ᠪᠠᠶ᠋ᠬᠠᠤᠪᠤᠭ᠎ᠠ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ 2024 ᠣᠨ ᠤ ᠭᠤᠷᠪᠠᠳᠤᠭᠠᠷ ᠠᠵᠤ ᠦᠢᠯᠡᠰ ᠤᠨ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠵᠢᠴᠢ 2025 ᠣᠨ ᠤ ᠲᠤᠭ᠎ᠠ ᠪᠦᠷᠢᠳᠬᠡᠯ ᠤᠨ ᠲᠣᠭᠲᠠᠮᠠᠯ ᠮᠡᠳᠡᠭᠦᠯᠬᠦ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/18
    ︽ᠲᠤᠭ᠎ᠠ ᠪᠦᠷᠢᠳᠬᠡᠯ ᠤᠨ ᠬᠠᠤᠯᠢ︾ ᠶᠢᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ᠠᠭᠤᠯᠭ᠎ᠠ ᠶᠢ ᠭᠦᠨᠵᠡᠭᠡᠶ ᠲᠤᠭᠤᠰᠢᠯᠠᠭᠤᠯᠵᠤ ᠂ 2024 ᠣᠨ ᠤ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠪᠠ 2025 ᠣᠨ ᠤ ᠲᠣᠭᠲᠠᠭᠰᠠᠨ ᠮᠡᠳᠡᠭᠦᠯᠦᠯᠲᠡ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠵᠢᠴᠢ ᠵᠢᠷᠤᠮᠵᠢᠯ ᠤᠨ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 18 ᠤ ᠡᠳᠦᠷ᠂ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ 2024 ᠣᠨ ᠤ ᠭᠤᠷᠪᠠᠳᠤᠭᠠᠷ ᠠᠵᠤ ᠦᠢᠯᠡᠰ ᠤᠨ ᠲᠤᠭ᠎ᠠ ᠪᠦᠷᠢᠳᠬᠡᠯ ᠤᠨ ᠣᠨ ᠤ ᠮᠡᠳᠡᠭᠦᠯᠦᠯᠲᠡ ᠪᠠ 2025 ᠣᠨ ᠤ ᠲᠤᠭ᠎ᠠ ᠪᠦᠷᠢᠳᠬᠡᠯ ᠤᠨ ᠲᠣᠭᠲᠠᠮᠠᠯ ᠮᠡᠳᠡᠭᠦᠯᠦᠯᠲᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ ᠬᠤᠷᠢ ᠭᠠᠷᠤᠶ ᠬᠥᠮᠦᠨ ᠬᠤᠷᠠᠯ ᠳᠤ ᠣᠷᠣᠯᠴᠠᠵᠠᠶ᠃
白云区统计局召开2024年三产统计年报暨2025年统计定报业务培训会11.jpg
    ᠬᠤᠷᠠᠯ ᠳᠡᠭᠡᠷ᠎ᠡ᠂ ᠡᠩ ᠲᠡᠷᠢᠭᠦᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨᠬᠠᠤᠯᠢ︾ ᠶᠢ ᠭᠦᠨᠵᠡᠭᠡᠶ ᠰᠤᠷᠤᠯᠴᠠᠵᠤ᠂ ᠲᠤᠭ᠎ᠠ ᠪᠦᠷᠢᠳᠬᠡᠯ ᠤᠨ ᠠᠵᠢᠯᠲᠠᠨ ᠤ ᠬᠠᠤᠯᠢ ᠶᠣᠰᠣᠭᠠᠷ ᠲᠤᠭ᠎ᠠ ᠪᠦᠷᠢᠳᠭᠡᠬᠦ ᠦᠵᠡᠯ ᠤᠬᠠᠮᠰᠠᠷ ᠢ ᠴᠢᠩᠭᠠᠷᠠᠭᠤᠯᠤᠨ᠂ ᠪᠠᠶᠢᠴᠠᠭᠠᠯᠲᠠ ᠬᠢᠬᠦ ᠡᠲᠡᠭᠡᠳ ᠤᠨ ᠬᠠᠤᠯᠢ ᠶᠣᠰᠣᠭᠠᠷ ᠲᠤᠭ᠎ᠠ ᠪᠦᠷᠢᠳᠭᠡᠬᠦ ᠦᠵᠡᠯ ᠤᠬᠠᠮᠰᠠᠷ ᠢ ᠪᠣᠶ ᠪᠣᠯᠭᠠᠪᠠ᠃ ᠳᠠᠷᠠᠭ᠎ᠠ ᠨᠢ᠂ ᠲᠤᠭ᠎ᠠ ᠪᠦᠷᠢᠳᠬᠡᠯ ᠤᠨ ᠡᠭᠦᠯᠡᠨ ᠲᠠᠪᠴᠠᠩ ᠤᠨ ᠠᠵᠢᠯᠯᠠᠬᠤ ᠶᠠᠪᠤᠴᠠ᠂ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ᠶᠢᠨ ᠲᠦᠷᠢᠮ᠂ ᠭᠤᠤᠯᠳᠠᠯᠭ᠎ᠠ ᠪᠣᠯᠬᠤ ᠭᠦᠢᠴᠡᠳᠬᠡᠯ ᠲᠤᠭ᠎ᠠ᠂ ᠲᠤᠭ᠎ᠠ ᠪᠦᠷᠢᠳᠬᠡᠯ ᠤᠨ ᠡᠬᠡ ᠲᠠᠩᠰᠠ ᠶᠢ ᠪᠠᠶᠢᠭᠤᠯᠬᠤ ᠵᠡᠷᠭᠡ ᠲᠠᠯ᠎ᠠ ᠶᠢᠨ ᠲᠣᠭᠤᠷᠢᠨ ᠳᠤ᠂ ᠠᠵᠢᠯ ᠲᠥᠷᠥᠯ ᠤᠨ ᠡᠵᠡᠩᠨᠡᠯᠲᠡ ᠶᠢᠨ ᠣᠨᠴᠠᠯᠢᠭ ᠪᠠ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠵᠦ᠂ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃
白云区统计局召开2024年三产统计年报暨2025年统计定报业务培训会22.jpg
    ᠲᠣᠰ ᠤᠳᠠᠭᠠᠨ ᠤ ᠲᠥᠪᠯᠡᠷᠡᠭᠦᠯᠦᠨ ᠪᠣᠯᠪᠠᠰᠤᠷᠠᠬᠤ ᠪᠠᠷ ᠳᠡᠮᠵᠢᠨ᠂ ᠲᠤᠭ᠎ᠠ ᠪᠦᠷᠢᠳᠬᠡᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠬᠢᠭᠡᠳ ᠬᠠᠤᠯᠢ ᠪᠠᠷ ᠵᠠᠰᠠᠬᠤ ᠦᠵᠡᠯᠲᠡ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ ᠪᠠᠰᠠ 2024 ᠣᠨ ᠤ ᠣᠨ ᠤ ᠮᠡᠳᠡᠭᠦᠯᠦᠯᠲᠡ ᠪᠠ 2025 ᠣᠨ ᠤ ᠲᠣᠭᠲᠠᠮᠠᠯ ᠮᠡᠳᠡᠭᠦᠯᠦᠯᠲᠡ ᠶᠢᠨ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ 
ᠢᠷᠡᠯᠲᠡ᠄ ᠪᠠᠶ᠋ᠬᠠᠣᠪᠤᠭ᠎ᠠ ᠶᠢᠨ ᠲᠤᠭ᠎ᠠ ᠪᠦᠷᠢᠳᠬᠡᠯ