨ ᠤ ᠠᠵᠢᠯ ᠤᠨ ᠴᠢᠭᠯᠡᠯ ᠢ ᠲᠣᠳᠣᠷᠬᠠᠶᠢᠯᠠᠪᠠ᠄ ᠨᠢᠭᠡ ᠳᠤ᠂ ᠨᠡᠶᠢᠭᠡᠮ ᠤᠨ ᠠᠪᠤᠷᠠᠨ ᠲᠤᠰᠠᠯᠠᠬᠤ ᠠᠵᠢᠯᠯᠠᠭ᠎ᠠ ᠶᠢ ᠬᠦᠴᠦᠯᠡᠨ ᠥᠷᠨᠢᠭᠦᠯᠵᠦ᠂ | 2025 ᠣᠨ ᠳᠤ ᠪᠠᠴᠢᠮ ᠬᠦᠴᠢᠷᠳᠡᠯ ᠲᠤᠯᠭᠠᠷᠠᠭᠰᠠᠨ ᠭᠠᠵᠠᠷ ᠠᠴᠠ ᠲᠦᠷ ᠴᠠᠭ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ | ᠲᠦᠷ ᠴᠠᠭ ᠤᠨ ᠬᠦᠴᠢᠷᠳᠡᠯ ᠳᠤ ᠲᠤᠯᠭᠠᠷᠠᠭᠰᠠᠨ ᠬᠥᠮᠦᠰ ᠢ ᠠᠪᠤᠷᠠᠨ ᠲᠤᠰᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠠᠪᠤᠷᠠᠨ ᠲᠤᠰᠠᠯᠠᠬᠤ ᠦᠢᠯᠡᠴᠢᠯᠡᠭᠡᠨ ᠤ ᠬᠠᠯᠠᠮᠰᠢᠯ | ᠤᠲᠠᠰᠤ ᠶᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠲᠦᠷᠦ ᠶᠢᠨ ᠪᠤᠳᠤᠯᠭ᠎ᠠ ᠶᠢ | ᠲᠠᠶᠢᠯᠪᠤᠷᠢᠯᠠᠬᠤ ᠠᠵᠢᠯ ᠢ ᠴᠠᠭ ᠲᠤᠬᠠᠢ ᠳᠤᠨᠢ ᠰᠠᠶᠢᠲᠤᠷ ᠬᠢᠨ᠎ᠡ᠃ ᠬᠤᠶᠠᠷ ᠲᠤ᠂ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠠᠲᠤ ᠲᠡᠮᠳᠡᠭᠲᠦ ᠶᠢ | ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠨᠡᠭᠦᠳᠡᠯ ᠰᠢᠪᠠᠭᠤᠳ ᠤᠨ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠢ ᠰᠢᠨ᠎ᠡ ᠪᠠᠷ ᠡᠭᠦᠳᠦᠨ | ᠭᠠᠷᠭᠠᠵᠤ᠂ ᠮᠠᠨ ᠤ ᠲᠣᠭᠤᠷᠢᠭ ᠤᠨ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠠ ᠦᠢᠯᠡᠳᠦᠯᠭᠡ ᠶᠢᠨ ᠰᠤᠷᠭᠠᠨ | ᠬᠥᠮᠦᠵᠢᠯ ᠤᠨ ᠰᠠᠭᠤᠷᠢᠨ ᠭᠠᠵᠠᠷ ᠢ ᠰᠠᠶᠢᠲᠤᠷ ᠠᠰᠢᠭᠯᠠᠵᠤ᠂ ︽ ᠦᠲᠡᠯᠦᠭᠡ ᠨᠠᠰᠤ ᠪᠠᠨ ᠡᠳ᠋ᠯᠡᠬᠦ︾ ᠪᠠᠷ ᠭᠤᠣᠯ ᠰᠡᠳᠦᠪ ᠪᠣᠯᠭᠠᠵᠤ᠂ ︽ᠬᠠᠪᠤᠷ ᠡᠪᠦᠯ ᠡᠮᠦᠨᠡᠰᠢ ᠰᠤᠪᠢᠯᠠᠬᠤ᠂ | ᠵᠤᠨ ᠨᠠᠮᠤᠷ ᠤᠮᠠᠷᠠᠰᠢ ᠰᠤᠪᠢᠯᠠᠬᠤ︾ ᠠᠮᠢ ᠠᠬᠤᠢ ᠶᠢᠨ ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠵᠡᠷᠭᠡ ᠤᠯᠠᠨ ᠡᠰᠢᠲᠦ ᠵᠠᠭᠪᠤᠷ ᠢᠶᠠᠷ ᠵᠤᠭᠠᠴᠠᠨ | ᠰᠠᠭᠤᠬᠤ ᠠᠵᠤ ᠦᠢᠯᠡᠰ ᠤᠨ ᠠᠷᠭ᠎ᠠ ᠵᠠᠮ ᠢ ᠨᠡᠪᠲᠡᠷᠡᠭᠦᠯᠵᠦ᠂ ᠪᠠᠶ᠋ᠬᠠᠣᠪᠤᠭ᠎ᠠ ᠶᠢᠨ ᠲᠤᠬᠠᠢ ᠶᠢᠨ ᠭᠠᠵᠠᠷ ᠤᠨ ᠨᠠᠰᠤᠲᠠᠶᠢᠴᠤᠳ ᠤᠨ ︽ᠭᠠᠳᠠᠭᠰᠢ ᠭᠠᠷᠴᠤ︾ ᠡᠮᠦᠨᠡᠲᠦ ᠣᠷᠣᠨ ᠤ | ᠭᠠᠵᠠᠷ ᠣᠷᠣᠨ ᠤ ᠣᠨᠴᠠᠯᠢᠭ᠂ ᠰᠣᠶᠣᠯ ᠢᠷᠭᠡᠨᠰᠢᠯ ᠤᠨ ᠣᠷᠴᠢᠨ ᠲᠣᠭᠤᠷᠢᠨ ᠢ ᠡᠳ᠋ᠯᠡᠭᠦᠯᠬᠦ ᠪᠠᠷ ᠪᠠᠷᠠᠬᠤ ᠦᠭᠡᠢ ᠪᠠᠰᠠ ᠭᠠᠳᠠᠷ ᠣᠷᠣᠨ ᠤ ᠨᠠᠰᠤᠲᠠᠶᠢᠴᠤᠳ ᠢ ︽ᠤᠷᠢᠵᠤ | ᠠᠪᠴᠢᠷᠠᠵᠤ︾ ᠪᠠᠶ᠋ᠬᠠᠣᠪᠤᠭ᠎ᠠ ᠶᠢᠨ ᠲᠠᠯ᠎ᠠ ᠨᠤᠲᠤᠭ ᠤᠨ ᠵᠤᠭᠠᠴᠠᠯ ᠤᠨ ᠦᠢᠯᠡᠰ ᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠭᠤᠷᠪᠠ ᠳᠤ᠂ ᠴᠡᠷᠢᠭ ᠢᠶᠠᠨ ᠬᠦᠷᠢᠶᠡᠯᠡᠨ | ᠬᠠᠷᠠᠭᠠᠯᠵᠠᠬᠤ ᠠᠵᠢᠯᠯᠠᠭ᠎ᠠ ᠶᠢ ᠬᠦᠴᠦᠯᠡᠨ ᠥᠷᠨᠢᠭᠦᠯᠵᠦ᠂ ᠦᠢᠯᠡᠴᠢᠯᠡᠭᠡ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠦᠢᠯᠡᠴᠢᠯᠡᠭᠡᠨ ᠤ ᠲᠥᠪ ︵ᠥᠷᠲᠡᠭᠡ︶ ᠤᠨ | ᠮᠡᠳᠡᠷᠡᠯ ᠤᠨ ᠰᠡᠵᠢᠭᠦᠷ ᠤᠨ ᠦᠢᠯᠡᠳᠦᠯ ᠪᠠ ︽ᠡᠮᠦᠨ᠎ᠡ ᠦᠵᠦᠭᠦᠷ︾ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠳᠣᠣᠷᠠᠳᠤ ᠱᠠᠲᠤᠨ ᠤ ᠬᠠᠮᠲᠤᠷᠠᠨ ᠬᠥᠳᠡᠯᠦᠯᠴᠡᠬᠦ | ᠠᠵᠢᠯ ᠤᠨ ᠲᠣᠭᠲᠠᠴᠠ ᠶᠢ ᠪᠦᠷᠢᠨᠰᠢᠭᠦᠯᠦᠨ᠎ᠡ᠃ ︽ᠲᠠᠪᠤ ᠶᠢ ᠪᠦᠷᠢᠳᠦᠭᠦᠯᠬᠦ︾ ᠬᠠᠷᠠᠯᠲᠠ ᠶᠢ ᠪᠦᠷᠢᠨ ᠪᠥᠷᠬᠦᠭᠦᠯᠵᠦ᠂ ︽ᠪᠤᠭᠤᠲᠤ ᠬᠤᠲᠠ ᠶᠢᠨ ᠬᠤᠰᠢᠭᠤ ᠰᠢᠶᠠᠨ | ᠲᠣᠭᠤᠷᠢᠭ ᠤᠨ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶ ᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠡᠭᠦᠷᠭᠡ ᠶᠢᠨ ᠨᠠᠷᠢᠨ | ᠲᠠᠩᠰᠠ︾ ᠶᠢ ᠰᠠᠶᠢᠲᠤᠷ ᠨᠠᠶᠢᠳᠠᠪᠤᠷᠢᠵᠢᠭᠤᠯᠵᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ᠲᠦᠷᠪᠡ ᠳᠤ᠂ ᠪᠡᠯᠡ ᠮᠥᠩᠭᠦ ᠶᠢᠨ ᠳᠡᠮᠵᠢᠯᠭᠡ ᠶᠢ ᠣᠯᠵᠤ᠂ ᠴᠢᠨᠳᠠᠷ ᠤᠨ ᠲᠠᠩᠬᠢᠮ ᠤᠨ ᠠᠷᠠᠳ ᠲᠤ ᠠᠰᠢᠭ ᠬᠦᠷᠲᠡᠭᠡᠬᠦ | ᠲᠦᠷᠦᠯ ᠵᠦᠢᠯ ᠢ ᠰᠠᠶᠢᠲᠤᠷ ᠬᠢᠨ᠎ᠡ᠃ 2025 ᠣᠨ ᠳᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠤᠯᠪᠤᠭᠠᠯᠠᠵᠤ ᠲᠥᠪ ᠤᠨ ᠲᠥᠰᠦᠪ ᠢ ᠭᠤᠶᠤᠴᠢᠯᠠᠵᠤ | ᠴᠢᠨᠳᠠᠷ ᠤᠨ ᠲᠢᠩᠬᠢᠮ ᠢ ᠪᠦᠲᠦᠭᠡᠨ ᠪᠠᠶᠢᠭᠤᠯᠬᠤ ᠳᠤ ᠬᠡᠷᠡᠭᠯᠡᠬᠦ ᠪᠠᠷ ᠲᠥᠯᠥᠪᠯᠡᠵᠦ ᠪᠠᠶᠢᠨ᠎ᠠ᠃ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ ᠪᠠᠲᠤᠯᠠᠭ᠎ᠠ ᠶᠢᠨ ᠳᠦᠷᠢᠮ | ᠪᠣᠯᠤᠨ ᠠᠷᠠᠳ ᠲᠤ ᠠᠰᠢᠭ ᠬᠦᠷᠲᠡᠭᠡᠬᠦ ᠣᠷᠣᠰᠢᠭᠤᠯᠭ᠎ᠠ ᠶᠢᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠤᠲᠠ | ᠬᠥᠳᠡᠭᠡ ᠶᠢᠨ ᠬᠦᠴᠢᠷᠳᠡᠯᠲᠡᠶ ᠣᠯᠠᠨ ᠲᠦᠮᠡᠨ ᠤ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠢ ᠪᠠᠲᠤᠯᠠᠨ ᠪᠠᠲᠤᠯᠠᠬᠤ ᠡᠭᠦᠷᠭᠡ ᠬᠠᠷᠢᠭᠤᠴᠠᠯᠭ᠎ᠠ ᠶᠢ ᠦᠨᠡᠨ ᠬᠦ | ᠭᠦᠢᠴᠡᠳᠬᠡᠵᠦ᠂ ᠴᠢᠨᠳᠠᠷ ᠢ ᠬᠦᠯᠢᠶᠡᠨ ᠠᠪᠬᠤ᠂ ᠲᠦᠷ ᠬᠠᠳᠠᠭᠠᠯᠠᠬᠤ᠂ ᠳᠡᠭᠳᠡᠭᠡᠬᠦ᠂ ᠴᠢᠨᠳᠠᠷ ᠢ ᠬᠠᠳᠠᠭᠠᠯᠠᠬᠤ ᠵᠡᠷᠭᠡ ᠣᠷᠣᠰᠢᠭᠤᠯᠭ᠎ᠠ ᠶᠢᠨ ᠦᠨᠳᠦᠰᠦᠨ ᠦᠢᠯᠡᠴᠢᠯᠡᠭᠡᠨ ᠤ | ᠵᠠᠷᠤᠳᠠᠯ ᠢ ᠬᠠᠰᠤᠵᠤ ᠬᠡᠯᠲᠦᠷᠢᠭᠦᠯᠬᠦ ᠪᠤᠶᠤ ᠨᠥᠬᠦᠪᠥᠷᠢᠯᠡᠵᠦ᠂ ᠣᠯᠠᠨ ᠲᠦᠮᠡᠨ ᠤ ᠳᠠᠷᠤᠭᠠᠰᠤ ᠶᠢ ᠬᠦᠩᠭᠡᠷᠡᠭᠦᠯᠦᠨ᠎ᠡ᠃ | |