ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠪᠣᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ | ᠮᠥᠴᠢᠷ ᠪᠣᠯᠤᠨ᠎ᠠ᠂ ᠵᠢᠩᠬᠢᠨᠢ ᠰᠠᠯᠠᠭᠠᠨ ᠤ ᠳᠡᠰ᠂ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠳ᠋ᠡᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ | ᠫᠠᠶᠢᠰᠠ ᠶᠢ ᠨᠡᠮᠡᠵᠦ ᠡᠯᠭᠦᠪᠡ᠃ | ᠨᠢᠭᠡ᠂ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠮᠡᠳᠡᠭᠡ ᠵᠠᠩᠭᠢ | ︵ᠨᠢᠭᠡ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠲᠡᠭᠦᠨ ᠢᠶᠠᠨ | ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠭᠦᠢᠴᠡᠳᠭᠡᠬᠦ ᠬᠤᠷᠠᠯ᠂ ᠱᠠᠯᠠᠪᠳᠠᠭᠤᠯᠤᠨ ᠪᠠᠶᠢᠴᠠᠭᠠᠬᠤ᠂ ᠰᠣᠨᠢᠨ ᠮᠡᠳᠡᠭᠡ ᠨᠡᠶᠢᠲᠡᠯᠡᠬᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ᠂ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠬᠤ᠂ ᠲᠣᠭᠠᠴᠢᠯᠠᠭᠰᠠᠨ ᠠᠵᠤ ᠠᠬᠤᠢ ᠶᠢ ᠬᠥᠭᠵᠢᠭᠦᠯᠬᠦ᠂ ᠲᠣᠭᠠᠴᠢᠯᠠᠭᠰᠠᠨ ᠨᠡᠶᠢᠭᠡᠮ ᠢ ᠪᠠᠶᠢᠭᠤᠯᠬᠤ᠂ | ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠵᠢᠴᠢ ᠪᠦᠳᠦᠭᠡᠨ ᠪᠠᠶᠢᠭᠤᠯᠤᠯᠲᠠ ᠵᠡᠷᠭᠡ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠭᠤᠰᠢᠯᠠᠭᠤᠯᠪᠠ᠃ | ︵ᠬᠤᠶᠠᠷ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠢ ᠬᠠᠪᠰᠤᠷᠤᠨ ᠪᠦᠬᠦ ᠲᠣᠭᠤᠷᠢᠭ ᠤᠨ ᠠᠵᠢᠯ ᠤᠨ ᠪᠠᠶᠢᠳᠠᠯ ᠢ ᠤᠶᠢᠯᠠᠭᠠᠨ | ᠡᠵᠡᠮᠰᠢᠨ᠎ᠡ᠃ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠵᠢᠭᠠᠪᠤᠷᠢ ᠶᠢ ᠦᠨᠳᠦᠰᠦᠯᠡᠨ᠂ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠴᠢᠬᠤᠯᠠ ᠠᠵᠢᠯ ᠤᠨ ᠪᠠᠶᠢᠷᠢᠯᠠᠭᠤᠯᠤᠯᠲᠠ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠴᠢᠬᠤᠯᠠ ᠠᠰᠠᠭᠤᠳᠠᠯ ᠢ | ᠪᠠᠶᠢᠴᠠᠭᠠᠨ ᠰᠤᠳᠤᠯᠬᠤ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠤᠨ᠎ᠠ᠃ ᠡᠯ᠎ᠡ ᠰᠠᠯᠠᠭ᠎ᠠ ᠮᠥᠴᠢᠷ᠂ ᠠᠵᠢᠯ ᠲᠥᠷᠥᠯ ᠤᠨ ᠴᠢᠬᠤᠯᠠ ᠠᠵᠢᠯ ᠤᠨ ᠠᠬᠢᠴᠠ ᠶᠢᠨ ᠪᠠᠶᠢᠳᠠᠯ ᠢ | ᠶᠡᠷᠦᠩᠬᠡᠶᠢᠯᠡᠨ ᠮᠡᠳᠡᠭᠦᠯᠬᠦ ᠶᠢ ᠬᠠᠷᠢᠭᠤᠴᠠᠨ᠎ᠠ᠃ | ︵ᠭᠤᠷᠪᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠠᠯᠪᠠᠨ | ᠪᠢᠴᠢᠭ ᠢ ᠵᠣᠬᠢᠶᠠᠨ ᠪᠠᠶᠢᠭᠤᠯᠤᠨ ᠲᠤᠭᠤᠷᠪᠢᠨ ᠪᠢᠴᠢᠬᠦ ᠪᠤᠶᠤ ᠬᠢᠨᠠᠨ ᠬᠠᠷᠭᠤᠭᠤᠯᠤᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠶᠠᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠳᠡᠭᠡᠳᠦ ᠱᠠᠲᠤᠨ ᠳᠤ ᠮᠡᠳᠡᠭᠦᠯᠬᠦ᠂ ᠠᠵᠢᠯ ᠢᠶᠠᠨ | ᠬᠠᠷᠢᠭᠤ ᠮᠡᠳᠡᠭᠦᠯᠬᠦ ᠵᠡᠷᠭᠡ ᠡᠬᠡ ᠨᠤᠤᠷᠠᠭ ᠢ ᠵᠣᠬᠢᠶᠠᠨ ᠪᠠᠶᠢᠭᠤᠯᠤᠨ ᠲᠤᠭᠤᠷᠪᠢᠨ᠎ᠠ᠃ | ︵ᠲᠦᠷᠪᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ᠂ | ᠪᠥᠬᠦᠳᠡ ᠬᠤᠷᠠᠯ᠂ ᠲᠣᠭᠤᠷᠢᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠲᠣᠭᠤᠷᠢᠭ ᠤᠨ ᠳᠠᠷᠤᠭ᠎ᠠ ᠶᠢᠨ ᠲᠤᠰᠬᠠᠶ ᠰᠡᠳᠦᠪᠲᠦ ᠬᠤᠷᠠᠯ᠂ ᠠᠷᠠᠳᠴᠢᠯᠠᠯ ᠤᠨ | ᠠᠮᠢᠳᠤᠷᠠᠯ ᠤᠨ ᠬᠤᠷᠠᠯ ᠵᠡᠷᠭᠡ ᠬᠤᠷᠠᠯ ᠤᠨ ᠶᠠᠪᠤᠳᠠᠯ ᠢ ᠬᠠᠷᠢᠭᠤᠴᠠᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠬᠤᠷᠠᠯ ᠤᠨ ᠲᠣᠭᠲᠠᠭᠠᠭᠰᠠᠨ ᠵᠦᠢᠯᠡᠰ ᠢ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠤᠷᠠᠯ ᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠲᠠᠪᠤ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠠ ᠲᠤᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠤᠳᠤᠷᠢᠳᠬᠤ ᠨᠥᠬᠦᠳ ᠤᠨ ᠡᠳᠦᠷ ᠲᠤᠲᠤᠮ ᠤᠨ ᠠᠯᠪᠠᠯᠠᠬᠤ ᠠᠵᠢᠯᠯᠠᠭ᠎ᠠ ᠶᠢᠨ ᠲᠣᠬᠢᠷᠠᠭᠤᠯᠤᠯᠲᠠ ᠶᠢ ᠬᠠᠷᠢᠭᠤᠴᠠᠨ᠎ᠠ᠃ | ︵ᠵᠢᠷᠭᠤᠭ᠎ᠠ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ | ᠵᠢᠭᠠᠪᠤᠷᠢ ᠠᠪᠬᠤ ᠵᠦᠢᠯᠡᠰ ᠢ ᠬᠢᠨᠠᠨ ᠬᠠᠷᠭᠤᠭᠤᠯᠬᠤ ᠶᠢ ᠬᠠᠷᠢᠭᠤᠴᠠᠵᠤ᠂ ᠰᠢᠢᠳᠪᠦᠷᠢᠯᠡᠬᠦ ᠰᠠᠨᠠᠯ ᠳᠤᠷᠠᠳᠴᠤ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠤᠳᠤᠷᠢᠳᠬᠤ ᠨᠥᠬᠦᠳ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ | ︵ᠳᠤᠯᠤᠭ᠎ᠠ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ | ᠬᠤᠲᠠ ᠪᠣᠯᠤᠨ ᠮᠠᠨ ᠤ ᠲᠤᠭᠤᠷᠢᠭ ᠤᠨ ᠤᠳᠤᠷᠢᠳᠬᠤ ᠨᠥᠬᠦᠳ ᠤᠨ ᠵᠢᠭᠠᠪᠤᠷᠢ ᠴᠣᠬᠤᠯᠠᠪᠤᠷᠢ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠶᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠣᠯᠤᠨ ᠲᠣᠭᠤᠷᠢᠭ ᠤᠨ ᠵᠠᠰᠠᠭ ᠤᠨ ᠣᠷᠳᠣᠨ ᠤ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠠᠵᠢᠯ ᠢ ᠬᠠᠷᠢᠭᠤᠴᠠᠨ᠎ᠠ᠃ | ︵ᠨᠠᠢᠮᠠ︶ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠵᠣᠬᠢᠶᠠᠨ ᠪᠠᠶᠢᠭᠤᠯᠵᠤ | ᠤᠳᠤᠷᠢᠳᠬᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠰᠦᠯᠵᠢᠶᠡᠨ ᠤ ᠲᠠᠪᠴᠠᠩ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠮᠡᠳᠡᠭᠡ | ᠵᠠᠩᠭᠢᠴᠢᠳ ᠤᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠵᠢᠴᠢ ᠮᠠᠨ ᠤ ᠲᠣᠭᠤᠷᠢᠭ ᠤᠨ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠴᠢᠬᠤᠯᠠ ᠮᠡᠳᠡᠭᠡ ᠵᠠᠩᠭᠢ ᠶᠢ ᠴᠤᠭᠯᠠᠭᠤᠯᠬᠤ᠂ ᠡᠮᠬᠢᠯᠡᠬᠦ ᠶᠢ ᠬᠠᠷᠢᠭᠤᠴᠠᠨ᠎ᠠ᠃ ᠤᠳᠤᠷᠢᠳᠤᠯᠭ᠎ᠠ ᠶᠢᠨ ᠰᠢᠢᠳᠪᠦᠷᠢᠲᠦ ᠪᠣᠳᠣᠯᠭ᠎ᠠ | ᠲᠣᠭᠲᠠᠭᠠᠬᠤ ᠳᠤ ᠯᠠᠪᠯᠠᠯᠲᠠ ᠪᠣᠯᠭᠠᠵᠤ ᠪᠣᠯᠬᠤ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠵᠡᠷᠭᠡ ᠡᠯ᠎ᠡ ᠲᠥᠷᠥᠯ ᠤᠨ ᠴᠢᠬᠤᠯᠠ ᠮᠡᠳᠡᠭᠡ ᠵᠠᠩᠭᠢ ᠶᠢ | ᠴᠤᠭᠯᠠᠭᠤᠯᠤᠨ ᠡᠮᠬᠢᠳᠬᠡᠬᠦ ᠶᠢ ᠬᠠᠷᠢᠭᠤᠴᠠᠵᠤ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ | ᠦᠢᠯᠡᠴᠢᠯᠡᠭᠡ ᠬᠠᠩᠭᠠᠨ᠎ᠠ᠃ | ︵ᠶᠢᠰᠦ︶ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠶᠡᠷᠦᠩᠬᠡᠶ ᠵᠢᠵᠢᠭᠦᠷᠯᠡᠬᠦ ᠠᠵᠢᠯ ᠢ ᠬᠠᠷᠢᠭᠤᠴᠠᠨ᠎ᠠ᠃ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ | ᠰᠢᠢᠳᠪᠦᠷᠢᠯᠡᠬᠦ ᠠᠵᠢᠯ ᠢ ᠬᠠᠷᠢᠭᠤᠴᠠᠵᠤ᠂ ᠴᠢᠬᠤᠯᠠ ᠪᠠᠶᠢᠳᠠᠯ ᠢ ᠴᠠᠭ ᠲᠤᠬᠠᠶ ᠳᠤᠨᠢ ᠮᠡᠳᠡᠭᠦᠯᠵᠦ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ | ᠨᠥᠬᠦᠳ ᠤᠨ ᠵᠢᠭᠠᠪᠤᠷᠢ ᠶᠢ ᠤᠯᠠᠮᠵᠢᠯᠠᠬᠤ ᠪᠠ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ | ︵ᠠᠷᠪᠠ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠢᠰᠲ᠋ᠧᠮ ᠠᠴᠠ ᠡᠭᠦᠷᠭᠡᠯᠡᠭᠰᠡᠨ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠪᠠ ᠮᠠᠨ ᠤ | ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ | ᠭᠦᠢᠴᠡᠳᠭᠡᠬᠦ ᠠᠵᠢᠯ ᠢ ᠵᠣᠬᠢᠶᠠᠨ ᠪᠠᠶᠢᠭᠤᠯᠬᠤ ᠪᠠ ᠵᠢᠯᠣᠭᠤᠳᠤᠨ᠎ᠠ᠃ | ︵ᠠᠷᠪᠠᠨ ᠨᠢᠭᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠢᠴᠢᠭ ᠮᠠᠲ᠋ᠧᠷᠢᠶᠠᠯ | ᠴᠠᠬᠢᠯᠭᠠᠨ ᠮᠡᠳᠡᠭᠡ ᠬᠤᠷᠢᠶᠠᠵᠤ ᠲᠠᠷᠬᠠᠭᠠᠬᠤ ᠠᠵᠢᠯᠯᠠᠭᠠᠨ᠂ ᠪᠢᠴᠢᠭ ᠬᠠᠷ᠎ᠠ ᠳᠠᠩᠰᠠ ᠡᠪᠬᠡᠮᠡᠯ᠂ ᠲᠠᠮᠠᠭ᠎ᠠ ᠶᠢᠨ ᠬᠠᠮᠢᠶᠠᠷᠤᠯᠲᠠ᠂ ᠨᠢᠭᠤᠴᠠ ᠴᠢᠬᠤᠯᠠ ᠨᠢᠭᠤᠴᠠ ᠶᠢ ᠬᠠᠮᠠᠭᠠᠯᠠᠬᠤ | ᠵᠡᠷᠭᠡ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠬᠡᠷᠡᠭᠯᠡᠯᠲᠡ ᠳᠡᠯᠭᠡᠷᠡᠭᠦᠯᠦᠯᠲᠡ᠂ | ᠠᠵᠢᠯᠯᠠᠭᠠᠨ ᠤ ᠪᠠᠲᠤᠯᠠᠭ᠎ᠠ᠂ ᠬᠢᠨᠠᠯᠲᠠ ᠲᠠᠯᠪᠢᠵᠤ ᠵᠢᠯᠣᠭᠤᠳᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠵᠢᠴᠢ ᠮᠡᠳᠡᠭᠡ ᠵᠠᠩᠭᠢ ᠶᠢᠨ ᠰᠢᠰᠲ᠋ᠧᠮ ᠤᠨ ᠨᠢᠭᠤᠴᠠ ᠶᠢ | ᠬᠠᠮᠠᠭᠠᠯᠠᠬᠤ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠨ᠎ᠡ᠃ ᠲᠣᠭᠤᠷᠢᠭ ᠤᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ᠂ ᠠᠷᠠᠳ ᠤᠨ ᠰᠦᠯᠵᠢᠶᠡᠨ ᠤ ᠣᠷᠣᠨ ᠨᠤᠲᠤᠭ ᠤᠨ | ᠤᠳᠤᠷᠢᠳᠤᠯᠭ᠎ᠠ ᠶᠢᠨ ᠦᠭᠡ ᠦᠯᠡᠳᠡᠭᠡᠬᠦ ᠰᠠᠮᠪᠠᠷ᠎ᠠ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠰᠦᠯᠵᠢᠶᠡᠨ ᠢᠷᠭᠡᠳ ᠤᠨ ᠦᠭᠡ ᠦᠯᠡᠳᠡᠭᠡᠬᠦ ᠶᠢ ᠬᠦᠯᠢᠶᠡᠨ ᠠᠪᠴᠤ | ᠰᠢᠢᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ OA ᠶᠢᠨ ᠬᠠᠮᠵᠢᠯᠴᠠᠨ ᠠᠵᠢᠯᠯᠠᠬᠤ ᠰᠢᠰᠲ᠋ᠧᠮ ᠢ ᠬᠡᠷᠡᠭᠯᠡᠵᠦ | ᠳᠡᠯᠭᠡᠷᠡᠭᠦᠯᠬᠦ ᠪᠠ ᠬᠠᠮᠠᠭᠠᠯᠠᠬᠤ ᠠᠵᠢᠯ ᠢ ᠬᠠᠷᠢᠭᠤᠴᠠᠨ᠎ᠠ᠃ | ︵ᠠᠷᠪᠠᠨ ᠭᠤᠷᠪᠠ︶ ᠪᠦᠬᠦ ᠲᠣᠭᠤᠷᠢᠭ ᠤᠨ ᠭᠠᠳᠠᠭᠠᠳᠤ ᠶᠠᠪᠤᠳᠠᠯ ᠤᠨ ᠠᠵᠢᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠲᠥᠯᠥᠪᠵᠢᠭᠦᠯᠭᠡ ᠪᠣᠯᠤᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠬᠡᠷᠡᠭᠵᠢᠭᠦᠯᠬᠦ᠂ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠬᠤ ᠶᠢᠨ ᠬᠠᠮᠲᠤ ᠪᠦᠬᠦ ᠲᠣᠭᠤᠷᠢᠭ ᠤᠨ ᠭᠠᠳᠠᠭᠠᠳᠤ ᠶᠠᠪᠤᠳᠠᠯ ᠤᠨ ᠠᠵᠢᠯ ᠤᠨ ᠶᠡᠷᠦᠩᠬᠡᠶᠢᠯᠡᠨ | ᠰᠢᠰᠲ᠋ᠧᠮᠵᠢᠭᠦᠯᠦᠨ ᠬᠠᠮᠢᠶᠠᠷᠬᠤ ᠡᠭᠦᠷᠭᠡ ᠴᠢᠳᠠᠪᠤᠷᠢ ᠶᠢ ᠭᠦᠢᠴᠡᠳᠭᠡᠨ᠎ᠡ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠠᠴᠠ ᠪᠦᠬᠦ | ᠲᠤᠭᠤᠷᠢᠭ ᠤᠨ ᠴᠢᠬᠤᠯᠠ ᠭᠠᠳᠠᠭᠠᠳᠤ ᠶᠠᠪᠤᠳᠠᠯ ᠤᠨ ᠠᠰᠠᠭᠤᠳᠠᠯ ᠤᠨ ᠲᠤᠬᠠᠶ ᠵᠢᠭᠠᠪᠤᠷᠢ ᠠᠪᠬᠤ᠂ ᠮᠡᠳᠡᠭᠦᠯᠬᠦ ᠶᠢ ᠬᠠᠷᠢᠭᠤᠴᠠᠨ᠎ᠠ᠃ | ︵ᠠᠷᠪᠠᠨ ᠳᠥᠷᠪᠡ︶ ᠪᠦᠬᠦ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ᠪᠥᠬᠦ ᠲᠣᠭᠤᠷᠢᠭ ᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠦᠮᠴᠢᠯᠡᠬᠦ ᠶᠢ ᠠᠬᠢᠭᠤᠯᠬᠤ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠨᠢᠭᠡ ᠴᠤᠭᠴᠠᠵᠢᠭᠤᠯᠬᠤ ᠶᠢ ᠠᠬᠢᠭᠤᠯᠤᠨ᠂ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠭᠲᠠᠯᠴᠠᠭ᠎ᠠ ᠶᠢ ᠪᠠᠶᠢᠭᠤᠯᠤᠨ᠎ᠠ᠃ ᠰᠠᠯᠠᠭ᠎ᠠ ᠮᠥᠴᠢᠷ ᠢ ᠵᠣᠬᠢᠴᠠᠭᠤᠯᠤᠨ ᠠᠬᠢᠭᠤᠯᠬᠤ ᠰᠠᠯᠠᠭ᠎ᠠ ᠮᠥᠴᠢᠷ ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ ᠲᠠᠩᠰᠠ ᠵᠡᠷᠭᠡ ᠰᠠᠭᠤᠷᠢ ᠨᠠᠷᠢᠨ ᠲᠠᠩᠰᠠ ᠶᠢ ᠪᠠᠷᠢᠮᠵᠢᠶᠠᠵᠢᠭᠤᠯᠬᠤ ᠪᠠ ᠬᠠᠮᠢᠶ᠎ᠠ ᠪᠥᠬᠦᠶ ᠲᠦᠷᠢᠮ ᠤᠨ ᠪᠠᠶᠢᠭᠤᠯᠤᠯᠲᠠ ᠶᠢᠨ | ᠠᠵᠢᠯ ᠢ ᠰᠠᠶᠢᠲᠤᠷ ᠬᠢᠬᠦ ᠶᠢ ᠬᠠᠷᠢᠭᠤᠴᠠᠨ᠎ᠠ᠃ ᠪᠥᠬᠦ ᠲᠣᠭᠤᠷᠢᠭ ᠤᠨ ᠨᠢᠭᠡ ᠴᠤᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠬᠤᠯᠪᠣᠭᠳᠠᠯ | ᠪᠥᠬᠦᠶ ᠠᠵᠢᠯ ᠢ ᠲᠥᠯᠥᠪᠵᠢᠭᠦᠯᠦᠨ ᠵᠢᠯᠣᠭᠤᠳᠴᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠵᠣᠬᠢᠶᠠᠨ ᠪᠠᠶᠢᠭᠤᠯᠵᠤ ᠬᠠᠮᠢᠶᠠᠷᠬᠤ ᠠᠵᠢᠯ ᠢ | ᠡᠭᠦᠷᠭᠡᠯᠡᠨ᠂ ᠪᠥᠬᠦ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠴᠦᠨ ᠴᠢᠳᠠᠪᠤᠷᠢ ᠶᠢ ᠬᠢᠨᠠᠨ ᠪᠠᠶᠢᠴᠠᠭᠠᠬᠤ ᠠᠵᠢᠯ ᠢ ᠡᠭᠦᠷᠭᠡᠯᠡᠨ᠎ᠡ᠃ | ︵ᠠᠷᠪᠠᠨ ᠲᠠᠪᠤ︶ ᠪᠥᠬᠦ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠵᠢᠯ ᠢ ᠨᠢᠭᠡᠳᠦᠯᠲᠡᠶ ᠲᠥᠯᠥᠪᠯᠡᠨ ᠵᠢᠯᠣᠭᠤᠳᠤᠨ᠎ᠠ᠃ | ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ ᠬᠠᠮᠲᠤ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃ ᠪᠥᠬᠦ ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠤᠨ ᠦᠨᠡᠯᠡᠯᠲᠡ ᠶᠢᠨ ᠠᠵᠢᠯ ᠢ ᠰᠠᠶᠢᠲᠤᠷ | ᠬᠢᠨ᠎ᠠ᠃ | ︵ᠠᠷᠪᠠᠨ ᠵᠢᠷᠭᠤᠭ᠎ᠠ︶ ᠪᠦᠬᠦ ᠲᠣᠭᠤᠷᠢᠭ ᠤᠨ ᠳ᠋ᠠᠶᠢᠲ᠋ᠠ ᠶᠢᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ᠂ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ ᠬᠠᠮᠲᠤ ᠳᠤ ᠪᠠᠨ ᠬᠦᠷᠲᠡᠬᠦ ᠪᠠ ᠨᠡᠭᠡᠭᠡᠨ ᠠᠰᠢᠭᠯᠠᠬᠤ ᠶᠢ ᠠᠬᠢᠭᠤᠯᠤᠨ᠎ᠠ᠃ ᠳ᠋ᠠᠶᠢᠲ᠋ᠠ ᠶᠢᠨ ᠡᠬᠢ ᠪᠠᠶᠠᠯᠢᠭ ᠢ ᠲᠥᠷᠥᠯ ᠬᠤᠪᠢᠶᠠᠨ ᠱᠠᠲᠤ ᠬᠤᠪᠢᠶᠠᠨ ᠬᠠᠮᠢᠶᠠᠷᠬᠤ ᠶᠢ | ᠵᠣᠬᠢᠴᠠᠭᠤᠯᠤᠨ ᠠᠬᠢᠭᠤᠯᠵᠤ᠂ ᠣᠯᠠᠨ ᠨᠡᠶᠢᠲᠡ ᠶᠢᠨ ᠳ᠋ᠠᠶᠢᠲ᠋ᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠵᠣᠬᠢᠶᠠᠨ ᠪᠠᠶᠢᠭᠤᠯᠤᠨ ᠠᠬᠢᠭᠤᠯᠵᠤ᠂ ᠮᠡᠳᠡᠭᠡ ᠵᠠᠩᠭᠢ ᠶᠢᠨ ᠡᠬᠢ | ᠪᠠᠶᠠᠯᠢᠭ ᠤᠨ ᠠᠵᠢᠯ ᠲᠥᠷᠥᠯ ᠠᠯᠤᠰᠯᠠᠨ ᠰᠠᠯᠠᠭ᠎ᠠ ᠮᠥᠴᠢᠷ ᠠᠯᠤᠰᠯᠠᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠨᠢᠭᠡ ᠴᠣᠭᠴᠠᠵᠢᠭᠤᠯᠤᠭᠰᠠᠨ | ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ | ︵ᠠᠷᠪᠠᠨ ᠳᠣᠯᠤᠭ᠎ᠠ︶ ᠪᠥᠬᠦ ᠲᠣᠭᠤᠷᠢᠭ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠪᠥᠬᠦ | ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠡᠯᠧᠺᠲᠷᠣᠨ ᠵᠠᠰᠠᠭ ᠤᠨ ᠶᠠᠪᠤᠳᠠᠯ ᠤᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠬᠦ᠂ ᠲᠥᠯᠥᠪᠵᠢᠭᠦᠯᠬᠦ᠂ | ᠵᠣᠬᠢᠴᠠᠭᠤᠯᠬᠤ᠂ ᠵᠢᠯᠣᠭᠤᠳᠬᠤ᠂ ᠬᠢᠨᠠᠯᠲᠠ ᠲᠠᠯᠪᠢᠬᠤ ᠶᠢ ᠬᠠᠷᠢᠭᠤᠴᠠᠨ᠎ᠠ᠃ ᠲᠣᠭᠤᠷᠢᠭ ᠤᠨ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ | ᠵᠦᠢᠯ ᠢ ᠬᠢᠨᠠᠨ ᠵᠥᠪᠰᠢᠶᠡᠷᠡᠬᠦ᠂ ᠪᠦᠲᠦᠭᠡᠨ ᠪᠠᠶᠢᠭᠤᠯᠬᠤ᠂ ᠬᠠᠮᠢᠶᠠᠷᠬᠤ ᠬᠠᠮᠢᠶ᠎ᠠ ᠪᠦᠬᠦᠢ ᠳᠦᠷᠢᠮ ᠢ ᠲᠤᠭᠤᠷᠪᠢᠨ ᠲᠣᠭᠲᠠᠭᠠᠬᠤ ᠶᠢ ᠬᠠᠷᠢᠭᠤᠴᠠᠨ᠎ᠠ᠃ ᠲᠤᠭᠤᠷᠢᠭ ᠤᠨ ᠲᠣᠰ | ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢᠵᠢᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ᠂ ᠲᠥᠷᠥᠯ ᠵᠦᠢᠯ ᠲᠣᠭᠲᠠᠭᠠᠬᠤ᠂ ᠬᠢᠨᠠᠨ ᠵᠥᠪᠰᠢᠶᠡᠷᠡᠬᠦ ᠶᠢ | ᠬᠠᠷᠢᠭᠤᠴᠠᠨ᠎ᠠ᠃ ᠲᠤᠭᠤᠷᠢᠭ ᠤᠨ ᠲᠣᠰ ᠱᠠᠲᠤᠨ ᠤ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢ ᠬᠠᠷᠢᠭᠤᠴᠠᠵᠤ᠂ ᠪᠥᠬᠦ ᠲᠤᠭᠤᠷᠢᠭ ᠤᠨ ᠬᠠᠮᠢᠶ᠎ᠠ ᠪᠥᠬᠦᠶ ᠠᠵᠢᠯ ᠢ ᠵᠢᠯᠣᠭᠤᠳᠤᠨ᠎ᠠ᠃ | ︵ᠠᠷᠪᠠᠨ ᠨᠠᠢᠮᠠ︶ ᠲᠣᠭᠠᠴᠢᠯᠠᠭᠰᠠᠨ ᠠᠵᠤ ᠠᠬᠤᠢ ᠶᠢᠨ ᠬᠥᠭᠵᠢᠯᠲᠡ ᠶᠢ ᠵᠣᠬᠢᠴᠠᠭᠤᠯᠤᠨ ᠠᠬᠢᠭᠤᠯᠵᠤ᠂ ᠲᠣᠭᠠᠴᠢᠯᠠᠭᠰᠠᠨ ᠠᠵᠤ ᠦᠢᠯᠡᠰᠵᠢᠯᠲᠡ ᠪᠣᠯᠤᠨ ᠠᠵᠤ | ᠦᠢᠯᠡᠰ ᠤᠨ ᠲᠣᠭᠠᠴᠢᠯᠠᠯᠲᠠ ᠶᠢ ᠠᠬᠢᠭᠤᠯᠵᠤ᠂ ᠲᠣᠭᠠᠴᠢᠯᠠᠭᠰᠠᠨ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠎ᠠ᠃ | ︵ᠠᠷᠪᠠ ᠶᠢᠰᠦ︶ ᠲᠣᠭᠠᠴᠢᠯᠠᠭᠰᠠᠨ ᠨᠡᠶᠢᠭᠡᠮ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠣᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ | ᠮᠡᠳᠡᠭᠡ ᠵᠠᠩᠭᠢᠵᠢᠯᠲᠠ ᠶᠢ ᠠᠬᠢᠭᠤᠯᠵᠤ᠂ ᠣᠶᠤᠨᠴᠢ ᠬᠤᠲᠠ ᠶᠢᠨ ᠪᠦᠲᠦᠭᠡᠨ ᠪᠠᠢᠭᠤᠯᠤᠯᠲᠠ ᠶᠢ ᠠᠬᠢᠭᠤᠯᠤᠨ᠎ᠠ᠃ ︽12345︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠢ ᠬᠠᠷᠢᠭᠤᠴᠠᠨ᠎ᠠ᠃ | ︵ᠬᠤᠷᠢ︶ ᠲᠤᠭᠤᠷᠢᠭ ᠤᠨ ᠲᠣᠰ ᠱᠠᠲᠤᠨ ᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ | ᠬᠠᠷᠢᠭᠤᠴᠠᠨ᠎ᠠ᠃ ᠡᠯ᠎ᠡ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠦᠷᠨᠢᠭᠦᠯᠬᠦ ᠶᠢ | ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ᠎ᠠ᠃ ᠪᠥᠬᠦ ᠲᠣᠭᠤᠷᠢᠭ ᠤᠨ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠡ ᠶᠢᠨ ᠲᠥᠯᠥᠪᠵᠢᠭᠦᠯᠭᠡ ᠪᠠ ᠬᠢᠨᠠᠯᠲᠠ | ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ | ᠡᠭᠦᠷᠭᠡᠯᠡᠨ᠎ᠡ᠃ | ︵ᠬᠤᠷᠢᠨ ᠨᠢᠭᠡ︶ ᠴᠢᠬᠤᠯᠠ ᠮᠡᠳᠡᠭᠡ ᠵᠠᠩᠭᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ᠂ ᠨᠡᠭᠡᠭᠡᠨ ᠬᠥᠭᠵᠢᠭᠦᠯᠵᠦ ᠬᠠᠮᠲᠤᠪᠠᠷ ᠡᠳ᠋ᠯᠡᠬᠦ ᠠᠵᠢᠯ ᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠵᠤ᠂ ᠤᠯᠠᠨ ᠨᠡᠶᠢᠲᠡ ᠶᠢᠨ ᠦᠢᠯᠡᠴᠢᠯᠡᠭᠡ ᠪᠣᠯᠤᠨ ᠨᠡᠶᠢᠭᠡᠮ ᠤᠨ ᠵᠠᠰᠠᠯᠲᠠ ᠶᠢᠨ ᠮᠡᠳᠡᠭᠡ ᠵᠠᠩᠭᠢᠵᠢᠯᠲᠠ ᠶᠢ ᠠᠬᠢᠭᠤᠯᠵᠤ᠂ ᠮᠡᠳᠡᠭᠡ ᠵᠠᠩᠭᠢ ᠶᠢᠨ | ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠵᠢᠯᠣᠭᠤᠳᠤᠨ᠎ᠠ᠃ | ︵ᠬᠤᠷᠢᠨ ᠬᠤᠶᠠᠷ︶ ᠲᠤᠭᠤᠷᠢᠭ ᠤᠨ ᠨᠠᠮ ᠤᠨ ᠬᠤᠷᠢᠶ᠎ᠠ ᠪᠠ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠬᠤᠶᠠᠷ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠡᠶᠢᠲ᠋ᠠ ᠶᠢᠨ | ᠬᠠᠮᠢᠶᠠᠷᠤᠯᠲᠠ ᠶᠢᠨ ᠲᠤᠪᠴᠢᠶ᠎ᠠ︶ ᠳᠣᠲᠣᠭᠠᠳᠤ ᠪᠠᠶᠢᠭᠤᠯᠤᠮᠵᠢ ᠭᠠᠷᠭᠠᠬᠤ ᠦᠭᠡᠢ᠃ | ᠠᠵᠢᠯᠯᠠᠬᠤ ᠬᠠᠶ᠋ᠢᠭ᠄ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠤᠪᠣᠷ ᠰᠢᠷᠣᠶ ᠶᠢᠨ ᠵᠠᠮ ᠤᠨ ᠵᠠᠰᠠᠭ ᠤᠨ ᠣᠷᠳᠣᠨ ᠤ ᠲᠣᠮᠣ ᠠᠰᠠᠷ ᠤᠨ ᠬᠤᠶᠠᠳᠤᠭᠠᠷ ᠳᠠᠪᠬᠤᠷᠯᠢᠭ | ᠠᠯᠪᠠᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | ᠥᠷᠯᠥᠭᠡ ᠶᠢᠨ 8᠄ 30 - 12᠄ 00᠂ ᠦᠳᠡ ᠶᠢᠨ ᠬᠤᠶᠢᠨᠠᠬᠢ 14᠄ 30 - 17᠄ 30 | ᠬᠠᠷᠢᠯᠴᠠᠬᠤ ᠠᠷᠭ᠎ᠠ᠄ 0472-8517617 | ᠬᠠᠷᠢᠭᠤᠴᠠᠯᠭ᠎ᠠ ᠡᠭᠦᠷᠭᠡᠯᠡᠭᠴᠢ᠄ ᠳ᠋ᠤᠸᠠᠨ ᠷᠦ ᠭᠠᠩ | |