ᠵᠠᠰᠠᠭ ᠤᠨ ᠣᠷᠳᠣᠨ ᠤ ᠠᠵᠢᠯ ᠤᠨ ᠮᠡᠳᠡᠭᠦᠯᠦᠯᠲᠡ | | — 2025 ᠣᠨ ᠤ 1 ᠳ᠋ᠦ᠋ᠭᠡᠷ ᠰᠠᠷ᠎ᠠ ᠶᠢᠨ 19 ᠤ ᠡᠳᠦᠷ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯᠳᠤᠭᠠᠨ ᠳᠡᠭᠡᠷ᠎ᠡ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠹᠧᠩ ᠬᠦᠶ ᠱᠠ | ᠲᠥᠯᠥᠭᠡᠯᠡᠭᠴᠢᠳ ᠡ᠄ | ᠤᠳᠤ ᠪᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ | ᠲᠣᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠤᠨ ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2024 ᠣᠨ ᠤ ᠠᠵᠢᠯ ᠤᠨ ᠡᠷᠭᠢᠴᠡᠭᠦᠯᠦᠯ | ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠭᠰᠠᠨ ᠵᠠᠩᠭᠢᠯᠠᠭ᠎ᠠ ᠶᠢᠨ ᠵᠢᠯ | ᠪᠣᠯᠤᠨ᠎ᠠ᠂ ᠮᠥᠨᠴᠦ ᠪᠢᠳᠡᠨ ᠤ ᠬᠦᠴᠦᠯᠡᠨ ᠲᠡᠮᠡᠴᠡᠵᠦ᠂ ᠦᠷ᠎ᠡ ᠪᠦᠲᠦᠮᠵᠢ ᠰᠠᠶᠢᠲᠠᠢ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠲᠤᠭᠤᠷᠢᠭ ᠤᠨ ᠨᠠᠮ ᠤᠨ ᠬᠤᠷᠢᠶ᠎ᠠ ᠪᠦᠬᠦ | ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠲᠥᠪ ᠬᠤᠷᠢᠶᠠᠨ ᠤ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ | ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠠᠬᠢᠴᠠ | ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ | ᠡᠨᠡ ᠪᠣᠯ ᠶᠡᠷᠦᠩᠬᠡᠶᠢᠯᠡᠭᠰᠡᠨ ᠪᠣᠳᠠᠲᠤ ᠬᠦᠴᠦᠨ ᠯᠠᠪᠳᠠᠭᠤᠨ ᠢᠶᠠᠷ ᠳᠡᠭᠡᠭᠰᠢᠯᠡᠭᠰᠡᠨ ᠨᠢᠭᠡ ᠵᠢᠯ ᠪᠣᠯᠤᠨ᠎ᠠ᠃ ᠵᠢᠱᠢᠯᠲᠡ ᠪᠠᠷ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ 70 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25% ᠣᠷᠴᠢᠮ ᠨᠡᠮᠡᠭᠳᠡᠪᠡ︔ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 60% ᠣᠷᠴᠢᠮ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ | ᠬᠤᠭᠤᠴᠠᠭᠠᠨ ᠤ ᠬᠢ ᠠᠴᠠ 105% ᠣᠷᠴᠢᠮ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 9.2 ᠳ᠋ᠦᠩᠰᠢᠭᠤᠷ | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠣᠷᠴᠢᠮ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠨᠡᠶᠢᠲᠡ 8.07 ᠳ᠋ᠦᠩᠰᠢᠭᠤᠷ | ᠲᠥᠭᠦᠷᠢᠭ ᠢ ᠪᠡᠶᠡᠯᠡᠭᠦᠯᠵᠦ᠂ 17.6 % ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 64300 ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 4% ᠣᠷᠴᠢᠮ ᠨᠡᠮᠡᠭᠳᠡᠪᠡ᠃ ᠲᠡᠷᠢᠭᠦᠯᠡᠨ ᠲᠠᠪᠰᠢᠵᠤ ᠣᠯᠠᠨ ᠴᠡᠴᠡᠭ ᠳᠡᠯᠭᠡᠷᠡᠪᠡ᠃ | ᠪᠥᠬᠦ ᠤᠯᠤᠰ ᠤᠨ ᠠᠩᠬᠠᠳᠠᠭᠴᠢ ︽ᠬᠤᠶᠠᠷ ᠣᠷᠣᠨ ᠤ ᠭᠠᠳᠠᠨ᠎ᠠ︾ ᠲᠣᠮᠣ ᠬᠡᠯᠪᠡᠷᠢ ᠶᠢᠨ ᠬᠥᠳᠡᠯᠭᠡᠭᠦᠷ ᠮᠠᠰᠢᠨ ᠤ ᠭᠠᠶᠢᠯᠢ ᠪᠠᠲᠤᠯᠠᠬᠤ ᠰᠡᠯᠪᠢᠨ ᠵᠠᠰᠠᠬᠤ ᠲᠤᠷᠰᠢᠯᠲᠠ ᠶᠢᠨ | ᠴᠡᠭ ᠤᠨ ᠲᠥᠷᠥᠯ ᠵᠦᠢᠯ ᠢᠶᠠᠷ ᠵᠥᠪᠰᠢᠶᠡᠷᠡᠭᠳᠡᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠲᠤᠷᠰᠢᠯᠲᠠ ᠶᠢᠨ ᠴᠡᠭ ᠤᠨ 4 ᠵᠦᠢᠯ ᠤᠨ ᠵᠢᠱᠢᠶ᠎ᠡ ᠦᠵᠡᠭᠦᠯᠬᠦ᠂ | 3 ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠣᠯᠪᠠ᠃ ᠪᠥᠬᠦ ᠵᠢᠯ ᠳᠤ ᠳᠡᠭᠡᠳᠦ ᠱᠠᠲᠤᠨ ᠤ ᠪᠠᠯᠠ ᠮᠥᠩᠭᠦ ᠶᠢ 2.95 ᠳ᠋ᠦᠩᠰᠢᠭᠤᠷ ᠲᠥᠭᠦᠷᠢᠭ ᠴᠢᠷᠮᠠᠶᠢᠨ | ᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ︔ ᠪᠥᠬᠦ ᠬᠤᠲᠠ ᠳᠤ ᠤᠷᠢᠳᠠᠪᠠᠷ ᠳᠠᠯᠳᠠ ᠥᠷᠢ ᠥᠭᠴᠡᠭᠡ ᠶᠢ ᠢᠯᠭᠠᠷᠠᠭᠤᠯᠤᠨ | ᠠᠷᠢᠯᠭᠠᠵᠤ᠂ ᠬᠤᠶᠠᠷ ᠵᠢᠯ ᠳᠠᠷᠠᠭᠠᠯᠠᠨ ᠪᠥᠬᠦ ᠬᠤᠲᠠ ᠶᠢᠨ ᠥᠷᠢ ᠥᠭᠴᠡᠭᠡᠨ ᠤ ᠨᠣᠷᠮ᠎ᠠ ᠬᠠᠮᠤᠭ ᠤᠨ ᠳᠣᠤᠷ᠎ᠠ᠂ ᠥᠷᠢ ᠥᠭᠴᠡᠭᠡᠨ ᠤ ᠳᠡᠰ ᠵᠡᠷᠭᠡ ᠶᠢᠨ ᠴᠣᠷ ᠤᠨ ᠭᠠᠭᠴᠠ | ᠪᠣᠬᠢᠷᠲᠤᠯ ᠥᠬᠡᠶ ᠭᠠᠵᠠᠷ ᠣᠷᠣᠨ ᠪᠣᠯᠪᠠ᠃ ᠲᠣᠭᠤᠷᠢᠭ ᠤᠨ ᠦᠨᠳᠦᠰᠦᠲᠡᠨ ᠤ ᠬᠡᠦᠬᠡᠳ ᠤᠨ ᠴᠡᠴᠡᠷᠯᠢᠭ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠵᠢᠱᠢᠶ᠎ᠡ ᠦᠵᠡᠭᠦᠯᠬᠦ | ᠬᠡᠦᠬᠡᠳ ᠤᠨ ᠴᠡᠴᠡᠷᠯᠢᠭ᠂ ᠠᠮᠤᠷ ᠠᠮᠤᠭᠤᠯᠠᠩ ᠰᠤᠷᠭᠠᠭᠤᠯᠢ ᠶᠢᠨ ᠬᠦᠷᠢᠶ᠎ᠡ ᠪᠠᠷ ᠦᠨᠡᠯᠡᠭᠳᠡᠪᠡ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠢᠭᠡᠳᠦᠭᠡᠷ ᠪᠠᠭ᠎ᠠ | ᠰᠤᠷᠭᠠᠭᠤᠯᠢ ᠨᠢ ᠪᠦᠬᠦ ᠤᠯᠤᠰ ᠤᠨ ᠴᠣᠷ ᠤᠨ ᠭᠠᠭᠴᠠ ︽ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ︾ ᠪᠠᠷ ᠨᠡᠷᠡᠶᠢᠳᠦᠭᠰᠡᠨ ᠰᠤᠷᠭᠠᠭᠤᠯᠢ ᠪᠣᠯᠤᠭᠰᠠᠨ | ᠪᠥᠭᠡᠳ ᠥᠪᠡᠷᠲᠡᠭᠡᠨ ᠵᠠᠰᠠᠬᠤ ᠣᠷᠣᠨ ᠤ ︽ᠠᠷᠪᠠᠨ ᠰᠢᠯᠢᠳᠡᠭ ᠪᠣᠯᠪᠠᠰᠤᠨ ᠰᠤᠷᠭᠠᠭᠤᠯᠢ ᠶᠢᠨ ᠬᠦᠷᠢᠶ᠎ᠡ︾ ᠶᠢᠨ ᠴᠣᠯᠠ ᠶᠢ ᠬᠦᠷᠲᠡᠪᠡ᠂ ᠲᠡᠮᠦᠷ ᠤᠨ ᠠᠭᠤᠷᠬᠠᠢ ᠶᠢᠨ | ᠬᠤᠶᠠᠳᠤᠭᠠᠷ ᠪᠠᠭ᠎ᠠ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠬᠥᠳᠡᠯᠮᠦᠷᠢ ᠶᠢᠨ ᠰᠤᠷᠭᠠᠨ ᠬᠥᠮᠦᠵᠢᠯ ᠤᠨ ᠲᠤᠷᠰᠢᠯᠲᠠ ᠶᠢᠨ ᠰᠤᠷᠭᠠᠭᠤᠯᠢ ᠪᠠᠷ ᠦᠨᠡᠯᠡᠭᠳᠡᠪᠡ᠃ | ᠰᠢᠩ ᠭᠤᠸᠠᠩ ᠨᠡᠶᠢᠭᠡᠮ ᠲᠣᠭᠤᠷᠢᠭ᠂ ᠪᠦᠦ ᠱᠠᠨ ᠨᠡᠶᠢᠭᠡᠮ ᠲᠣᠭᠤᠷᠢᠭ ᠬᠤᠲᠠ ᠶᠢᠨ ᠲᠠᠰ ᠤᠨ ᠤᠯᠠᠭᠠᠨ ᠠᠨᠠᠷ ᠭᠡᠷ ᠣᠷᠣᠨ ᠤ ᠢᠷᠠᠭᠤ ᠠᠯᠳᠠᠷ ᠢ ᠭᠥᠷᠳᠡᠵᠦ᠂ ᠠᠭᠤᠷᠬᠠᠶ ᠶᠢᠨ | ᠳᠤᠷᠠᠳᠬᠠᠯ ᠤᠨ ᠦᠵᠡᠰᠬᠦᠯᠡᠩ ᠤᠨ ᠣᠷᠳᠣᠨ ᠬᠤᠲᠠ ᠶᠢᠨ ᠱᠠᠲᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠬᠥᠮᠦᠵᠢᠯ ᠦᠢᠯᠡᠳᠦᠯᠭᠡ ᠶᠢᠨ ᠰᠠᠭᠤᠷᠢᠨ ᠭᠠᠵᠠᠷ ᠤᠨ ᠢᠷᠠᠭᠤ ᠠᠯᠳᠠᠷ ᠢ ᠭᠥᠷᠳᠡᠪᠡ᠃ ᠮᠠᠨ ᠤ ᠲᠣᠭᠤᠷᠢᠭ ᠪᠥᠬᠦ ᠬᠤᠲᠠ ᠶᠢᠨ ᠠᠩᠬᠠᠳᠠᠭᠴᠢ ᠴᠢᠨᠠᠷ ᠰᠠᠶᠢᠲᠠᠶ ᠠᠵᠢᠯᠯᠠᠭᠠᠨ ᠤ | ᠨᠢᠭᠲᠠᠷᠠᠭᠰᠠᠨ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠭᠠᠵᠠᠷ ᠣᠷᠣᠨ ᠪᠣᠯᠪᠠ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠢᠯ | ᠡᠯᠪᠡᠭ ᠪᠠᠶᠠᠯᠢᠭ ᠦᠷ᠎ᠡ ᠪᠦᠲᠦᠮᠵᠢ ᠣᠯᠪᠠ᠃ ︽ᠬᠤᠶᠠᠷ ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ ᠪᠥᠬᠦ | ᠬᠤᠲᠠ ᠶᠢᠨ ︽3 + 5 + N︾ ᠠᠵᠤ ᠦᠢᠯᠡᠰ ᠤᠨ ᠲᠣᠭᠲᠠᠯᠴᠠᠭ᠎ᠠ ᠶᠢᠨ ᠪᠥᠲᠥᠭᠡᠨ ᠪᠠᠶᠢᠭᠤᠯᠤᠯᠲᠠ ᠳᠤ ᠠᠭᠤᠰᠤᠯᠴᠠᠵᠤ᠂ ︽2 + 3 + N︾ ᠭᠤᠤᠯᠳᠠᠯᠭ᠎ᠠ ᠪᠣᠯᠬᠤ | ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠢ ᠲᠥᠯᠥᠪᠯᠡᠨ ᠪᠠᠶᠢᠷᠢᠯᠠᠭᠤᠯᠪᠠ᠃ 13 ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠡᠩᠨᠡᠭᠡ ᠶᠢ ᠵᠣᠬᠢᠶᠠᠨ | ᠪᠠᠶᠢᠭᠤᠯᠵᠤ᠂ ᠪᠥᠬᠦ ᠠᠵᠢᠯᠲᠠᠨ ᠢᠶᠠᠷ ᠢᠶᠠᠨ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠪᠥᠬᠦ ᠵᠢᠯ ᠳᠤ 23 ᠲᠥᠷᠥᠯ | ᠵᠦᠢᠯ ᠳᠤ ᠭᠡᠷ᠎ᠡ ᠲᠣᠭᠲᠠᠵᠤ᠂ 13 ᠶᠢ ᠨᠠᠶᠢᠳᠠᠪᠤᠷᠢᠵᠢᠭᠤᠯᠤᠨ᠂ 11 ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠤᠯᠤᠰ ᠤᠨ ᠳᠣᠲᠣᠭᠠᠳᠤ ᠶᠢᠨ ᠪᠠ | ᠲᠣᠭᠤᠷᠢᠭ ᠤᠨ ᠭᠠᠳᠠᠨᠠᠬᠢ ᠪᠠᠯᠠ ᠮᠥᠩᠭᠦ ᠶᠢ 42.9 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠪᠠ᠃ ᠰᠢᠨ᠎ᠡ ᠪᠠᠷ ᠨᠡᠮᠡᠭᠳᠡᠭᠰᠡᠨ ᠲᠦᠷᠪᠡᠳᠦᠭᠡᠷ ᠠᠵᠤ ᠠᠬᠤᠶᠢᠯᠠᠯ 22 | ᠪᠠᠶᠢᠵᠤ᠂ ᠶᠡᠷᠦᠩᠬᠡᠶ ᠬᠡᠮᠵᠢᠶ᠎ᠡ ᠨᠢ 70 ᠳᠤ ᠬᠦᠷᠪᠡ᠃ ᠰᠢᠨ᠎ᠡ ᠶᠢ ᠡᠭᠦᠳᠬᠦ ᠲᠤᠷᠰᠢᠯᠭ᠎ᠠ ᠶᠢᠨ ᠬᠢᠯᠠᠰ ᠴᠡᠭ ᠵᠠᠯᠭᠠᠭ᠎ᠠ ᠪᠠᠷ ᠢᠯᠡᠷᠡᠪᠡ᠃ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠬᠡᠬᠦ︾ ᠥᠭᠡᠷᠡᠴᠢᠯᠡᠯᠲᠡ ᠳᠤᠮᠳᠠᠳᠤ ᠤᠯᠤᠰ ᠤᠨ ᠳᠥᠷᠪᠡᠳᠦᠭᠡᠷ ᠬᠤᠭᠤᠴᠠᠭᠠᠨ ᠤ ᠲᠣᠭᠠᠴᠢᠯᠠᠭᠰᠠᠨ ᠵᠠᠰᠠᠭ ᠤᠨ ᠶᠠᠪᠤᠳᠠᠯ ᠤᠨ ᠬᠥᠭᠵᠢᠯᠲᠡ ᠶᠢᠨ ᠣᠨ ᠤ | ᠬᠤᠷᠠᠯ ᠤᠨ ᠨᠡᠶᠢᠲᠡᠯᠢᠭ ᠬᠡᠷᠡᠭ ᠤᠨ ᠵᠢᠱᠢᠶ᠎ᠡ ᠪᠠᠷ ᠰᠣᠩᠭᠤᠭᠳᠠᠪᠠ᠃ ᠪᠦᠬᠦ ᠬᠤᠲᠠ ᠳᠤ ᠠᠩᠬᠠᠳᠠᠭᠴᠢ ︽ᠤᠷᠤᠢ ᠶᠢᠨ ᠰᠤᠷᠭᠠᠭᠤᠯᠢ︾ ᠶᠢᠨ ᠲᠠᠪᠴᠠᠩ ᠢ ᠳᠡᠯᠭᠡᠷᠡᠭᠦᠯᠵᠦ᠂ | ᠵᠠᠯᠠᠭᠤᠴᠤᠳ ᠤᠨ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠨᠠᠩ ᠡᠯᠪᠡᠭ ᠪᠠᠶᠠᠯᠢᠭ ᠪᠣᠯᠭᠠᠪᠠ᠃ ᠪᠤᠭᠤᠲᠤ ᠬᠤᠲᠠ ᠶᠢᠨ ᠠᠩᠬᠠᠳᠠᠭᠴᠢ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠰᠡᠳᠦᠪᠲᠦ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠢ ᠪᠠᠶᠢᠭᠤᠯᠵᠤ᠂ | ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠯᠤᠭ᠎ᠠ ᠶᠢᠨ ᠣᠷᠣᠨ ᠪᠦᠰᠡ ᠶᠢᠨ ᠬᠠᠷᠢᠯᠴᠠᠭ᠎ᠠ ᠨᠠᠩ ᠨᠢᠭᠲᠠ ᠪᠣᠯᠪᠠ᠃ ᠴᠢᠨᠠᠷ ᠰᠠᠢᠲᠠᠢ ᠬᠥᠭᠵᠢᠯᠲᠡ ᠶᠢᠨ ᠰᠠᠭᠤᠷᠢ ᠮᠥᠩᠭᠦ ᠶᠢ | ᠪᠠᠶᠢᠭᠤᠯᠵᠤ᠂ ᠠᠩᠬᠠᠨ ᠤ ᠪᠦᠯᠦᠭ ᠤᠨ 2000 ᠲᠦᠮᠡᠨ ᠲᠥᠭᠦᠷᠢᠭ ᠤᠨ ᠰᠠᠭᠤᠷᠢ ᠮᠥᠩᠭᠦ ᠲᠠᠷᠬᠠᠭᠠᠵᠤ᠂ ᠬᠤᠪᠣᠷ ᠰᠢᠷᠤᠢ ᠶᠢᠨ ᠠᠵᠤ ᠠᠬᠤᠢᠯᠠᠯ ᠤᠨ ᠬᠥᠭᠵᠢᠯᠲᠡ ᠳᠤ | ᠬᠦᠴᠦᠨ ᠨᠡᠮᠡᠷᠢᠯᠡᠪᠡ᠃ ᠪᠦᠬᠦ ᠵᠢᠯ ᠳᠤ ᠤᠷᠢᠳ ᠬᠤᠵᠢᠳ ᠣᠪᠤᠭᠠᠲᠤ ᠠᠭᠤᠷᠬᠠᠢ ᠵᠡᠷᠭᠡ 5 ᠵᠦᠢᠯ ᠤᠨ ᠰᠢᠨ᠎ᠡ ᠠᠭᠤᠷᠬᠠᠢ ᠶᠢ ᠢᠯᠡᠷᠡᠭᠦᠯᠵᠦ᠂ ᠳᠠᠬᠢᠨ ᠪᠠᠶ᠋ᠬᠠᠤᠪᠤᠭ᠎ᠠ ᠶᠢᠨ ᠨᠡᠷ᠎ᠡ | ᠠᠯᠳᠠᠷᠰᠢᠯ ᠢ ᠳᠡᠭᠡᠭᠰᠢᠯᠡᠭᠦᠯᠪᠡ᠃ | ᠡᠨᠡ ᠪᠣᠯ ᠠᠵᠤ ᠦᠢᠯᠡᠰ ᠤᠨ ᠬᠡᠯᠪᠡᠷᠢ ᠶᠢᠨ ᠬᠤᠪᠢᠷᠠᠯᠲᠠ ᠢᠯᠡᠷᠬᠡᠢ ᠨᠢᠭᠡ ᠵᠢᠯ ᠪᠣᠯᠣᠨ᠎ᠠ᠃ ᠳᠠᠪᠠᠭᠤᠯᠢᠭ ᠠᠵᠤ ᠦᠢᠯᠡᠰ ᠢ ᠳᠡᠰ ᠳᠡᠪᠰᠢᠭᠦᠯᠪᠡ᠃ ᠰᠢᠩ ᠪᠥᠸᠧ ᠬᠤᠪᠣᠷ | ᠰᠢᠷᠣᠶ ᠶᠢᠨ ᠰᠢᠨ᠎ᠡ ᠮᠠᠲ᠋ᠧᠷᠢᠶᠠᠯ᠂ ᠺᠧ ᠺᠧ᠂ ᠬᠤᠸᠠᠨ ᠢᠦᠢ᠂ ᠰᠢ ᠽᠢ ᠵᠡᠷᠭᠡ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ ᠤᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ | ᠡᠵᠡᠩᠨᠡᠵᠦ᠂ ᠾᠧᠩ ᠱᠧᠩ ᠰᠣᠷᠢᠨᠵᠢᠨ ᠮᠠᠲ᠋ᠧᠷᠢᠶᠠᠯ᠂ ᠶᠤᠸᠠᠨ ᠯᠢᠨ ᠰᠢᠨ᠎ᠡ ᠮᠠᠲ᠋ᠧᠷᠢᠶᠠᠯ᠂ ᠳᠠᠬᠢᠨ ᠡᠭᠦᠰᠬᠦᠶᠢᠴᠡ ᠬᠤᠪᠣᠷ ᠰᠢᠷᠣᠶ ᠶᠢᠨ ᠲᠡᠮᠦᠷᠯᠢᠭ ᠵᠡᠷᠭᠡ ᠲᠥᠷᠥᠯ ᠵᠦᠢᠯ ᠢ | ᠠᠵᠢᠯ ᠡᠬᠢᠯᠡᠭᠦᠯᠦᠨ ᠪᠥᠲᠥᠭᠡᠨ ᠪᠠᠶᠢᠭᠤᠯᠵᠤ᠂ ᠬᠤᠪᠣᠷ ᠰᠢᠷᠣᠶ ᠶᠢᠨ ᠠᠵᠤ ᠦᠢᠯᠡᠰ ᠤᠨ ᠬᠡᠯᠬᠢᠶ᠎ᠡ ᠲᠠᠰᠤᠷᠠᠯᠲᠠ ᠥᠬᠡᠶ ᠥᠷᠭᠡᠳᠴᠦ᠂ ᠬᠤᠪᠣᠷ ᠰᠢᠷᠣᠶ ᠶᠢᠨ ᠰᠢᠨ᠎ᠡ | ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠠᠶᠢᠳᠠᠯ ᠢ ᠪᠣᠶ ᠪᠣᠯᠭᠠᠪᠠ᠃ ᠪᠠᠶ᠋ᠬᠠᠣᠪᠤᠭ᠎ᠠ ᠲᠡᠮᠦᠷ ᠤᠨ ᠠᠭᠤᠷᠬᠠᠢ᠂ ᠪᠣᠣ ᠱᠠᠨ ᠠᠭᠤᠷᠬᠠᠢ ᠶᠢᠨ ᠦᠢᠯᠡᠰ᠂ | ᠪᠤᠭᠤᠲᠤ ᠶᠢᠨ ᠪᠤᠯᠤᠳ ᠲᠡᠮᠤᠷ ᠤᠨ ᠠᠭᠤᠷᠬᠠᠢ ᠶᠢᠨ ᠦᠢᠯᠡᠰ᠂ ᠬᠤᠩ ᠱᠧᠨ᠂ ᠸᠧ ᠡᠯ ᠲᠧ ᠵᠡᠷᠭᠡ ᠠᠵᠤ ᠦᠢᠯᠡᠳᠪᠦᠷᠢ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ | ᠲᠣᠭᠲᠠᠪᠤᠷᠢᠵᠢᠭᠤᠯᠤᠨ ᠴᠢᠳᠠᠪᠤᠷᠢ ᠪᠠᠨ ᠥᠷᠭᠡᠳᠬᠡᠵᠦ᠂ ᠪᠦᠬᠦ ᠵᠢᠯ ᠳᠤ ᠨᠡᠶᠢᠳᠡ 1 219 ᠲᠦᠮᠡᠨ ᠲᠣᠨ ᠲᠡᠮᠦᠷ ᠤᠨ ᠬᠦᠳᠡᠷ᠂ 201 ᠲᠦᠮᠡᠨ ᠲᠣᠨ ᠲᠡᠮᠦᠷ ᠤᠨ ᠨᠠᠷᠢᠯᠢᠭ | ᠬᠦᠳᠡᠷ᠂ 24 ᠲᠦᠮᠡᠨ ᠲᠣᠨ ᠬᠤᠪᠣᠷ ᠰᠢᠷᠣᠢ ᠶᠢᠨ ᠨᠠᠷᠢᠯᠢᠭ ᠬᠦᠳᠡᠷ᠂ 58 ᠲᠦᠮᠡᠨ ᠲᠣᠨ ᠬᠠᠶᠢᠯᠤᠭᠤᠷ ᠵᠣᠩᠰᠢ ᠶᠢᠨ ᠨᠠᠷᠢᠯᠢᠭ ᠬᠦᠳᠡᠷ ᠭᠠᠳᠠᠭᠰᠢ ᠭᠠᠷᠭᠠᠪᠠ᠃ ᠪᠦᠬᠦ | ᠵᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ 8 ᠰᠢᠨ᠎ᠡ ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ 24 ᠪᠣᠯᠵᠤ᠂ ᠦᠢᠯᠡᠳᠬᠦᠨ ᠤ | ᠥᠷᠲᠡᠭ ᠨᠢ ᠨᠡᠶᠢᠲᠡ 50.42 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 132.8 % ᠪᠠᠷ ᠨᠡᠮᠡᠭᠳᠡᠪᠡ᠃ ᠭᠤᠣᠯᠳᠠᠯᠭ᠎ᠠ ᠪᠣᠯᠬᠤ | ᠲᠥᠷᠥᠯ ᠵᠦᠢᠯ ᠤᠨ ᠪᠣᠭᠤᠮᠲᠠ ᠰᠢᠪᠲᠤᠯᠬᠤ ᠠᠵᠢᠯ ᠡᠷᠴᠢᠮᠲᠡᠢ ᠶᠠᠪᠤᠭᠳᠠᠪᠠ᠃ ᠪᠦᠬᠦ ᠵᠢᠯ ᠳᠤ 50 ᠭᠤᠣᠯᠳᠠᠯᠭ᠎ᠠ ᠪᠣᠯᠬᠤ ᠲᠥᠷᠥᠯ ᠵᠦᠢᠯ ᠢ ᠬᠡᠷᠡᠭᠵᠢᠭᠦᠯᠵᠦ᠂ ᠥᠩᠭᠡᠷᠡᠭᠰᠡᠨ | ᠵᠢᠯ ᠤᠳ ᠲᠤ ᠬᠠᠮᠤᠭ ᠤᠨ ᠶᠡᠭᠡ ᠬᠠᠷᠢᠴᠠᠯ ᠢ ᠡᠭᠦᠳᠴᠦ᠂ ᠪᠦᠬᠦ ᠬᠤᠲᠠ ᠶᠢᠨ ᠭᠤᠣᠯᠳᠠᠯᠭ᠎ᠠ ᠪᠣᠯᠬᠤ 22 ᠲᠥᠷᠥᠯ ᠵᠦᠢᠯ ᠳᠤ 28.7 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ᠂ ᠪᠡᠯᠡ ᠣᠷᠣᠭᠤᠯᠤᠯᠲᠠ ᠶᠢᠨ ᠨᠣᠷᠮ᠎ᠠ ᠶᠢ 127.8% ᠪᠠᠷ ᠪᠡᠶᠡᠯᠡᠭᠦᠯᠪᠡ᠃ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠪᠣᠬᠢᠷᠲᠤᠯ | ᠦᠭᠡᠢ ᠴᠠᠬᠢᠯᠭᠠᠨ ᠤ ᠰᠢᠭᠤᠳ ᠬᠠᠩᠭᠠᠬᠤ ᠲᠦᠷᠦᠯ ᠵᠦᠢᠯ ᠤᠨ ᠠᠩᠬᠠᠳᠠᠭᠴᠢ ᠰᠠᠯᠬᠢᠨ ᠬᠦᠴᠦᠨ ᠤ ᠮᠠᠰᠢᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠵᠢᠩ ᠴᠠᠩ ᠿᠢ | ᠥᠭᠡᠬᠦᠨ ᠴᠢᠯᠠᠭᠤᠨ ᠬᠠᠶᠢᠷ᠂ ᠼᠢᠷᠺᠤᠨ ᠤ ᠼᠧᠷᠢ ᠶᠢᠨ ᠲᠡᠮᠦᠷᠯᠢᠭ᠂ ᠺᠧ ᠯᠠᠢ ᠪᠥᠸᠧ ᠵᠡᠷᠭᠡ ᠲᠦᠷᠦᠯ ᠵᠦᠢᠯ ᠲᠦᠷᠭᠡᠨ ᠠᠬᠢᠪᠠ᠃ ︽ᠣᠭᠤᠷᠴᠤᠭ ᠭᠠᠵᠠᠷ ᠤᠨ ᠠᠵᠤ ᠠᠬᠤᠢ︾ | ᠶᠢ ᠰᠢᠯᠢᠳᠡᠭᠵᠢᠭᠦᠯᠦᠨ ᠳᠡᠰ ᠳᠡᠪᠰᠢᠭᠦᠯᠪᠡ᠃ ᠬᠦᠷᠢᠶᠡᠯᠡᠩ ᠲᠣᠭᠤᠷᠢᠭ ᠲᠤ ᠤᠷᠤᠭᠰᠠᠨ ᠠᠵᠤ ᠠᠬᠤᠶᠢᠯᠠᠯ 132 ᠰᠢᠨ᠎ᠡ ᠪᠠᠷ ᠨᠡᠮᠡᠭᠳᠡᠵᠦ᠂ ᠡᠵᠡᠩᠨᠡᠯᠲᠡ ᠶᠢᠨ ᠣᠷᠣᠯᠭ᠎ᠠ 41 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 67.7% ᠪᠠᠷ ᠨᠡᠮᠡᠭᠳᠡᠨ᠂ ᠭᠠᠶᠢᠯᠢ ᠶᠢᠨ ᠣᠷᠣᠯᠭ᠎ᠠ 4785 ᠲᠦᠮᠡᠨ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 21% ᠪᠠᠷ ᠨᠡᠮᠡᠭᠳᠡᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠵᠤ ᠠᠬᠤᠶᠢᠯᠠᠯ 4᠂ | ᠭᠠᠳᠠᠭᠠᠳᠤ ᠪᠡᠯᠡ ᠶᠢᠨ ᠠᠵᠤ ᠠᠬᠤᠶᠢᠯᠠᠯ 3 ᠰᠢᠨ᠎ᠡ ᠪᠠᠷ ᠨᠡᠮᠡᠭᠳᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠭ᠎ᠠ 2.5 | ᠳ᠋ᠦᠩᠰᠢᠭᠤᠷ ᠲᠥᠭᠦᠷᠢᠭ ᠢ ᠪᠡᠶᠡᠯᠡᠭᠦᠯᠪᠡ᠃ | ᠡᠨᠡ ᠪᠣᠯ ᠬᠥᠭᠵᠢᠯᠲᠡ ᠶᠢᠨ ᠠᠮᠢᠵᠢᠷᠠᠯ ᠤᠨ ᠬᠦᠴᠦᠨ ᠭᠦᠢᠴᠡᠳ ᠣᠷᠭᠢᠯᠤᠭᠰᠠᠨ ᠨᠢᠭᠡ ᠵᠢᠯ ᠪᠣᠯᠤᠨ᠎ᠠ᠃ ᠭᠤᠣᠯᠳᠠᠯᠭ᠎ᠠ ᠲᠠᠢ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠪᠡ᠃ ︽ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ︾ ᠶᠢ | ᠨᠡᠶᠢᠲᠡᠯᠡᠵᠦ᠂ ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ 1100 ᠭᠠᠷᠤᠶ ᠤᠳᠠᠭ᠎ᠠ | ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠥᠷᠨᠢᠭᠦᠯᠵᠦ᠂ ᠭᠤᠶᠤᠴᠢᠯᠠᠬᠤ ᠮᠠᠲ᠋ᠧᠷᠢᠶᠠᠯ᠂ ᠭᠦᠶᠦᠬᠦ ᠤᠳᠠᠭ᠎ᠠ ᠶᠢ ᠲᠣᠰ ᠲᠣᠰ 66% ᠪᠠ | 54% ᠪᠠᠷ ᠪᠠᠭᠠᠰᠬᠠᠪᠠ᠃ ︽ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ + ᠢᠲᠡᠭᠡᠮᠵᠢ ᠶᠢᠨ ᠠᠮᠠᠯᠠᠯᠲᠠ + ᠣᠶᠤᠨᠴᠢ ᠪᠠᠷ ᠨᠤᠲᠠᠯᠠᠬᠤ︾ ᠠᠵᠤ ᠠᠬᠤᠶᠢᠯᠠᠯ ᠨᠡᠭᠡᠭᠡᠨ | ᠡᠷᠭᠢᠯᠡᠬᠦ ᠳᠡᠩᠰᠡᠯᠡᠯᠲᠡ ᠶᠢᠨ ᠵᠠᠭᠪᠤᠷ ᠢ ᠬᠡᠷᠡᠭᠵᠢᠭᠦᠯᠵᠦ᠂ ᠬᠤᠪᠢ ᠶᠢᠨ ᠳᠡᠩᠰᠡᠯᠡᠯᠲᠡ ᠶᠢᠨ ︽ᠭᠠᠷ ᠲᠦᠷᠦᠭᠦ ᠥᠬᠡᠶ︾ ᠪᠠᠶᠢᠬᠤ ᠶᠢ ᠪᠡᠶᠡᠯᠡᠭᠦᠯᠵᠦ᠂ ᠬᠤᠳᠠᠯᠳᠤᠭᠠᠨ ᠤ ᠡᠷᠦᠬᠡ | ᠨᠡᠭᠡᠭᠡᠨ ᠡᠷᠭᠢᠯᠡᠬᠦ ᠶᠢ ᠲᠤᠬᠠᠶ ᠶᠢᠨ ᠲᠠᠯᠠᠪᠤᠷ ᠲᠤᠨᠢ ᠭᠦᠢᠴᠡᠳᠭᠡᠵᠦ ᠳᠠᠭᠤᠰᠬᠠᠪᠠ᠃ ᠪᠦᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 325 ᠡᠷᠦᠬᠡ ᠰᠢᠨ᠎ᠡ ᠪᠠᠷ | ᠨᠡᠮᠡᠭᠳᠡᠭᠦᠯᠵᠦ᠂ ᠱᠠᠩ ᠺᠧ ᠶᠢᠦ᠂ ᠬᠤᠸᠠ ᠯᠠᠢ ᠱᠢ᠂ ᠶᠢᠨ ᠮᠠᠢ ᠶᠤᠸᠠᠨ ᠵᠡᠷᠭᠡ ᠬᠤᠯᠪᠣᠯᠳᠤᠭᠰᠠᠨ ᠲᠦᠷᠦᠯ ᠲᠡᠮᠳᠡᠭ ᠦᠷᠭᠦᠯᠵᠢᠯᠡᠨ ᠣᠷᠣᠵᠤ ᠰᠠᠭᠤᠨ᠂ ᠵᠠᠬ᠎ᠠ ᠳᠡᠯᠭᠡᠭᠦᠷ ᠤᠨ | ᠭᠤᠣᠯ ᠴᠣᠭᠴᠠ ᠶᠢᠨ ᠨᠡᠮᠡᠭᠳᠡᠯ ᠤᠨ ᠬᠡᠮᠵᠢᠶ᠎ᠡ᠂ ᠠᠮᠢᠵᠢᠷᠠᠯ ᠤᠨ ᠬᠦᠴᠦᠨ ᠢ ᠵᠡᠷᠭᠡᠪᠡᠷ ᠳᠡᠭᠡᠭᠰᠢᠯᠡᠭᠦᠯᠪᠡ᠃ ᠠᠵᠤ ᠠᠬᠤᠶᠢᠯᠠᠯ ᠳᠤ ᠠᠰᠢᠭ ᠬᠦᠷᠲᠡᠭᠡᠵᠦ ᠬᠦᠴᠢᠷᠳᠡᠯ ᠢ | ᠰᠢᠢᠳᠪᠦᠷᠢᠯᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ 3115 ᠲᠦᠮᠡᠨ ᠲᠥᠭᠦᠷᠢᠭ ᠤᠨ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠪᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ 7 ᠵᠦᠢᠯ ᠤᠨ ᠠᠷᠭ᠎ᠠ ᠬᠡᠮᠵᠢᠶ᠎ᠡ︾ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ | ᠪᠠᠶᠢᠴᠠᠭᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ᠂ ︽ᠳᠥᠷᠪᠡᠨ ᠨᠢᠭᠡ︾ ᠶᠢᠨ ᠲᠤᠰᠬᠠᠶ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ | ︽ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠬᠢᠭᠡᠳ ᠠᠵᠤ ᠦᠢᠯᠡᠰ ᠤᠨ ᠬᠡᠷᠡᠭᠯᠡᠭᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ︾ ᠢ ᠪᠣᠶ ᠪᠣᠯᠭᠠᠵᠤ᠂ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠰᠡᠯᠡᠯᠲᠡ ᠰᠢᠪᠲᠤᠯᠬᠤ 5 ᠵᠦᠢᠯ ᠤᠨ ᠢᠨᠵᠧᠨᠧᠷᠢᠩ ᠢ ᠵᠣᠬᠢᠶᠠᠨ ᠪᠠᠶᠢᠭᠤᠯᠵᠤ ᠭᠤᠶᠤᠴᠢᠯᠠᠨ ᠮᠡᠳᠡᠭᠦᠯᠵᠦ᠂ | 3 ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ 21 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ | 1 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠠᠮᠵᠢᠯᠲᠠ ᠲᠠᠢ ᠪᠠᠷ ᠪᠤᠶᠢᠵᠢᠭᠤᠯᠵᠤ᠂ ᠬᠤᠩ ᠱᠧᠨ ᠰᠤᠳᠤᠯᠤᠨ ᠨᠡᠭᠡᠭᠡᠬᠦ ᠲᠥᠪ ᠨᠢ ᠥᠪᠡᠷᠲᠡᠭᠡᠨ ᠵᠠᠰᠠᠬᠤ ᠣᠷᠣᠨ ᠤ | ᠲᠠᠰ ᠤᠨ ᠰᠤᠳᠤᠯᠤᠨ ᠨᠡᠭᠡᠭᠡᠬᠦ ᠪᠠᠶᠢᠭᠤᠯᠤᠮᠵᠢ ᠪᠠᠷ ᠦᠨᠡᠯᠡᠭᠳᠡᠪᠡ᠃ ᠪᠦᠬᠦ ᠵᠢᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ 490 ᠲᠦᠮᠡᠨ ᠲᠥᠭᠦᠷᠢᠭ | ᠬᠦᠷᠴᠦ᠂ ᠠᠳᠠᠯᠢ ᠬᠤᠭᠤᠴᠠᠭᠠᠨ ᠤ ᠬᠢ ᠠᠴᠠ 20% ᠪᠠᠷ ᠨᠡᠮᠡᠭᠳᠡᠪᠡ᠃ ᠡᠯᠧᠮᠧᠨ᠋ᠲ ᠤᠨ ᠪᠠᠲᠤᠯᠠᠭ᠎ᠠ ᠪᠠᠲᠤ ᠴᠢᠩᠭ᠎ᠠ ᠬᠦᠴᠦᠨ ᠲᠠᠢ ᠪᠤᠯᠪᠠ᠃ ᠬᠦᠷᠢᠶᠡᠯᠡᠩ ᠲᠣᠭᠤᠷᠢᠭ ᠤᠨ | ᠣᠷᠣᠨ ᠵᠠᠢ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠵᠦ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠵᠠᠮ᠂ ᠤᠰᠤ | ᠴᠠᠬᠢᠯᠭᠠᠨ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠭᠤᠤᠷᠰᠤ ᠶᠢᠨ ᠲᠣᠣᠷ ᠢ 3 ᠺᠢᠯᠤᠮᠧᠲᠷ ᠲᠡᠰ ᠳᠡᠪᠰᠢᠭᠦᠯᠦᠨ ᠲᠡᠭᠦᠯᠳᠡᠷᠵᠢᠭᠦᠯᠵᠦ᠂ 1.66 ᠲᠦᠮᠡᠨ ᠲᠡᠭᠰᠢ | ᠳᠥᠷᠪᠡᠯᠵᠢᠨ ᠮᠧᠲᠷ ᠬᠠᠲᠠᠭᠤᠵᠢᠭᠤᠯᠵᠤ ᠭᠤᠶᠣᠵᠢᠭᠤᠯᠪᠠ᠂ 7000 ᠲᠡᠭᠰᠢ ᠳᠥᠷᠪᠡᠯᠵᠢᠨ ᠮᠧᠲᠷ ᠤᠨ ᠰᠢᠨ᠎ᠡ ᠡᠨᠧᠷᠭᠢ ᠶᠢᠨ ᠲᠡᠷᠭᠡᠨ ᠵᠣᠭᠰᠣᠭᠠᠯ ᠢ ᠪᠠᠶᠢᠭᠤᠯᠵᠤ᠂ ᠬᠤᠪᠣᠷ | ᠰᠢᠷᠣᠢ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠤᠨ ᠰᠢᠨ᠎ᠡ ᠪᠠᠷ ᠪᠠᠶᠢᠭᠤᠯᠤᠭᠰᠠᠨ 3 ᠲᠦᠮᠡᠨ ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠤᠯᠤᠭᠰᠠᠨ | ᠦᠢᠯᠡᠳᠪᠦᠷᠢ ᠶᠢᠨ ᠭᠡᠷ ᠪᠠᠶᠢᠰᠢᠩ ᠵᠢᠴᠢ ᠶᠡᠷᠦᠩᠬᠡᠶᠢᠯᠡᠭᠰᠡᠨ ᠠᠯᠪᠠᠨ ᠠᠰᠠᠷ ᠢ ᠠᠰᠢᠭᠯᠠᠯᠲᠠ ᠳᠤ ᠣᠷᠣᠭᠤᠯᠵᠤ᠂ ᠳᠤᠮᠳᠠ ᠬᠡᠰᠡᠭ ᠤᠨ ᠬᠦᠷᠢᠶᠡᠯᠡᠩ ᠲᠣᠭᠤᠷᠢᠭ ᠲᠤ 8600 | ᠲᠡᠭᠰᠢ ᠳᠥᠷᠪᠡᠯᠵᠢᠨ ᠮᠧᠲᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠡᠯ᠎ᠡ ᠲᠥᠷᠥᠯ ᠤᠨ ᠰᠠᠭᠤᠷᠢ ᠲᠥᠬᠦᠭᠡᠷᠦᠮᠵᠢ ᠶᠢ | ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠪᠠ᠃ | ᠡᠨᠡ ᠪᠣᠯ ᠬᠤᠲᠠ ᠶᠢᠨ ᠴᠢᠨᠠᠷ ᠴᠢᠨᠰᠠᠭ᠎ᠠ ᠲᠠᠰᠤᠷᠠᠯᠲᠠ ᠦᠭᠡᠢ ᠳᠡᠭᠡᠭᠰᠢᠯᠡᠭᠰᠡᠨ ᠨᠢᠭᠡ ᠵᠢᠯ ᠪᠣᠯᠤᠨ᠎ᠠ᠃ ᠬᠤᠲᠠ ᠶᠢᠨ ᠴᠢᠳᠠᠮᠵᠢ ᠡᠳᠦᠷ ᠢᠷᠡᠬᠦᠶ᠎ᠡ ᠲᠡᠭᠦᠯᠳᠡᠷᠵᠢᠪᠡ᠃ 1.2 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ ᠰᠠᠭᠤᠭᠠᠯᠢ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠥᠭᠡᠷᠡᠴᠢᠯᠡᠬᠦ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ | ᠵᠡᠷᠭᠡ 28 ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠨᠢᠴᠦᠭᠦᠨ ᠰᠢᠷ᠎ᠠ ᠬᠥᠷᠥᠰᠥ ᠶᠢ 2.3 ᠲᠦᠮᠡᠨ | ᠲᠡᠭᠰᠢ ᠳᠥᠷᠪᠡᠯᠵᠢᠨ ᠮᠧᠲᠷ ᠴᠡᠭᠴᠡᠯᠡᠨ ᠵᠠᠰᠠᠵᠤ᠂ ᠶᠦᠨ ᠬᠠᠢ ᠴᠡᠴᠡᠷᠯᠢᠭ ᠪᠣᠯᠤᠨ ᠰᠢᠨ ᠳ᠋ᠠ ᠪᠠᠭ᠎ᠠ ᠲᠣᠭᠤᠷᠢᠭ ᠤᠨ ᠡᠪᠳᠡᠭᠳᠡᠭᠰᠡᠨ ᠭᠠᠳᠠᠷ ᠭᠠᠳᠠᠷᠭᠤ ᠶᠢ 4.7 ᠲᠦᠮᠡᠨ ᠲᠡᠭᠰᠢ | ᠳᠥᠷᠪᠡᠯᠵᠢᠨ ᠮᠧᠲᠷ ᠰᠢᠨᠡᠳᠬᠡᠵᠦ᠂ ᠠᠰᠠᠷ ᠤᠨ ᠱᠠᠲᠤ ᠶᠢᠨ ᠲᠠᠰᠤᠯᠭ᠎ᠠ ᠶᠢ 14 ᠲᠦᠮᠡᠨ ᠲᠡᠭᠰᠢ ᠳᠥᠷᠪᠡᠯᠵᠢᠨ ᠮᠧᠲᠷ ᠥᠩᠭᠡᠯᠡᠨ᠂ 142 ᠺᠢᠯᠤᠮᠧᠲᠷ ᠤᠰᠤᠨ ᠲᠣᠤᠷ ᠤᠨ | ᠭᠤᠤᠷᠰᠤᠨ ᠬᠤᠭᠤᠯᠠᠶ ᠶᠢ ᠳᠡᠰ ᠳᠡᠪᠰᠢᠭᠦᠯᠵᠦ᠂ ᠶᠦᠨ ᠬᠠᠢ ᠴᠡᠴᠡᠷᠯᠢᠭ ᠪᠣᠯᠤᠨ ᠽᠢ ᠯᠧᠦ ᠪᠠᠭ᠎ᠠ ᠲᠣᠭᠤᠷᠢᠭ ᠤᠨ ᠰᠢᠭᠤᠳ ᠤᠤᠭᠤᠬᠤ ᠤᠰᠤ ᠶᠢ ᠡᠷᠦᠬᠡ ᠳᠤ ᠣᠷᠣᠭᠤᠯᠬᠤ ᠶᠢ | ᠪᠡᠶᠡᠯᠡᠭᠦᠯᠪᠡ᠃ ᠴᠠᠬᠢᠯᠭᠠᠨ ᠴᠡᠨᠡᠭᠯᠡᠬᠦ ᠪᠠᠭᠠᠨ᠎ᠠ 51 ᠰᠢᠨ᠎ᠡ ᠪᠠᠷ ᠤᠭᠰᠠᠷᠠᠵᠤ᠂ ᠣᠯᠠᠨ ᠲᠦᠮᠡᠨ ᠳᠤ ᠴᠠᠬᠢᠯᠭᠠᠨ ᠬᠥᠳᠡᠯᠭᠡᠭᠦᠷᠲᠦ ᠲᠡᠷᠭᠡᠨ ᠤ ᠫᠧᠩ 23 ᠶᠢ ᠰᠢᠨ᠎ᠡ ᠪᠠᠷ | ᠥᠭᠡᠷᠡᠴᠢᠯᠡᠨ ᠪᠠᠢᠭᠤᠯᠵᠠᠢ᠃ ᠠᠷᠠᠳ ᠤᠨ ᠠᠮᠢᠳᠤᠷᠠᠯ ᠤᠨ 19 ᠵᠦᠢᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠪᠦᠬᠦᠨ ᠢ ᠪᠡᠶᠡᠯᠡᠭᠦᠯᠵᠦ᠂ ᠳᠤᠯᠠᠭᠠᠯᠠᠭ᠎ᠠ ᠶᠢᠨ | ᠢᠨᠵᠧᠨᠧᠷᠢᠩ ᠢ ᠪᠦᠬᠦ ᠬᠤᠳᠠ ᠳᠤ ᠤᠷᠢᠳᠠᠪᠠᠷ ᠪᠠᠶᠢᠭᠤᠯᠵᠤ ᠳᠠᠭᠤᠰᠬᠠᠪᠠ᠃ ᠠᠮᠢ ᠠᠬᠤᠢ ᠣᠷᠴᠢᠨ ᠲᠣᠭᠤᠷᠢᠨ ᠲᠣᠭᠲᠠᠭᠤᠨ ᠢᠶᠠᠷ ᠳᠡᠭᠡᠭᠰᠢᠯᠡᠪᠡ᠃ ᠠᠵᠤ ᠦᠢᠯᠡᠳᠪᠦᠷᠢ ᠶᠢᠨ | ᠠᠵᠤ ᠠᠬᠤᠶᠢᠯᠠᠯ᠂ ᠵᠠᠮ ᠤᠨ ᠲᠣᠭᠤᠰᠣᠨ ᠤ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠠᠵᠤ ᠦᠢᠯᠡᠳᠪᠦᠷᠢ ᠶᠢᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠲᠠᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠂ ᠬᠤᠲᠠ ᠶᠢᠨ ᠲᠣᠭᠤᠷᠢᠭ ᠤᠨ ᠠᠭᠠᠷ ᠤᠨ ᠶᠠᠰᠤ ᠴᠢᠨᠠᠷ ᠢ | ᠪᠦᠲᠦᠮᠵᠢᠲᠡᠶ ᠳᠡᠭᠡᠭᠰᠢᠯᠡᠭᠦᠯᠵᠦ᠂ ᠪᠥᠬᠦ ᠵᠢᠯ ᠳᠤ ᠪᠠᠷᠢᠮᠵᠢᠶ᠎ᠠ ᠳᠤ ᠬᠦᠷᠦᠭᠰᠡᠨ ᠡᠳᠦᠷ ᠤᠨ ᠲᠤᠭ᠎ᠠ 329 ᠡᠳᠦᠷ ᠪᠠᠶᠢᠵᠤ᠂ ᠪᠥᠬᠦ ᠬᠤᠲᠠ ᠳᠤ ᠨᠢᠭᠡᠳᠦᠭᠡᠷ ᠲᠤ ᠣᠷᠣᠪᠠ᠃ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ | 7000 ᠪᠣᠰᠤᠭ᠎ᠠ ᠳᠥᠷᠪᠡᠯᠵᠢᠨ ᠮᠧᠲᠷ / ᠡᠳᠦᠷ ᠪᠣᠯᠭᠠᠨ ᠳᠡᠭᠡᠭᠰᠢᠯᠡᠭᠦᠯᠵᠦ᠂ ᠳᠤᠮᠳᠠᠬᠢ ᠤᠰᠤ ᠶᠢ ᠡᠭᠡᠭᠦᠯᠦᠨ ᠠᠰᠢᠭᠯᠠᠬᠤ ᠨᠣᠷᠮ᠎ᠠ ᠶᠢ 100% ᠳᠤ ᠬᠦᠷᠦᠭᠦᠯᠪᠡ᠃ | ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠶᠢ | ᠠᠬᠢᠭᠤᠯᠤᠨ᠂ 3006 ᠮᠥ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢ ᠵᠠᠰᠠᠨ ᠰᠡᠷᠭᠦᠭᠡᠬᠦ ᠶᠢ ᠪᠡᠶᠡᠯᠡᠭᠦᠯᠪᠡ᠃ ᠬᠤᠲᠠ ᠶᠢᠨ ᠬᠠᠮᠢᠶᠠᠷᠤᠯᠲᠠ ᠶᠢ ᠪᠦᠲᠦᠮᠵᠢᠲᠡᠶ | ᠴᠢᠩᠭᠠᠳᠬᠠᠪᠠ᠃ ᠤᠯᠤᠰ ᠤᠨ ᠭᠠᠵᠠᠷ ᠰᠢᠷᠤᠢ ᠶᠢᠨ ᠣᠷᠣᠨ ᠵᠠᠢ ᠶᠢᠨ ᠲᠥᠯᠥᠪᠵᠢᠭᠦᠯᠭᠡ ᠵᠦᠪᠰᠢᠶᠡᠷᠡᠭᠳᠡᠵᠦ᠂ 427 ᠮᠦ ᠭᠠᠵᠠᠷ ᠰᠢᠷᠤᠢ ᠶᠢ ᠮᠡᠳᠡᠭᠦᠯᠪᠡ᠃ 742 | ᠳᠡᠯᠭᠡᠭᠦᠷ ᠤᠨ ᠫᠠᠶᠢᠰᠠ ᠢᠯᠡᠷᠬᠡᠶᠢᠯᠡᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠠᠭᠤᠭᠠᠯᠢ ᠲᠣᠭᠤᠷᠢᠭ ᠤᠨ ᠲᠠᠲᠠᠯᠲᠠ ᠶᠢᠨ ᠤᠲᠠᠰᠤ ᠶᠢ 52.3 ᠺᠢᠯᠤᠮᠧᠲᠷ ᠭᠠᠵᠠᠷ ᠲᠤ | ᠣᠷᠣᠭᠤᠯᠬᠤ ᠶᠢ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠵᠠᠮ ᠡᠵᠡᠯᠡᠭᠰᠡᠨ | ᠡᠵᠡᠩᠨᠡᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠤᠰᠬᠠᠢ ᠴᠡᠭᠴᠡᠯᠡᠨ ᠵᠠᠰᠠᠬᠤ ᠪᠣᠭᠤᠮᠲᠠ ᠰᠢᠪᠲᠤᠯᠬᠤ | ᠠᠵᠢᠯᠯᠠᠭ᠎ᠠ ᠶᠢ ᠥᠷᠨᠢᠭᠦᠯᠵᠦ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ 200 ᠲᠦᠮᠡᠨ | ᠲᠥᠭᠦᠷᠢᠭ ᠤᠨ ᠪᠠᠯᠠ ᠣᠷᠣᠭᠤᠯᠵᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ ᠤᠨ ᠥᠭᠡᠷᠡᠴᠢᠯᠡᠯᠲᠡ ᠶᠢ ᠪᠡᠶᠡᠯᠡᠭᠦᠯᠵᠦ᠂ 171 ᠲᠦᠮᠡᠨ ᠲᠥᠭᠦᠷᠢᠭ ᠤᠨ ᠪᠠᠯᠠ | ᠣᠷᠣᠭᠤᠯᠵᠤ᠂ 3.3 ᠺᠢᠯᠤᠮᠧᠲᠷ ᠤᠨ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠶᠠᠪᠠᠭᠠᠨ ᠵᠠᠮ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠪᠡ᠃ ᠰᠢᠢᠳᠪᠦᠷᠢᠯᠡᠭᠳᠡᠬᠦᠢ | ᠰᠡᠳᠭᠢᠯᠭᠡ ᠪᠠᠷ ᠠᠯᠮᠤᠷᠠᠳ ᠪᠠᠭᠤᠳᠠᠯ ᠵᠡᠷᠭᠡ ᠰᠤᠯᠠ ᠪᠡᠯᠡ ᠬᠥᠷᠥᠩᠭᠡ ᠶᠢ ᠠᠮᠢᠳᠤᠯᠢᠭ ᠪᠣᠯᠭᠠᠪᠠ᠃ ᠷᠦᠨ ᠯᠢᠨ ᠶᠤᠸᠠᠨ᠂ ᠯᠠᠨ ᠲᠢᠶᠠᠨ ᠵᠢᠩ ᠶᠤᠸᠠᠨ ᠵᠡᠷᠭᠡ 8 ᠵᠢᠵᠢᠭ | ᠲᠣᠭᠤᠷᠢᠭ ᠤᠨ ᠦᠨᠡᠮᠯᠡᠯ ᠠᠪᠬᠤ ᠳᠤ ᠬᠦᠴᠢᠷᠲᠡᠶ ᠲᠡᠦᠬᠡᠨ ᠠᠰᠠᠭᠤᠳᠠᠯ ᠢ ᠰᠢᠢᠳᠪᠦᠷᠢᠯᠡᠵᠦ᠂ ᠭᠤᠶᠤᠴᠢᠯᠠᠨ ᠠᠪᠴᠤ ᠪᠦᠬᠦᠨ ᠢ ᠬᠦᠢᠴᠡᠳᠬᠡᠬᠦ ᠶᠢ ᠪᠡᠶᠡᠯᠡᠭᠦᠯᠵᠦ᠂ ᠬᠡᠷ ᠪᠠᠶᠢᠰᠢᠩ | ᠭᠠᠵᠠᠷ ᠬᠥᠷᠥᠩᠭᠡ ᠶᠢᠨ ᠬᠦᠷᠢᠶᠡᠨ ᠳᠠᠬᠢ ᠦᠯᠡᠳᠡᠭᠳᠡᠯ ᠠᠰᠠᠭᠤᠳᠠᠯ ᠤᠨ ᠪᠡᠷᠬᠡ ᠰᠡᠳᠦᠪ ᠢ ᠰᠢᠢᠳᠪᠦᠷᠢᠯᠡᠬᠦ ᠳᠤ ᠪᠣᠳᠠᠲᠤ ᠦᠷ᠎ᠡ ᠪᠦᠲᠦᠮᠵᠢ ᠤᠯᠪᠠ᠃ | ᠡᠨᠡ ᠪᠣᠯ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠰᠤᠷᠠᠯᠲᠠ ᠦᠭᠡᠢ ᠨᠡᠮᠡᠭᠳᠡᠭᠰᠡᠨ ᠨᠢᠭᠡ ᠵᠢᠯ ᠪᠣᠯᠤᠨ᠎ᠠ᠃ ᠣᠯᠠᠨ ᠨᠡᠶᠢᠲᠡ ᠶᠢᠨ ᠦᠢᠯᠡᠴᠢᠯᠡᠭᠡ ᠳᠤ ᠨᠠᠩ ᠴᠢᠨᠠᠷ | ᠰᠠᠶᠢᠲᠠᠶ ᠨᠡᠶᠢᠳᠡᠮ ᠬᠠᠷᠠᠭᠠᠯᠵᠠᠯ ᠦᠵᠡᠭᠦᠯᠪᠡ᠃ ᠬᠡᠦᠬᠡᠳ ᠠᠰᠠᠷᠠᠨ ᠬᠥᠮᠦᠵᠢᠭᠦᠯᠬᠦ ᠪᠠ ᠰᠤᠷᠭᠠᠨ ᠬᠥᠮᠦᠵᠢᠯ ᠢ ᠳᠡᠭᠡᠭᠰᠢᠯᠡᠭᠦᠯᠦᠨ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠬᠡᠷᠡᠭᠵᠢᠭᠦᠯᠵᠦ᠂ ᠶᠡᠷᠦᠩᠬᠡᠶᠢᠯᠡᠭᠰᠡᠨ ᠦᠢᠯᠡᠳᠦᠯᠭᠡ ᠶᠢᠨ ᠰᠤᠷᠭᠠᠭᠤᠯᠢ ᠶᠢᠨ ︽ᠵᠢᠷᠭᠤᠭᠠᠨ ᠶᠡᠭᠡ ᠰᠠᠭᠤᠷᠢᠨ ᠭᠠᠵᠠᠷ︾ ᠤᠨ ᠦᠢᠯᠡᠴᠢᠯᠡᠭᠡᠨ ᠤ ᠴᠢᠳᠠᠮᠵᠢ ᠶᠢ ᠲᠡᠭᠦᠯᠳᠡᠷᠵᠢᠭᠦᠯᠵᠦ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠪᠡ᠃ ᠲᠣᠭᠤᠷᠢᠭ ᠤᠨ ᠬᠢᠲᠠᠳ ᠮᠣᠩᠭᠤᠯ ᠡᠮᠨᠡᠯᠭᠡ ᠶᠢᠨ ᠬᠤᠷᠢᠶ᠎ᠠ ᠲᠦᠷᠭᠡᠨ ᠡᠮᠨᠡᠬᠦ | ᠰᠠᠯᠠᠭ᠎ᠠ᠂ ᠬᠥᠩᠭᠡᠵᠢᠭᠦᠯᠬᠦ ᠰᠠᠯᠠᠭ᠎ᠠ ᠵᠢᠴᠢ ᠬᠦᠨᠳᠦ ᠲᠦᠭᠰᠢᠭᠦᠷᠢᠲᠡᠢ ᠵᠢᠷᠮᠦᠰᠦᠨ ᠡᠮᠡᠭᠲᠡᠶ ᠶᠢᠨ ᠲᠦᠷᠭᠡᠨ ᠠᠪᠤᠷᠠᠬᠤ ᠲᠥᠪ ᠢ ᠪᠠᠶᠢᠭᠤᠯᠵᠤ᠂ ᠠᠩᠬ᠎ᠠ ᠤᠳᠠᠭ᠎ᠠ ᠡᠯᠧᠺᠲᠷᠣᠨ | ᠡᠷᠡᠭᠦᠯ ᠮᠡᠨᠳᠦ ᠶᠢᠨ ᠺᠠᠷᠲ ᠢᠶᠠᠷ ᠳ᠋ᠤᠭᠠᠷᠯᠠᠬᠤ᠂ ᠰᠦᠢᠳᠬᠡᠯ ᠲᠤᠰᠢᠶᠠᠬᠤ᠂ ᠡᠮᠨᠡᠯᠭᠡ ᠳᠤ ᠰᠠᠭᠤᠬᠤ᠂ ᠪᠠᠶᠢᠴᠠᠭᠠᠨ ᠯᠠᠪᠯᠠᠬᠤ᠂ ᠡᠮ ᠠᠪᠬᠤ ᠵᠡᠷᠭᠡ 5 ᠵᠦᠢᠯ ᠤᠨ ᠰᠦᠯᠵᠢᠶᠡᠨ | ᠳᠡᠭᠡᠷᠡᠬᠢ ᠦᠢᠯᠡᠴᠢᠯᠡᠭᠡ ᠶᠢ ᠪᠡᠶᠡᠯᠡᠭᠦᠯᠵᠦ᠂ ᠬᠢᠲᠠᠳ ︵ᠮᠣᠩᠭᠤᠯ︶ ᠡᠮᠨᠡᠯᠭᠡ ᠶᠢᠨ ᠣᠨᠴᠠᠯᠢᠭᠲᠤ ᠦᠢᠯᠡᠴᠢᠯᠡᠭᠡ ᠶᠢ ᠬᠥᠭᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠴᠢᠳᠠᠪᠤᠷᠢ | ᠦᠷᠭᠦᠯᠵᠢᠯᠡᠨ ᠳᠡᠭᠡᠭᠰᠢᠯᠡᠪᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠵᠦ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠪᠡ᠃ ᠠᠷᠪᠠ ᠶᠢᠰᠦᠳᠦᠭᠡᠷ ᠬᠤᠭᠤᠴᠠᠭᠠᠨ ᠤ ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ᠂ | ︽ᠳᠡᠯᠡᠬᠡᠶ ᠶᠢᠨ ᠬᠤᠪᠣᠷ ᠰᠢᠷᠣᠶ ᠶᠢᠨ ᠨᠤᠲᠤᠭ︾ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠤ ᠦᠵᠡᠭᠦᠯᠦᠯᠭᠡ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ | ᠥᠬᠢᠨ ᠳᠡᠭᠦᠤ ᠶᠢᠨ ᠦᠢᠯᠡ ᠶᠠᠪᠤᠳᠠᠯ ᠰᠣᠨᠢᠨ ᠰᠡᠳᠬᠦᠯ ᠤᠨ ᠦᠵᠡᠰᠬᠦᠯᠡᠩ ᠵᠡᠷᠭᠡ ᠡᠯ᠎ᠡ ᠲᠥᠷᠥᠯ ᠤᠨ ᠰᠣᠶᠣᠯ ᠤᠨ ᠠᠵᠢᠯᠯᠠᠭ᠎ᠠ ᠶᠢ 100 ᠭᠠᠷᠤᠢ ᠲᠠᠯᠠᠪᠠᠢ ᠤᠳᠠᠭ᠎ᠠ | ᠠᠮᠵᠢᠯᠲᠠ ᠲᠠᠢ ᠡᠷᠬᠢᠯᠡᠵᠦ᠂ ᠭᠠᠳᠠᠷ ᠣᠷᠣᠨ ᠤ ᠵᠤᠭᠠᠴᠠᠭᠰᠠᠳ ᠢ 5 ᠲᠦᠮᠡ ᠭᠠᠷᠤᠢ ᠲᠠᠲᠠᠵᠠᠢ᠃ ᠨᠡᠶᠢᠭᠡᠮ ᠤᠨ ᠪᠠᠲᠤᠯᠠᠭ᠎ᠠ ᠨᠠᠩ ᠪᠠᠲᠤ ᠴᠢᠩᠭ᠎ᠠ ᠬᠦᠴᠦᠨ ᠲᠠᠢ ᠪᠣᠯᠪᠠ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠪᠥᠬᠦ ᠵᠢᠯ ᠳᠤ ᠬᠤᠲᠠ ᠪᠠᠯᠭᠠᠰᠤᠨ ᠤ 249 ᠬᠥᠮᠦᠨ ᠳᠤ | ᠰᠢᠨ᠎ᠡ ᠪᠠᠷ ᠠᠵᠢᠯ ᠣᠯᠭᠤᠵᠤ᠂ 75 ᠠᠵᠢᠯ ᠠᠯᠳᠠᠭᠰᠠᠳ ᠲᠤ ᠳᠠᠬᠢᠨ ᠠᠵᠢᠯ ᠣᠯᠭᠤᠵᠤ᠂ ᠪᠥᠬᠦ ᠲᠣᠭᠤᠷᠢᠭ ᠤᠨ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ | ᠠᠯᠳᠠᠯᠲᠠ ᠶᠢᠨ ᠨᠣᠷᠮ᠎ᠠ ᠶᠢ 2.81% ᠳᠤ ᠬᠢᠵᠠᠭᠠᠷᠯᠠᠪᠠ᠃ ᠨᠡᠭᠦᠳᠡᠯ ᠬᠥᠮᠦᠨ ᠠᠮᠠ ᠶᠢᠨ ᠦᠢᠯᠡᠴᠢᠯᠡᠭᠡᠨ ᠤ ᠲᠥᠪ᠂ ᠰᠤᠯᠠ ᠠᠵᠢᠯ ᠤᠨ ᠥᠷᠲᠡᠭᠡ ᠶᠢ ᠨᠢᠭᠡ | ᠴᠣᠭᠴᠠᠵᠢᠭᠤᠯᠤᠭᠰᠠᠨ ᠵᠡᠭᠡᠯᠢ ᠭᠤᠳᠤᠮᠵᠢ ᠶᠢᠨ ︽ᠠᠵᠤ ᠠᠬᠤᠶᠢᠯᠠᠯ ᠢ ᠲᠡᠳᠭᠦᠬᠦ e ᠥᠷᠲᠡᠭᠡ︾ ᠶᠢ ᠪᠠᠶᠢᠭᠤᠯᠵᠤ᠂ ᠨᠠᠩ ᠣᠯᠠᠨ ᠰᠠᠭᠤᠭᠠᠯᠢ ᠠᠷᠠᠳ ᠲᠤ ᠭᠡᠷ ᠤᠨ | ᠡᠭᠦᠳᠡᠨ ᠳᠤ ᠪᠠᠨ ᠠᠵᠢᠯ ᠣᠯᠬᠤ ᠰᠢᠨ᠎ᠡ ᠠᠵᠠ ᠲᠣᠬᠢᠶᠠᠯ ᠬᠠᠩᠭᠠᠪᠠ᠃ 8 ᠠᠵᠤ ᠠᠬᠤᠶᠢᠯᠠᠯ ᠳᠤ ᠠᠵᠢᠯ ᠡᠷᠢᠵᠦ ᠠᠵᠢᠯᠲᠠᠨ ᠤᠷᠢᠬᠤ ᠬᠤᠤᠰ ᠰᠣᠩᠭᠤᠭᠤᠯᠢ ᠶᠢᠨ ᠬᠤᠷᠠᠯ | ᠥᠷᠨᠢᠭᠦᠯᠵᠦ᠂ 563 ᠠᠵᠢᠯᠲᠠᠨ ᠠᠵᠢᠯᠴᠢᠨ ᠳᠤ ᠮᠡᠷᠭᠡᠵᠢᠯ ᠤᠨ ᠪᠣᠯᠪᠠᠰᠤᠷᠠᠯ ᠥᠷᠨᠢᠭᠦᠯᠵᠦ᠂ 718 ᠲᠦᠮᠡᠨ ᠲᠥᠭᠦᠷᠢᠭ ᠤᠨ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ | ᠵᠢᠭᠡᠯᠡᠯᠭᠡ ᠲᠠᠯᠪᠢᠪᠠ᠃ 9269 ᠬᠦᠮᠦᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ᠂ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95% ᠠᠴᠠ | ᠳᠡᠭᠡᠭᠰᠢ ᠳᠤ ᠲᠣᠭᠲᠠᠪᠤᠷᠢᠵᠢᠭᠤᠯᠪᠠ᠃ 246 ᠡᠮᠡᠭᠲᠡᠶᠢᠴᠦᠳ ᠲᠤ ᠰᠦᠢᠳᠬᠡᠯ ᠬᠤᠷᠢᠶᠠᠬᠤ ᠥᠬᠡᠶ ᠪᠠᠷ ᠬᠤᠶᠠᠷ ᠦᠨ᠎ᠡ ᠶᠢᠨ ᠸᠠᠺᠼᠢᠨ ᠤ ᠲᠠᠷᠢᠯᠭ᠎ᠠ ᠬᠢᠵᠦ᠂ | ᠡᠮᠡᠭᠲᠡᠶᠢᠴᠦᠳ ᠤᠨ ︽ᠬᠤᠶᠠᠷ ᠥᠮᠡᠨ︾ ᠢ ᠰᠦᠢᠳᠬᠡᠯ ᠬᠤᠷᠢᠶᠠᠬᠤ ᠥᠬᠡᠶ ᠪᠠᠷ 261 ᠬᠥᠮᠦᠨ ᠰᠢᠭᠰᠢᠨ ᠪᠠᠶᠢᠴᠠᠭᠠᠪᠠ᠃ ᠵᠠᠰᠠᠭ ᠠᠵᠤ ᠠᠬᠤᠶᠢᠯᠠᠯ ᠤᠨ ᠬᠠᠮᠲᠤᠷᠠᠯᠴᠠᠭᠠᠨ ᠤ | ᠰᠢᠨ᠎ᠡ ᠵᠠᠭᠪᠤᠷ ᠢ ᠬᠠᠶᠢᠨ ᠰᠦᠪᠡᠭᠴᠢᠯᠡᠵᠦ᠂ ᠨᠡᠶᠢᠲᠡ 700 ᠲᠦᠮᠡᠨ ᠲᠥᠭᠦᠷᠢᠭ ᠤᠨ ᠪᠡᠯᠡ ᠣᠷᠣᠭᠤᠯᠵᠤ ᠠᠬᠠᠯᠠᠭᠴᠢᠳ ᠤᠨ ᠬᠤᠭᠤᠯᠠᠨ ᠭᠡᠷ᠂ ᠨᠠᠰᠤᠲᠠᠨ ᠢ ᠠᠰᠠᠷᠠᠬᠤ | ᠭᠠᠵᠠᠷ ᠢ ᠪᠠᠶᠢᠭᠤᠯᠵᠤ᠂ ᠨᠠᠰᠤᠲᠠᠶᠢᠴᠤᠳ ᠤᠨ ᠬᠤᠭᠤᠯᠠ᠂ ᠤᠬᠢᠶᠠᠯᠭ᠎ᠠ ᠶᠢᠨ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠂ 4 ᠨᠡᠶᠢᠭᠡᠮ ᠲᠣᠭᠤᠷᠢᠭ ᠤᠨ ᠬᠡᠦᠬᠡᠳ ᠤᠨ | ᠭᠡᠷ ᠢ ᠪᠠᠶᠢᠭᠤᠯᠵᠤ᠂ ︽ᠨᠢᠭᠡ ᠮᠦᠴᠡᠲᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ︾ ᠶᠢᠨ ᠬᠢᠷᠢ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃ | ᠨᠡᠶᠢᠭᠡᠮ ᠤᠨ ᠶᠡᠭᠡ ᠲᠠᠯ᠎ᠠ ᠨᠠᠩ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠣᠯᠪᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠭᠦᠨᠵᠡᠭᠡᠢ | ᠦᠢᠯᠡᠳᠦᠯᠭᠡᠵᠢᠭᠦᠯᠵᠦ᠂ ︽ᠡᠷᠦᠭᠡ ᠳᠤ ᠣᠷᠣᠵᠤ ᠠᠵᠤ ᠠᠬᠤᠶᠢᠯᠠᠯ ᠳᠤ ᠣᠷᠣᠵᠤ ᠢᠳᠬᠠᠯ ᠬᠦᠯᠢᠶᠡᠬᠦ︾ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠤᠯᠠᠨ ᠲᠦᠮᠡᠨ ᠤ | ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠵᠦᠢ ᠶᠣᠰᠣᠨ ᠤ ᠭᠤᠮᠣᠳᠠᠯ ᠱᠠᠭᠠᠷᠳᠠᠯᠭ᠎ᠠ ᠶᠢ 1500 ᠭᠠᠷᠤᠢ ᠬᠤᠪᠢ ᠰᠢᠢᠳᠪᠦᠷᠢᠯᠡᠵᠦ᠂ 12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤᠨ ᠤ ︽ᠲᠦᠷᠪᠡᠨ ᠨᠤᠷᠮ᠎ᠠ︾ ᠪᠠ ᠵᠠᠬᠢᠳᠠᠯ ᠰᠤᠷᠪᠤᠯᠵᠢᠯᠠᠭ᠎ᠠ ᠶᠢᠨ ︽ᠭᠤᠷᠪᠠᠨ | ᠨᠤᠷᠮ᠎ᠠ︾ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠣᠷᠣᠵᠤ᠂ ︽ᠪᠦᠬᠦ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠰᠢᠶᠠᠨ︾ ᠤ | ᠠᠵᠢᠯ ᠤᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ 48 ᠵᠠᠮ ᠬᠠᠷᠢᠯᠴᠠᠭᠠᠨ ᠤ ᠡᠯᠧᠺᠲᠷᠣᠨ ᠴᠠᠭᠳᠠᠭ᠎ᠠ ᠶᠢ ᠰᠢᠨ᠎ᠡ ᠪᠠᠷ ᠨᠡᠮᠡᠭᠳᠡᠭᠦᠯᠵᠦ᠂ ᠵᠢᠯᠣᠭᠤᠴᠢ ᠦᠭᠡᠢ | ᠨᠢᠰᠬᠡᠯ ᠤᠨ ᠣᠶᠤᠨᠴᠢ ᠪᠠᠷ ᠠᠭᠠᠷ ᠴᠠᠭᠳᠠᠨ ᠪᠠᠶᠢᠴᠠᠭᠠᠬᠤ ᠶᠢ ᠦᠷᠨᠢᠭᠦᠯᠵᠦ᠂ ᠴᠠᠬᠢᠯᠭᠠᠨ ᠬᠤᠯᠪᠤᠭᠠᠨ ᠤ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ 45 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠢᠳᠡᠭᠡᠨ᠂ ᠡᠮ ᠤᠨ ᠵᠦᠢᠯ ᠳᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠪᠠ ᠰᠤᠭᠤᠴᠢᠨ ᠪᠠᠶᠢᠴᠠᠭᠠᠯᠲᠠ ᠬᠢᠪᠡ᠃ 20 ᠵᠢᠵᠢᠭ ᠦᠢᠯᠡᠳᠭᠡᠯ᠂ ᠵᠢᠵᠢᠭ ᠢᠳᠡᠭᠡᠨ ᠤᠮᠳᠠᠭᠠᠨ ᠤ ᠭᠠᠵᠠᠷ ᠢ ᠲᠠᠰ ᠳᠡᠪᠰᠢᠭᠦᠯᠦᠨ ᠥᠭᠡᠷᠡᠴᠢᠯᠡᠵᠦ᠂ 24 | ᠴᠠᠭ ᠤᠨ ᠡᠮ ᠤᠨ ᠳᠡᠯᠭᠡᠭᠦᠷ ᠢ 2 ᠳᠣᠭᠢᠷᠠᠭᠤᠯᠤᠨ᠂ ᠣᠯᠠᠨ ᠲᠦᠮᠡᠨ ᠤ ᠢᠳᠡᠭᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃ ᠭᠤᠣᠯᠳᠠᠯᠭ᠎ᠠ | ᠪᠣᠯᠬᠤ ᠬᠦᠷᠢᠶᠡᠨ ᠳᠠᠬᠢ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠶ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ | ᠦᠷᠭᠦᠯᠵᠢᠯᠡᠨ ᠲᠣᠭᠲᠠᠭᠤᠨ ᠪᠠᠶᠢᠪᠠ᠃ | ᠡᠨᠡ ᠪᠣᠯ ᠲᠤᠰ ᠪᠡᠶ᠎ᠡ ᠶᠢᠨ ᠪᠠᠶᠢᠭᠤᠯᠤᠯᠲᠠ ᠦᠷᠭᠦᠯᠵᠢᠯᠡᠨ ᠴᠢᠩᠭᠠᠷᠠᠭᠰᠠᠨ ᠨᠢᠭᠡ ᠵᠢᠯ ᠪᠣᠯᠤᠨ᠎ᠠ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠵᠤ᠂ ︽ᠪᠤᠢ ᠪᠣᠯᠭᠠᠬᠤ | ᠳᠡᠭᠡᠭᠰᠢᠯᠡᠭᠦᠯᠬᠦ ᠴᠢᠷᠮᠠᠶᠢᠬᠤ︾ ᠲᠤᠰᠬᠠᠶ ᠰᠡᠳᠦᠪᠲᠦ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ | ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠲᠥᠷᠥᠯ ᠤᠨ ᠬᠢᠨᠠᠯᠲᠠ ᠪᠠᠶᠢᠴᠠᠭᠠᠯᠲᠠ ᠳᠤ ᠢᠯᠡᠷᠡᠭᠦᠯᠦᠭᠰᠡᠨ | ᠠᠰᠠᠭᠤᠳᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ 84 ᠬᠤᠪᠢ᠂ ᠤᠯᠤᠰ ᠲᠥᠷᠥ ᠶᠢᠨ ᠵᠥᠪᠯᠡᠯᠭᠡᠨ ᠤ ᠳᠤᠷᠠᠳᠤᠯᠭ᠎ᠠ ᠶᠢ 54 ᠬᠤᠪᠢ | ᠭᠦᠢᠴᠡᠳᠬᠡᠵᠦ᠂ ᠰᠢᠢᠳᠪᠦᠷᠢᠯᠡᠵᠦ ᠬᠠᠷᠢᠭᠤᠯᠲᠠ ᠥᠭᠭᠦᠭᠰᠡᠨ ᠨᠣᠷᠮ᠎ᠠ ᠴᠥᠮ 100% ᠳᠤ ᠬᠦᠷᠪᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ | ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠰᠠᠭᠤᠭᠠᠯᠢ ᠠᠷᠠᠳ ᠤᠨ ᠬᠠᠤᠯᠢ ᠪᠠᠷ ᠵᠠᠰᠠᠬᠤ ᠤᠬᠠᠮᠰᠠᠷ ᠢ ᠦᠷᠭᠦᠯᠵᠢᠯᠡᠨ ᠴᠢᠩᠭᠠᠷᠠᠭᠤᠯᠪᠠ᠃ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠶᠡᠬᠡᠪᠡᠷ ᠥᠷᠨᠢᠭᠦᠯᠵᠦ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠪᠡ᠃ | ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾ | ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ | ᠬᠡᠯᠪᠡᠷᠢᠴᠢ ᠦᠵᠡᠯ ᠢ ᠡᠷᠡᠰ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠦᠩᠭᠡᠷᠡᠭᠦᠯᠪᠡ᠃ | ᠡᠭᠦᠨ ᠠᠴᠠ ᠭᠠᠳᠠᠨ᠎ᠠ᠂ ᠬᠢᠨᠠᠨ ᠪᠤᠳᠤᠬᠤ᠂ ᠠᠷᠠᠳ ᠤᠨ ᠠᠭᠠᠷ ᠤᠨ ᠰᠡᠷᠭᠡᠶᠢᠯᠡᠯᠲᠡ᠂ ᠴᠠᠭ ᠠᠭᠤᠷ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠬᠤᠶᠠᠷ ᠢ | ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠣᠶᠢᠯᠠᠯᠭ᠎ᠠ ᠲᠡᠤᠬᠡ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠵᠡᠷᠭᠡ ᠡᠯ᠎ᠡ ᠵᠦᠢᠯ ᠤᠨ ᠠᠵᠢᠯ ᠴᠥᠮ ᠰᠢᠨ᠎ᠡ ᠠᠮᠵᠢᠯᠲᠠ ᠣᠯᠪᠠ᠃ | ᠠᠵᠢᠯᠴᠢᠨ ᠤ ᠡᠪᠯᠡᠯ᠂ ᠵᠠᠯᠠᠭᠤᠴᠤᠳ ᠪᠠᠭᠠᠴᠤᠳ᠂ ᠡᠮᠡᠭᠲᠡᠶᠢᠴᠦᠳ ᠬᠡᠦᠬᠡᠳ᠂ ᠥᠲᠡᠭᠦᠰ᠂ ᠵᠡᠮᠳᠡᠭᠴᠦᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ | ᠪᠦᠬᠦ ᠲᠠᠯ᠎ᠠ ᠪᠠᠷ ᠬᠥᠭᠵᠢᠪᠡ᠃ | ᠲᠥᠯᠥᠭᠡᠯᠡᠭᠴᠢᠳ ᠡ︕ ᠬᠦᠴᠢᠷ ᠪᠡᠷᠬᠡᠰᠢᠶᠡᠯ ᠤᠨ ᠡᠮᠦᠨ᠎ᠡ ᠡᠷᠡᠯᠬᠡᠭ ᠪᠠᠭᠠᠲᠤᠷ ᠢ ᠢᠯᠡᠷᠡᠬᠦᠯᠪᠡ᠃ ᠡᠨᠡ ᠨᠢᠭᠡ ᠵᠢᠯ ᠳᠤ᠂ ᠪᠦᠬᠦ ᠲᠤᠭᠤᠷᠢᠭ ᠲᠠᠶᠠᠭᠠᠷ ᠢᠶᠠᠨ ᠬᠦᠨᠳᠦ | ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠠᠮᠵᠢᠯᠲᠠ ᠣᠯᠬᠤᠶ᠎ᠠ ᠪᠡᠷᠬᠡ ᠪᠠᠶᠢᠵᠤ᠂ ᠶᠡᠷᠦ ᠪᠤᠰᠤ ᠶᠢᠨ ᠴᠢᠷᠮᠠᠶᠢᠯᠭ᠎ᠠ ᠭᠠᠷᠭᠠᠵᠤ᠂ ᠰᠠᠨᠠᠭᠰᠠᠨ ᠠᠴᠠ ᠪᠠᠨ ᠳᠠᠪᠠᠭᠰᠠᠨ ᠦᠷ᠎ᠡ | ᠪᠦᠲᠦᠮᠵᠢ ᠣᠯᠵᠤ᠂ ᠴᠢᠷᠮᠠᠶᠢᠨ ᠲᠡᠮᠡᠴᠡᠵᠦ ᠭᠤᠶᠢᠳᠠ ᠰᠠᠶᠢᠬᠠᠨ ᠠᠮᠵᠢᠯᠲᠠ ᠣᠯᠪᠠ᠂ ᠠᠮᠵᠢᠯᠲᠠ ᠪᠦᠲᠦᠮᠵᠢ ᠪᠠᠨ ᠨᠠᠨᠳᠢᠩᠨᠠᠭᠤᠰᠢᠲᠠᠶ ᠪᠠᠶᠢᠨ᠎ᠠ᠃ ᠪᠠᠶ᠋ᠬᠠᠣᠪᠤᠭ᠎ᠠ ᠠᠭᠤᠷᠬᠠᠢ ᠶᠢᠨ | ᠲᠣᠭᠤᠷᠢᠭ ᠤᠨ ᠲᠠᠪᠰᠢᠯᠳᠠ ᠪᠠ ᠣᠯᠤᠯᠲᠠ ᠨᠢᠭᠡᠪᠦᠷᠢ ᠨᠢ ᠴᠥᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠣᠭᠤᠷᠢᠭ ᠤᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠲᠣᠭᠤᠷᠢᠭ ᠤᠨ | ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠬᠦᠴᠦᠲᠡᠶ ᠲᠡᠳᠬᠦᠭᠰᠡᠨ ᠤ ᠦᠷ᠎ᠡ ᠳ᠋ᠦᠩ ᠮᠥᠨ᠂ ᠪᠥᠬᠦ ᠲᠣᠭᠤᠷᠢᠭ ᠤᠨ | ᠺᠠᠳ᠋ᠷ ᠣᠯᠠᠨ ᠲᠦᠮᠡᠨ ᠤ ᠪᠦᠯᠬᠦᠮᠳᠡᠨ ᠲᠡᠮᠡᠴᠡᠵᠦ᠂ ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠤ ᠦᠷ᠎ᠡ ᠳ᠋ᠦᠩ ᠮᠥᠨ᠃ ᠠᠳᠡ᠂ ᠪᠢ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠡᠮᠦᠨ᠎ᠡ ᠠᠴᠠ ᠪᠦᠬᠦ ᠲᠣᠭᠤᠷᠢᠭ ᠤᠨ ᠠᠷᠠᠳ ᠲᠦᠮᠡᠨ᠂ ᠪᠠᠶ᠋ᠬᠠᠣᠪᠤᠭ᠎ᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠪᠣᠢ ᠪᠦᠬᠦᠢ ᠨᠥᠬᠦᠳ᠂ ᠨᠠᠶᠢᠵᠠ ᠨᠠᠷ ᠲᠤ | ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠬᠠᠮᠲᠤ᠂ ᠬᠥᠭᠵᠢᠯᠲᠡ ᠶᠢᠨ ᠳᠤᠮᠳᠠ ᠪᠠᠰᠠ ᠵᠠᠷᠢᠮ ᠳᠤᠲᠠᠭᠤᠳᠠᠯ ᠪᠠᠭᠤᠷᠠᠢ ᠲᠠᠯ᠎ᠠ ᠣᠷᠣᠰᠢᠵᠤ ᠪᠠᠶᠢᠬᠤ ᠶᠢ ᠪᠢᠳᠡ ᠪᠠᠰᠠ ᠰᠡᠷᠭᠡᠭ ᠢᠶᠠᠷ | ᠣᠯᠵᠤ ᠬᠠᠷᠠᠪᠠ᠂ ᠭᠤᠣᠯᠳᠠᠭᠤ᠄ ᠡᠬᠢ ᠪᠠᠶᠠᠯᠢᠭ ᠤᠨ ᠳᠠᠪᠠᠭᠤᠯᠢᠭ ᠢ ᠪᠠᠰᠠ ᠠᠵᠤ ᠠᠬᠤᠢ ᠶᠢᠨ ᠳᠠᠪᠠᠭᠤᠯᠢᠭ ᠪᠣᠯᠭᠠᠨ ᠭᠦᠢᠴᠡᠳ ᠬᠤᠪᠢᠷᠠᠭᠤᠯᠤᠭᠠ ᠦᠭᠡᠢ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠬᠦᠷᠦᠯᠴᠡᠬᠦ ᠦᠭᠡᠢ᠂ ᠦᠷ᠎ᠡ ᠪᠦᠲᠦᠭᠡᠯ ᠢ ᠬᠤᠪᠢᠷᠠᠭᠤᠯᠬᠤ ᠨᠤᠷᠮ᠎ᠠ ᠳᠣᠣᠷ᠎ᠠ ᠪᠠᠶᠢᠨ᠎ᠠ︔ | ᠬᠤᠳᠠᠯᠳᠤᠭᠠᠴᠢᠨ ᠤᠷᠢᠬᠤ ᠶᠢ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠪᠦᠬᠦᠯᠢ ᠴᠣᠭᠴᠠ ᠶᠢᠨ ᠬᠡᠪᠴᠢᠶ᠎ᠡ ᠪᠠᠭ᠎ᠠ ᠪᠠᠶᠢᠵᠤ᠂ ᠳᠠᠶᠢᠴᠢᠯᠠᠬᠤ ᠴᠢᠨᠠᠷ ᠢᠶᠠᠷ ᠴᠢᠩᠭ᠎ᠠ | ᠲᠣᠯᠣᠭᠠᠶᠢᠯᠠᠭᠴᠢ ᠲᠦᠷᠦᠯ ᠵᠦᠢᠯ᠂ ᠲᠤᠮᠤ ᠲᠦᠷᠦᠯ ᠵᠦᠢᠯ ᠴᠥᠭᠡᠨ ᠪᠠᠶᠢᠨ᠎ᠠ︔ ᠭᠤᠷᠪᠠᠨ ᠠᠵᠤ ᠦᠢᠯᠡᠰ ᠤᠨ ᠬᠥᠭᠵᠢᠯᠲᠡ ᠲᠡᠩᠴᠡᠭᠦᠷᠢ ᠦᠭᠡᠢ᠂ ᠪᠦᠲᠦᠴᠡ ᠶᠢ | ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠨᠡᠯᠢᠶᠡᠳ ᠤᠯᠠᠨ ᠠᠰᠠᠭᠤᠳᠠᠯ ᠢ ᠰᠢᠢᠳᠪᠦᠷᠢᠯᠡᠬᠦ ᠴᠢᠬᠤᠯᠠᠲᠠᠶ ᠪᠠᠶᠢᠨ᠎ᠠ᠂ | ᠬᠤᠳᠠ ᠶᠢᠨ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠢᠷᠢ ᠲᠦᠪᠰᠢᠨ ᠳᠤ ᠵᠥᠷᠢᠶ᠎ᠡ ᠲᠠᠢ ᠪᠠᠶᠢᠨ᠎ᠠ᠂ ᠤᠯᠠᠨ ᠲᠦᠮᠡᠨ ᠰᠤᠷᠭᠠᠨ ᠬᠥᠮᠦᠵᠢᠯ᠂ ᠡᠮ ᠡᠮᠨᠡᠯᠭᠡ᠂ ᠰᠣᠶᠣᠯ᠂ | ᠠᠵᠢᠯ ᠣᠯᠭᠤᠯᠲᠠ ᠵᠡᠷᠭᠡ ᠲᠠᠯ᠎ᠠ ᠪᠠᠷ ᠪᠠᠰᠠ ᠨᠡᠩ ᠤᠯᠠᠨ ᠬᠦᠰᠡᠯ ᠡᠷᠡᠮᠡᠯᠵᠡᠯ ᠲᠠᠢ ᠪᠠᠶᠢᠨ᠎ᠠ︔ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠮᠥᠨ ᠬᠦ | ᠴᠢᠩᠭᠠᠳᠬᠠᠬᠤ ᠴᠢᠬᠤᠯᠠᠲᠠᠶ ᠪᠠᠶᠢᠨ᠎ᠠ᠃ ᠡᠭᠦᠨ ᠳᠤ ᠪᠢᠳᠡ ᠵᠠᠪᠠᠯ ᠨᠠᠷᠢᠨ ᠬᠢᠨᠠᠮᠠᠭᠠᠶ ᠬᠠᠨᠳᠤᠵᠤ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠴᠢᠷᠮᠠᠶᠢᠨ ᠰᠢᠢᠳᠪᠦᠷᠢᠯᠡᠵᠦ᠂ | ᠰᠠᠶᠢᠨ ᠬᠥᠭᠵᠢᠯᠲᠡ ᠶᠢᠨ ᠬᠠᠨᠳᠤᠰᠢ ᠶᠢ ᠦᠷᠭᠦᠯᠵᠢᠯᠡᠨ ᠦᠷᠭᠦᠯᠵᠢᠯᠡᠭᠦᠯᠵᠦ᠂ ᠪᠥᠬᠦ ᠲᠣᠭᠤᠷᠢᠭ ᠤᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠶᠢ | ᠶᠠᠭᠠᠬᠢᠭᠰᠠᠨ ᠴᠤ ᠬᠥᠰᠡᠷᠳᠡᠭᠦᠯᠬᠦ ᠥᠬᠡᠶ︕ | ᠬᠤᠶᠠᠷ᠂ 2025 ᠣᠨ ᠤ ᠠᠵᠢᠯ ᠤᠨ ᠲᠣᠬᠢᠷᠠᠭᠤᠯᠤᠯᠲᠠ | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠵᠢᠯ ᠪᠣᠯᠤᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ | ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠤᠨ ᠲᠣᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠣᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠪᠤᠭᠤᠲᠤ ᠳᠤ ᠬᠢᠭᠰᠡᠨ ︽ᠨᠢᠭᠡ ᠰᠢᠨ᠎ᠡ ᠶᠢ ᠡᠭᠦᠳᠴᠦ᠂ ᠭᠤᠷᠪᠠ ᠶᠢ ᠪᠡᠶᠡᠯᠡᠭᠦᠯᠬᠦ︾ ᠴᠢᠬᠤᠯᠠ ᠵᠢᠭᠠᠪᠤᠷᠢ ᠶᠢ | ᠦᠨᠡᠨᠴᠢ ᠰᠢᠳᠤᠷᠭᠤ ᠪᠠᠷ ᠦᠢᠯᠡᠳᠦᠯᠭᠡᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ᠲᠣᠭᠤᠷᠢᠭ ᠤᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠲᠣᠯᠤᠳᠤᠭᠠᠷ ᠪᠦᠭᠦᠳᠡ | ᠬᠤᠷᠠᠯ ᠤᠨ ᠪᠠᠶᠢᠷᠢᠯᠠᠭᠤᠯᠤᠯᠲᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ᠦᠭᠡᠷᠡᠴᠢᠯᠡᠯᠲᠡ ᠨᠡᠭᠡᠬᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ | ᠭᠦᠨᠵᠡᠭᠡᠶᠢᠷᠡᠭᠦᠯᠬᠦ ᠪᠠᠷ ᠬᠦᠳᠡᠯᠭᠡᠬᠦ ᠬᠦᠴᠦᠨ ᠪᠣᠯᠭᠠᠵᠤ᠂ ︽2 + 3 + N︾ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠯᠦᠭᠵᠢᠯ ᠢ ᠲᠦᠷᠭᠡᠪᠴᠢᠯᠡᠨ ᠪᠠᠶᠢᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ | ᠰᠤᠷᠭᠠᠨ ᠬᠥᠮᠦᠵᠢᠯ᠂ ᠡᠮ ᠡᠮᠨᠡᠯᠭᠡ ᠶᠢᠨ ᠶᠠᠰᠤ ᠴᠢᠨᠠᠷ ᠤᠨ ᠳᠡᠭᠡᠭᠰᠢᠯᠡᠯᠲᠡ ᠶᠢ ᠠᠬᠢᠭᠤᠯᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠳᠡᠰ ᠳᠡᠪᠰᠢᠭᠦᠯᠵᠦ᠂ ᠠᠷᠠᠳ | ᠤᠯᠠᠨ ᠤ ᠠᠮᠢᠳᠤᠷᠠᠯ ᠤᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠰᠠᠭᠤᠷᠢᠨ ᠳᠡᠭᠡᠷ᠎ᠡ ᠦᠷᠭᠦᠯᠵᠢᠯᠡᠨ | ᠲᠣᠭᠲᠠᠭᠤᠨ ᠤ ᠳᠤᠮᠳᠠ ᠲᠦᠷᠭᠡᠨ ᠤᠷᠤᠭᠰᠢᠯᠠᠵᠤ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ᠣᠳᠣᠬᠢᠴᠢᠯᠠᠭᠰᠠᠨ ᠰᠢᠨ᠎ᠡ ᠪᠠᠶ᠋ᠬᠠᠣᠪᠤᠭ᠎ᠠ ᠶᠢ ᠪᠦᠬᠦ ᠬᠦᠴᠦᠨ ᠢᠶᠠᠷ ᠢᠶᠠᠨ | ᠴᠣᠭᠴᠠᠯᠠᠨ᠎ᠠ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 12% | ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 35% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ 30% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 5% ᠣᠷᠴᠢᠮ ᠨᠡᠮᠡᠭᠳᠡᠭᠦᠯᠦᠨ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 5% ᠣᠷᠴᠢᠮ ᠨᠡᠮᠡᠭᠳᠡᠭᠦᠯᠵᠦ᠂ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠵᠡᠷᠭᠡᠴᠡᠭᠦᠯᠦᠨ᠎ᠡ᠃ ᠡᠲᠡᠭᠡᠷ ᠬᠠᠷᠠᠯᠲᠠ ᠨᠢ ᠲᠣᠭᠲᠠᠭᠤᠨ ᠤ ᠳᠤᠮᠳᠠ | ᠤᠷᠤᠭᠰᠢᠯᠠᠨ ᠳᠠᠪᠰᠢᠬᠤ᠂ ᠤᠷᠤᠭᠰᠢᠯᠠᠬᠤ ᠪᠠᠷ ᠲᠣᠭᠲᠠᠭᠤᠨ ᠢ ᠠᠬᠢᠭᠤᠯᠬᠤ ᠱᠠᠭᠠᠷᠳᠠᠯᠭ᠎ᠠ ᠶᠢ ᠲᠤᠭᠤᠰᠢᠯᠠᠭᠤᠯᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠲᠡᠷᠢᠭᠦᠨ ᠳᠤ | ᠣᠷᠣᠬᠤ ᠪᠠᠷ ᠴᠢᠷᠮᠠᠶᠢᠬᠤ ᠢᠲᠡᠭᠡᠯ ᠵᠣᠷᠢᠭ ᠢ ᠢᠯᠡᠷᠡᠭᠦᠯᠪᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠠᠵᠢᠯ ᠤᠨ ᠳᠤᠮᠳᠠ ᠡᠷᠬᠡᠪᠰᠢ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠠᠵᠢᠯᠯᠠᠭ᠎ᠠ︾᠂ ᠪᠤᠭᠤᠲᠤ | ᠬᠤᠲᠠ ᠶᠢᠨ ︽ᠳᠣᠯᠤᠭ᠎ᠠ ᠶᠢ ᠦᠷᠭᠦᠯᠵᠢᠯᠡᠨ ᠬᠦᠴᠦᠯᠡᠬᠦ︾ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ︽ᠭᠤᠷᠪᠠ ᠶᠢ ᠠᠭᠤᠰᠤᠯᠴᠠᠭᠤᠯᠬᠤ᠂ ᠭᠤᠷᠪᠠᠨ ᠠᠵᠢᠯᠯᠠᠭ᠎ᠠ᠂ | ᠭᠤᠷᠪᠠ ᠶᠢ ᠳᠡᠭᠡᠭᠰᠢᠯᠡᠭᠦᠯᠬᠦ᠂ ᠬᠤᠶᠠᠷ ᠬᠠᠷᠢᠭᠤᠴᠠᠯᠭ᠎ᠠ︾ ᠶᠢᠨ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ︽ᠵᠢᠵᠢᠭ ᠲᠣᠭᠤᠷᠢᠭ ᠲᠤ ᠪᠠᠰᠠ ᠶᠡᠭᠡ | ᠵᠢᠳᠬᠦᠯ ᠴᠢᠷᠮᠠᠶᠢᠯᠭ᠎ᠠ ᠲᠠᠢ︾ ᠪᠠᠭᠠᠲᠤᠷᠯᠢᠭ ᠵᠣᠷᠢᠭ ᠢ ᠪᠠᠲᠤ ᠪᠣᠶ ᠪᠣᠯᠭᠠᠵᠤ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ | ᠲᠡᠮᠡᠴᠡᠵᠦ᠂ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠬᠡᠷᠡᠭᠲᠡᠶ᠃ | ︵ᠨᠢᠭᠡ︶ ︽2 + 3 + N︾ ᠠᠵᠤ ᠦᠢᠯᠡᠰ ᠤᠨ ᠲᠣᠭᠲᠠᠯᠴᠠᠭ᠎ᠠ ᠶᠢᠨ ᠪᠠᠶᠢᠭᠤᠯᠤᠯᠲᠠ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠬᠦᠴᠦᠨ ᠢᠶᠠᠨ | ᠲᠥᠪᠯᠡᠷᠡᠭᠦᠯᠦᠨ ᠪᠦᠲᠦᠮᠵᠢᠲᠡᠶ ᠬᠡᠷᠡᠭᠴᠡᠭᠡ ᠱᠠᠭᠠᠷᠳᠠᠯᠭ᠎ᠠ ᠶᠢ ᠬᠥᠭᠵᠢᠭᠡᠬᠦ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ︽ᠠᠵᠤ | ᠦᠢᠯᠡᠳᠪᠦᠷᠢ ᠪᠠᠷ ᠲᠣᠭᠤᠷᠢᠭ ᠢᠶᠠᠨ ᠪᠠᠶᠢᠭᠤᠯᠬᠤ᠂ ᠠᠵᠤ ᠦᠢᠯᠡᠰ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ︾ ᠶᠢ ᠭᠤᠶᠢᠪᠢᠰᠢ ᠦᠭᠡᠢ ᠪᠠᠷᠢᠮᠲᠠᠯᠠᠵᠤ᠂ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠪᠠ ᠰᠢᠨ᠎ᠡ ᠶᠢ ᠡᠭᠦᠳᠦᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠵᠦ᠂ ︽2 + 3 + N︾ | ᠭᠤᠣᠯᠳᠠᠯᠭ᠎ᠠ ᠪᠣᠯᠬᠤ ᠠᠵᠤ ᠦᠢᠯᠡᠰ ᠤᠨ ᠬᠥᠭᠵᠢᠨ ᠪᠤᠵᠠᠭᠠᠶᠢᠷᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ | ᠵᠠᠮ ᠢ ᠲᠠᠰᠤᠷᠠᠯᠲᠠ ᠦᠭᠡᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠰᠢᠨ᠎ᠡ ᠳᠠᠪᠠᠭᠤᠯᠢᠭ ᠢ ᠪᠤᠢ ᠪᠣᠯᠭᠠᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠬᠦ ᠠᠵᠢᠯᠯᠠᠭ᠎ᠠ ᠥᠷᠨᠢᠭᠦᠯᠦᠨ᠎ᠡ᠃ ︽ᠠᠭᠤᠷᠬᠠᠢ ᠶᠢ ᠰᠢᠷᠣᠢ ᠪᠣᠯᠭᠠᠨ ᠬᠤᠪᠢᠷᠠᠭᠤᠯᠬᠤ︾᠂ | ︽ᠰᠢᠷᠣᠢ ᠶᠢ ᠮᠠᠲ᠋ᠧᠷᠢᠶᠠᠯ ᠪᠣᠯᠭᠠᠨ ᠬᠤᠪᠢᠷᠠᠭᠤᠯᠬᠤ︾ ᠪᠠ ︽ᠮᠠᠲ᠋ᠧᠷᠢᠶᠠᠯ ᠢ ᠬᠤᠪᠢᠷᠠᠭᠤᠯᠤᠨ ᠬᠡᠷᠡᠭᠯᠡᠬᠦ︾ ᠭᠤᠷᠪᠠᠨ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽2 + | 3 + N︾ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ᠂ ︽ᠬᠡᠯᠬᠢᠶ᠎ᠡ ᠶᠢᠨ ᠳᠠᠷᠤᠭ᠎ᠠ︾ ᠶᠢᠨ ᠮᠠᠩᠯᠠᠶᠢᠯᠠᠭᠤᠯᠬᠤ᠂ ︽ᠬᠡᠯᠬᠢᠶ᠎ᠡ ᠶᠢᠨ ᠡᠵᠡᠨ︾ ᠤᠨ ᠬᠦᠳᠦᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ︽ᠬᠤᠶᠠᠷ ᠵᠢᠷᠤᠭ ᠬᠤᠶᠠᠷ ᠬᠦᠰᠦᠨᠦᠭᠲᠦ ᠬᠤᠶᠠᠷ ᠬᠥᠮᠥᠷᠭᠡ︾ ᠶᠢᠨ ᠬᠤᠳᠠᠯᠳᠤᠭᠠᠴᠢᠨ ᠤᠷᠢᠬᠤ ᠨᠠᠷᠢᠨ ᠳᠠᠩᠰᠠ ᠪᠠ | ᠬᠤᠳᠠᠯᠳᠤᠭᠠᠴᠢᠨ ᠤᠷᠢᠬᠤ ᠭᠠᠵᠠᠷ ᠤᠨ ᠵᠢᠷᠤᠭ ᠢ ᠲᠡᠭᠦᠯᠳᠡᠷᠵᠢᠭᠦᠯᠦᠨ᠎ᠡ᠃ ᠠᠵᠤ ᠦᠢᠯᠡᠰ ᠤᠨ ᠰᠠᠭᠤᠷᠢ ᠮᠥᠩᠭᠦ ᠶᠢ ᠰᠠᠶᠢᠲᠤᠷ ᠬᠡᠷᠡᠭᠯᠡᠨ ᠠᠮᠢᠳᠤᠯᠢᠭ ᠬᠡᠷᠡᠭᠯᠡᠵᠦ᠂ | ᠨᠥᠬᠦᠪᠦᠷᠢᠯᠡᠬᠦ ᠮᠠᠶ᠋ᠢᠭ ᠤᠨ᠂ ᠣᠷᠣᠨ ᠪᠠᠶᠢᠷᠢ ᠨᠥᠬᠦᠪᠦᠷᠢᠯᠡᠬᠦ ᠮᠠᠶ᠋ᠢᠭ ᠤᠨ᠂ ᠬᠡᠯᠬᠢᠶᠡᠵᠢᠭᠰᠡᠨ ᠮᠠᠶ᠋ᠢᠭ ᠤᠨ ᠨᠠᠷᠢᠯᠢᠭ ᠣᠨᠤᠪᠴᠢᠲᠠᠢ ᠬᠤᠳᠠᠯᠳᠤᠭᠠᠴᠢᠨ ᠤᠷᠢᠬᠤ ᠶᠢ ᠥᠷᠨᠢᠭᠦᠯᠦᠨ᠎ᠡ᠃ | ᠪᠦᠬᠦ ᠵᠢᠯ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ 30 ᠲᠥᠷᠥᠯ ᠵᠦᠢᠯ ᠳᠤ ᠭᠡᠷ᠎ᠡ ᠲᠣᠭᠲᠠᠬᠤ ᠪᠠᠷ ᠴᠢᠷᠮᠠᠶᠢᠵᠤ᠂ 20 ᠠᠴᠠ ᠳᠡᠭᠡᠭᠰᠢ ᠨᠠᠶᠢᠳᠠᠪᠤᠷᠢᠵᠢᠭᠤᠯᠤᠨ᠂ | ᠤᠯᠤᠰ ᠤᠨ ᠳᠣᠲᠣᠭᠠᠳᠤ ᠣᠷᠣᠨ ᠤ ᠭᠠᠳᠠᠨᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 50 ᠳ᠋ᠦᠩᠰᠢᠭᠤᠷ ᠲᠥᠭᠦᠷᠢᠭ ᠲᠠᠲᠠᠨ ᠣᠷᠤᠭᠤᠯᠬᠤ ᠪᠠᠷ ᠴᠢᠷᠮᠠᠶᠢᠨ᠎ᠠ᠃ ︽ᠬᠤᠶᠠᠷ | ᠬᠤᠪᠣᠷ ᠰᠢᠷᠣᠶ ᠶᠢᠨ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠰᠣᠷᠢᠨᠵᠢᠨ ᠮᠠᠲ᠋ᠧᠷᠢᠶᠠᠯ ᠤᠨ ᠬᠡᠷᠡᠭᠯᠡᠯᠲᠡ ᠪᠠᠷ ᠭᠤᠤᠯ | ᠰᠢᠪᠲᠤᠯᠤᠯᠲᠠ ᠶᠢᠨ ᠴᠢᠭᠯᠡᠯ ᠪᠣᠯᠭᠠᠵᠤ᠂ ᠬᠤᠸᠠᠨ ᠢᠤᠶ᠂ ᠺᠧ ᠺᠧ ᠪᠦᠯᠦᠭᠯᠡᠯ ᠤᠨ ᠭᠤᠣᠯ ᠠᠵᠤ ᠠᠬᠤᠶᠢᠯᠠᠯ ᠤᠨ ᠳᠠᠪᠠᠭᠤᠯᠢᠭ ᠢ ᠪᠠᠳᠠᠷᠠᠭᠤᠯᠵᠤ᠂ ᠢᠦᠢ ᠹᠧᠩ ᠵᠡᠷᠭᠡ ᠨᠡᠩ | ᠣᠯᠠᠨ ᠰᠣᠷᠢᠨᠵᠢᠨ ᠮᠠᠲ᠋ᠧᠷᠢᠶᠠᠯ ᠪᠣᠯᠤᠨ ᠢᠵᠢ ᠪᠦᠷᠢᠳᠦᠭᠦᠯᠬᠦ ᠠᠵᠤ ᠠᠬᠤᠶᠢᠯᠠᠯ ᠢ ᠮᠠᠨ ᠤ ᠲᠣᠭᠤᠷᠢᠭ ᠲᠤ ᠰᠠᠭᠤᠷᠢᠰᠢᠬᠤ ᠶᠢ ᠳᠠᠶᠢᠴᠢᠯᠠᠵᠤ᠂ ᠲᠤᠰᠬᠠᠶ ᠠᠩᠭᠢ ᠶᠢᠨ | ᠦᠢᠯᠡᠴᠢᠯᠡᠭᠡᠨ ᠢᠶᠠᠷ ᠳ᠋ᠢᠩ ᠴᠢᠶᠠᠩ ᠵᠡᠷᠭᠡ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ ᠤ ᠲᠥᠷᠥᠯ ᠵᠦᠢᠯ ᠢ ᠨᠠᠶᠢᠳᠠᠪᠤᠷᠢᠵᠢᠭᠤᠯᠤᠨ ᠠᠵᠢᠯ ᠡᠬᠢᠯᠡᠭᠦᠯᠵᠦ᠂ ᠬᠤᠪᠣᠷ ᠰᠢᠷᠣᠶ ᠶᠢᠨ | ᠠᠷᠠᠳ ᠤᠨ ᠠᠮᠢᠳᠤᠷᠠᠯ ᠤᠨ ᠬᠡᠷᠡᠭᠯᠡᠭᠡᠨ ᠤ ᠬᠦᠷᠢᠶᠡᠨ ᠳᠤ ᠬᠤᠪᠣᠷ ᠰᠢᠷᠣᠶ ᠶᠢᠨ ᠲᠦᠷᠬᠢᠮᠡᠯ ᠮᠠᠲ᠋ᠧᠷᠢᠶᠠᠯ ᠤᠨ ᠳᠠᠬᠢᠨ ᠰᠢᠨ᠎ᠡ ᠶᠢ ᠡᠭᠦᠳᠬᠦ ᠶᠢ ᠠᠬᠢᠭᠤᠯᠵᠤ᠂ ᠴᠢᠩ ᠷᠦᠨ ᠬᠤᠪᠣᠷ | ᠰᠢᠷᠣᠶ ᠶᠢᠨ ᠲᠦᠷᠬᠢᠮᠡᠯ ᠡᠳ᠋ ᠵᠡᠷᠭᠡ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠢᠯ ᠤᠨ ᠳᠣᠲᠣᠷ᠎ᠠ ᠬᠤᠪᠣᠷ ᠰᠢᠷᠣᠶ ᠶᠢᠨ ᠠᠵᠤ ᠦᠢᠯᠡᠰ ᠤᠨ ᠲᠥᠷᠥᠯ ᠵᠦᠢᠯ ᠢ | 10 ᠣᠷᠣᠭᠤᠯᠤᠨ ᠠᠪᠴᠢᠷᠠᠵᠤ᠂ ᠬᠤᠪᠣᠷ ᠰᠢᠷᠣᠶ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ 30 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠴᠢᠷᠮᠠᠶᠢᠨ᠎ᠠ᠃ | ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠴᠢᠩᠭᠠᠳᠬᠠᠬᠤ ᠶᠢ ᠯᠠᠪᠳᠠᠭᠤᠨ | ᠪᠠᠲᠤᠲᠠᠢ ᠠᠬᠢᠭᠤᠯᠵᠤ᠂ ᠨᠢᠦᠪᠢ ᠪᠠ ᠰᠺᠠᠨᠳᠢ ᠵᠠᠪᠰᠠᠷ ᠤᠨ ᠦᠢᠯᠡᠳᠪᠦᠷᠢᠯᠡᠯ ᠤᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠺᠠᠯᠢ | ᠪᠣᠷᠳᠤᠭᠤᠷ ᠤᠨ ᠬᠡᠪᠴᠢᠶᠡᠵᠢᠭᠰᠡᠨ ᠦᠢᠯᠡᠳᠪᠦᠷᠢᠯᠡᠯ ᠤᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠶᠡᠷᠦᠩᠬᠡᠶᠢᠯᠡᠨ | ᠠᠰᠢᠭᠯᠠᠬᠤ ᠠᠵᠤ ᠦᠢᠯᠡᠰ ᠤᠨ ᠦᠢᠯᠡᠳᠬᠦᠨ ᠤ ᠥᠷᠲᠡᠭ ᠢ 120 ᠳ᠋ᠦᠩᠰᠢᠭᠤᠷ ᠲᠥᠭᠦᠷᠢᠭ ᠲᠤ ᠬᠦᠷᠭᠡᠬᠦ ᠪᠠᠷ ᠴᠢᠷᠮᠠᠶᠢᠨ᠎ᠠ᠃ ᠹᠯᠣᠷ ᠤᠨ ᠰᠢᠨ᠎ᠡ ᠮᠠᠲ᠋ᠧᠷᠢᠶᠠᠯ ᠤᠨ ᠠᠵᠣ | ᠦᠢᠯᠡᠰ ᠤᠨ ᠲᠦᠷᠦᠯ ᠵᠦᠢᠯ ᠢ ᠢᠳᠡᠪᠬᠢᠳᠡᠢ ᠳᠠᠳᠠᠨ ᠣᠷᠣᠭᠤᠯᠵᠣ᠂ ᠶᠦᠨᠨᠠᠨ ᠤ ᠹᠯᠣᠷ ᠤᠨ ᠦᠢᠯᠡᠰ᠂ ᠣᠯᠠᠨ ᠹᠯᠣᠷ ᠵᠡᠷᠬᠡ ᠹᠯᠣᠷ ᠤᠨ ᠬᠢᠮᠢ ᠶᠢᠨ ᠠᠵᠣ ᠦᠢᠯᠡᠳᠪᠦᠷᠢ ᠶᠢᠨ | ᠬᠦᠷᠢᠶ᠎ᠡ ᠬᠡᠪᠴᠢᠶᠠᠨ ᠤ ᠳᠣᠯᠣᠭᠠᠶᠢᠯᠠᠭᠴᠢ ᠠᠵᠣ ᠠᠬᠤᠶᠢᠯᠠᠯ ᠤᠨ ᠪᠠᠶ᠋ᠬᠠᠤᠪᠤᠭ᠎ᠠ ᠳᠤ ᠪᠡᠯᠡ ᠣᠷᠣᠭᠤᠯᠬᠤ ᠶᠢ ᠬᠦᠴᠦᠯᠡᠨ ᠠᠬᠢᠭᠤᠯᠵᠤ᠂ ᠣᠳᠣ ᠦᠶ᠎ᠡ ᠶᠢᠨ ᠹᠯᠣᠷ ᠤᠨ | ᠮᠠᠲ᠋ᠧᠷᠢᠶᠠᠯ ᠤᠨ ᠠᠵᠣ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠠᠭᠠᠷ ᠮᠠᠨᠳᠠᠯ ᠤᠨ ᠡᠨᠧᠷᠭᠢ ᠬᠠᠳᠠᠭᠠᠯᠠᠬᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠬᠦᠴᠦᠯᠡᠨ | ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ ᠶᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠤ᠂ | ᠳᠣᠤᠷ᠎ᠠ ᠠᠭᠠᠷ ᠤᠨ ᠠᠵᠤ ᠠᠬᠤᠶ᠂ ᠣᠶᠤᠨᠴᠢ ᠬᠠᠮᠵᠢᠯᠴᠠᠬᠤ ᠮᠠᠰᠢᠨ ᠬᠥᠮᠦᠨ ᠵᠡᠷᠭᠡ ᠢᠷᠡᠭᠡᠳᠦᠶ ᠶᠢᠨ ᠠᠵᠤ ᠦᠢᠯᠡᠰ ᠢ ᠪᠠᠷᠠᠭᠠᠯᠠᠨ ᠪᠠᠶᠢᠷᠢᠯᠠᠭᠤᠯᠵᠤ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠪᠣᠶ ᠪᠣᠯᠭᠠᠨ᠎ᠠ᠃ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ | ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠪᠠ ᠬᠤᠸᠠ ᠳ᠋ᠢᠶᠠᠨ ᠤᠰᠤᠲᠥ᠋ᠷᠥᠭᠴᠢ ᠡᠨᠧᠷᠭᠢ ᠶᠢᠨ ᠶᠡᠷᠦᠩᠬᠡᠶᠢᠯᠡᠭᠰᠡᠨ ᠥᠷᠲᠡᠭᠡ ᠶᠢᠨ ᠪᠠᠶᠢᠷᠢᠰᠢᠭᠤᠯᠤᠯᠲᠠ ᠶᠢᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ᠂ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠬᠦᠷᠢᠶᠡᠯᠡᠩ ᠲᠣᠭᠤᠷᠢᠭ ᠢ ᠪᠥᠲᠥᠭᠡᠨ ᠪᠠᠶᠢᠭᠤᠯᠵᠤ᠂ | ᠲᠡᠭᠡᠭᠡᠪᠦᠷᠢᠯᠡᠬᠦ᠂ ᠬᠥᠮᠥᠷᠭᠡᠯᠡᠨ ᠬᠠᠳᠠᠭᠠᠯᠠᠬᠤ᠂ ᠭᠦᠢᠯᠭᠡᠭᠡᠵᠦ ᠡᠳ᠋ᠰᠢᠭᠦᠯᠬᠦ ᠵᠡᠷᠭᠡ ᠲᠤᠰᠬᠠᠶ ᠪᠠᠷᠠᠭᠠᠨ ᠤ ᠭᠦᠢᠯᠭᠡᠭᠡᠨ ᠤ ᠳᠤᠲᠠᠭᠤᠳᠠᠯ ᠢ ᠲᠦᠷᠭᠡᠳᠬᠡᠨ ᠨᠥᠬᠦᠪᠥᠷᠢᠯᠡᠵᠦ᠂ ᠣᠲᠣ | ᠦᠶ᠎ᠡ ᠶᠢᠨ ᠪᠠᠷᠠᠭᠠᠨ ᠤ ᠭᠦᠢᠯᠭᠡᠭᠡ ᠶᠢ ᠬᠠᠩᠭᠠᠯᠭ᠎ᠠ ᠶᠢᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠲᠡᠶᠢᠰᠢ ᠤᠷᠲᠤᠳᠬᠠᠬᠤ ᠶᠢ ᠠᠬᠢᠭᠤᠯᠤᠨ᠎ᠠ᠃ ᠣᠭᠤᠷᠴᠤᠭ ᠭᠠᠵᠠᠷ ᠤᠨ | ᠠᠵᠤ ᠠᠬᠤᠶ ᠶᠢᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ︽ᠬᠦᠷᠢᠶᠡᠯᠡᠩ ᠳᠤᠮᠳᠠᠬᠢ ᠬᠦᠷᠢᠶᠡᠯᠡᠩ︾ ᠤᠨ ᠵᠠᠭᠪᠤᠷ ᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ | ︽ᠣᠭᠤᠷᠴᠤᠭ ᠭᠠᠵᠠᠷ ᠤᠨ ᠲᠠᠷᠢᠶᠠᠯᠠᠩ︾ ᠢ ᠰᠦᠪᠡᠭᠴᠢᠯᠡᠨ ᠬᠥᠭᠵᠢᠭᠦᠯᠵᠦ᠂ ︽ᠬᠤᠪᠣᠷ ᠰᠢᠷᠣᠶ ᠶᠢᠨ ᠲᠠᠷᠢᠶᠠᠯᠠᠩ︾ ᠤᠨ ᠣᠨᠴᠠᠯᠢᠭᠲᠤ ᠨᠠᠷᠠᠲᠤ ᠲᠡᠮᠳᠡᠭᠲᠦ ᠶᠢ ᠪᠣᠶ ᠪᠣᠯᠭᠠᠨ᠂ | ᠬᠢᠯᠢ ᠠᠯᠤᠰᠯᠠᠭᠰᠠᠨ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ᠂ ᠭᠠᠳᠠᠭᠠᠳᠤ ᠶᠢᠨ ᠬᠥᠮᠥᠷᠭᠡ᠂ ᠵᠢᠶᠠ ᠰᠢᠩ ᠰᠣᠩᠭᠤᠯᠲᠠ ᠶᠢᠨ ᠪᠦᠲᠦᠭᠡᠭᠳᠡᠬᠦᠨ ᠤ | ᠲᠥᠪ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠲᠣᠭᠠᠴᠢᠯᠠᠭᠰᠠᠨ ᠠᠵᠤ ᠠᠬᠤᠶ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠡᠯᠧᠺᠲᠷᠣᠨ ᠬᠤᠳᠠᠯᠳᠤᠭ᠎ᠠ | ᠵᠡᠷᠭᠡ ᠠᠵᠤ ᠦᠢᠯᠡᠰ ᠢ ᠭᠤᠤᠯᠳᠠᠯᠭ᠎ᠠ ᠲᠠᠢ ᠬᠥᠭᠵᠢᠭᠦᠯᠦᠨ᠎ᠡ᠃ | ᠰᠢᠨ᠎ᠡ ᠶᠢ ᠡᠭᠦᠳᠴᠦ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ | ᠢᠨᠵᠧᠨᠧᠷᠢᠩ ᠢ ᠬᠡᠷᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠶᠢᠵᠢᠭᠤᠯᠤᠨ ᠬᠤᠪᠢᠷᠠᠭᠤᠯᠬᠤ ᠪᠠᠷ | ᠰᠢᠪᠲᠤᠯᠤᠯᠲᠠ ᠶᠢᠨ ᠴᠡᠭ ᠪᠣᠯᠭᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠬᠦ ᠶᠢ ᠠᠬᠢᠭᠤᠯᠤᠨ᠎ᠠ᠃ ︽ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ︽1 + 7︾ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ | ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ 7 ᠵᠦᠢᠯ ᠤᠨ ᠠᠷᠭ᠎ᠠ ᠬᠡᠮᠵᠢᠶ᠎ᠡ︾ ᠶᠢ ᠰᠠᠶᠢᠲᠤᠷ ᠬᠡᠷᠡᠭᠯᠡᠵᠦ᠂ ᠵᠠᠰᠠᠭ ᠤᠨ ᠣᠷᠳᠣᠨ᠂ ᠵᠠᠬ᠎ᠠ | ᠳᠡᠯᠭᠡᠭᠦᠷ᠂ ᠨᠡᠶᠢᠭᠡᠮ ᠵᠡᠷᠭᠡ ᠡᠯ᠎ᠡ ᠲᠠᠯ᠎ᠠ ᠶᠢᠨ ᠬᠦᠴᠦᠨ ᠢ ᠲᠥᠪᠯᠡᠷᠡᠭᠦᠯᠵᠦ᠂ ᠵᠠᠰᠠᠭ ᠤᠨ ᠣᠷᠳᠣᠨ ᠤ ᠣᠷᠣᠭᠤᠯᠤᠯᠲᠠ ᠶᠢᠨ ᠬᠠᠲᠠᠭᠤ ᠨᠡᠮᠡᠭᠳᠡᠯ ᠢ ᠤᠷᠮᠠᠰᠢᠭᠤᠯᠬᠤ ᠪᠠᠷ | ᠨᠡᠶᠢᠭᠡᠮ ᠤᠨ ᠣᠯᠠᠨ ᠠᠷᠭ᠎ᠠ ᠵᠠᠮ ᠤᠨ ᠣᠷᠣᠭᠤᠯᠤᠯᠲᠠ ᠶᠢ ᠳᠠᠶᠢᠴᠢᠯᠠᠵᠤ᠂ ᠡᠨᠡ ᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠷᠤᠯᠭ᠎ᠠ ᠶᠢᠨ ᠨᠡᠮᠡᠭᠳᠡᠯ ᠢ 20% ᠠᠴᠠ | ᠳᠡᠭᠡᠭᠰᠢ ᠨᠡᠮᠡᠭᠳᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ᠂ | ︽ᠳᠥᠷᠪᠡᠨ ᠨᠢᠭᠡ︾ ᠶᠢᠨ ᠠᠵᠢᠯᠯᠠᠭ᠎ᠠ ᠶᠢ ᠳᠡᠭᠡᠳᠦ ᠶᠠᠰᠤ ᠴᠢᠨᠠᠷᠯᠢᠭ ᠢᠶᠠᠷ ᠥᠷᠨᠢᠭᠦᠯᠵᠦ᠂ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠦᠨ ᠰᠤᠳᠤᠯᠤᠨ | ᠨᠡᠭᠡᠭᠡᠬᠦ ᠶᠢ ᠵᠣᠷᠢᠭᠵᠢᠭᠤᠯᠵᠤ᠂ ᠪᠤᠭᠤᠲᠤ ᠶᠢᠨ ᠪᠣᠯᠣᠳ ᠲᠡᠮᠦᠷ ᠤᠨ ᠺᠣᠮᠫᠠᠨᠢ ᠶᠢᠨ ᠬᠠᠶᠢᠯᠤᠭᠤᠷ ᠵᠣᠩᠰᠢ ᠶᠢ ᠠᠰᠢᠭᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ | ᠥᠷᠨᠢᠭᠦᠯᠬᠦ ᠶᠢ ᠳᠡᠮᠵᠢᠵᠦ᠂ ᠠᠯᠲᠠᠨ ᠣᠪᠤᠭ᠎ᠠ ᠶᠢᠨ ᠳᠡᠭᠡᠳᠦ ᠴᠡᠪᠡᠷᠴᠡᠲᠦ ᠹᠯᠣᠷ ᠤᠨ ᠮᠠᠲ᠋ᠧᠷᠢᠶᠠᠯ ᠤᠨ ᠭᠤᠤᠯᠳᠠᠯᠭ᠎ᠠ ᠪᠣᠯᠬᠤ ᠲᠤᠷᠰᠢᠯᠲᠠ ᠶᠢᠨ ᠲᠠᠰᠤᠭ ᠤᠨ ᠪᠥᠲᠥᠭᠡᠨ | ᠪᠠᠶᠢᠭᠤᠯᠤᠯᠲᠠ ᠶᠢ ᠠᠬᠢᠭᠤᠯᠵᠤ᠂ ᠬᠤᠩ ᠱᠧᠨ᠂ ᠬᠤᠸᠠᠨ ᠢᠦᠶ ᠵᠡᠷᠭᠡ ᠠᠵᠤ ᠠᠬᠤᠶᠢᠯᠠᠯ ᠤᠨ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠥᠷᠨᠢᠭᠦᠯᠬᠦ ᠶᠢ | ᠵᠣᠷᠢᠭᠵᠢᠭᠤᠯᠵᠤ᠂ ᠬᠤᠪᠣᠷ ᠰᠢᠷᠣᠶ ᠶᠢᠨ ᠮᠠᠲ᠋ᠧᠷᠢᠶᠠᠯ ᠤᠨ ᠺᠣᠮᠫᠠᠨᠢ ᠬᠢᠭᠡᠳ ᠴᠠᠩᠵᠸᠤ ᠶᠡᠭᠡ ᠰᠤᠷᠭᠠᠭᠤᠯᠢ ᠶᠢᠨ ᠬᠤᠪᠣᠷ ᠰᠢᠷᠣᠶ ᠶᠢᠨ ᠠᠷᠠᠳ ᠤᠨ ᠠᠮᠢᠳᠤᠷᠠᠯ ᠤᠨ ᠬᠡᠷᠡᠭᠯᠡᠭᠡᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠰᠢᠨ᠎ᠡ ᠶᠢ ᠡᠭᠦᠳᠦᠨ ᠤᠨᠳᠤᠤᠰᠢᠭᠤᠯᠬᠤ ᠲᠠᠪᠴᠠᠩ ᠢ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢ ᠨᠡᠶᠢᠳᠡᠮ ᠬᠠᠮᠤᠷᠬᠤ ᠪᠠᠷ ᠴᠢᠷᠮᠠᠶᠢᠨ᠎ᠠ᠃ ︽ᠬᠤᠣᠰ | ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠡᠯᠰᠡᠨ ᠠᠪᠴᠢᠷᠠᠵᠤ | ᠪᠤᠶᠢᠵᠢᠭᠤᠯᠤᠨ᠂ 6 ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ 23 ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠢ | ᠬᠥᠮᠥᠷᠭᠡ ᠳᠤ ᠣᠷᠣᠭᠤᠯᠬᠤ ᠪᠠᠷ ᠴᠢᠷᠮᠠᠶᠢᠨ᠎ᠠ᠃ ᠰᠢᠨ᠎ᠡ ᠶᠢ ᠡᠭᠦᠳᠬᠦ ᠲᠠᠪᠴᠠᠩ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠬᠤᠯᠪᠣᠭᠠᠯᠠᠨ ᠪᠠᠶᠢᠭᠤᠯᠵᠤ ᠬᠠᠮᠲᠤ ᠪᠠᠷ | ᠪᠠᠶᠢᠭᠤᠯᠬᠤ᠂ ᠭᠠᠳᠠᠭᠰᠢ ᠭᠠᠷᠭᠠᠬᠤ ᠦᠢᠯᠡᠴᠢᠯᠡᠭᠡ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠯᠦ ᠴᠧᠩ ᠲᠤᠷᠰᠢᠯᠲᠠ ᠶᠢᠨ ᠲᠠᠰᠤᠭ᠂ ᠤᠮᠠᠷᠠᠲᠤ ᠶᠢᠨ ᠬᠤᠪᠣᠷ ᠰᠢᠷᠣᠶ ᠶᠢᠨ | ᠰᠢᠨ᠎ᠡ ᠮᠠᠲ᠋ᠧᠷᠢᠶᠠᠯ ᠤᠨ ᠲᠤᠷᠰᠢᠯᠲᠠ ᠶᠢᠨ ᠲᠠᠰᠤᠭ ᠵᠡᠷᠭᠡ ᠰᠢᠨ᠎ᠡ ᠶᠢ ᠡᠭᠦᠳᠬᠦ ᠲᠠᠪᠴᠠᠩ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠤᠭᠤᠲᠤ ᠶᠢᠨ ᠪᠣᠯᠣᠳ | ᠲᠡᠮᠦᠷ ᠤᠨ ᠪᠦᠯᠦᠭᠯᠡᠯ᠂ ᠶᠢᠨ ᠱᠢ ᠵᠡᠷᠭᠡ ᠠᠵᠤ ᠠᠬᠤᠶᠢᠯᠠᠯ ᠯᠤᠭ᠎ᠠ ᠭᠤᠤᠯᠯᠠᠭᠤᠯᠤᠭᠰᠠᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢ ᠬᠡᠷᠡᠭᠯᠡᠬᠦ ᠶᠢ ᠴᠢᠩᠭᠠᠳᠬᠠᠵᠤ᠂ 2 ᠰᠤᠳᠤᠯᠤᠨ ᠨᠡᠭᠡᠭᠡᠬᠦ ᠲᠥᠪ ᠢ ᠰᠢᠨ᠎ᠡ ᠪᠠᠷ ᠪᠠᠶᠢᠭᠤᠯᠵᠤ᠂ 3 ᠠᠴᠠ ᠳᠡᠭᠡᠭᠰᠢᠬᠢ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ | ᠰᠢᠪᠲᠤᠯᠬᠤ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠠᠵᠢᠯᠯᠠᠭ᠎ᠠ ᠶᠢ ᠥᠷᠨᠢᠭᠦᠯᠦᠨ᠎ᠡ᠃ ︽ᠡᠨᠡ ᠵᠢᠯ ᠢ ᠰᠠᠶᠢᠲᠤᠷ ᠬᠢᠵᠦ᠂ ᠢᠷᠡᠬᠦ ᠵᠢᠯ ᠢ | ᠭᠦᠢᠴᠡᠳ ᠪᠡᠯᠡᠳᠬᠡᠵᠦ᠂ ᠠᠯᠤᠰ ᠬᠡᠳᠤ ᠶᠢ ᠲᠥᠯᠥᠪᠵᠢᠭᠦᠯᠬᠦ︾ ᠤᠬᠠᠮᠰᠠᠷ ᠢ ᠴᠢᠩᠭᠠᠳᠬᠠᠵᠤ᠂ ᠤᠯᠤᠰ ᠤᠨ ᠠᠯᠢ ᠤᠯᠠᠨ ᠠᠰᠢᠭᠲᠠᠢ ᠲᠦᠷᠦ ᠶᠢᠨ ᠪᠤᠳᠤᠯᠭ᠎ᠠ ᠶᠢ ᠰᠠᠶᠢᠲᠤᠷ | ᠭᠦᠢᠴᠡᠳ ᠬᠡᠷᠡᠭᠯᠡᠵᠦ᠂ ᠳᠡᠭᠡᠳᠦ ᠱᠠᠲᠤᠨ ᠤ ᠲᠦᠷᠦ ᠶᠢᠨ ᠪᠤᠳᠤᠯᠭ᠎ᠠ ᠶᠢᠨ ᠪᠡᠯᠡ ᠮᠥᠩᠭᠦ ᠶᠢᠨ ᠣᠷᠣᠭᠤᠯᠤᠯᠲᠠ ᠶᠢᠨ ᠬᠠᠨᠳᠤᠰᠢ ᠶᠢ ᠴᠢᠩᠭ᠎ᠠ ᠠᠩᠬᠠᠷᠴᠤ᠂ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠴᠤᠩᠬᠤᠪᠴᠢ ᠶᠢᠨ ᠬᠤᠭᠤᠴᠠᠭ᠎ᠠ ᠶᠢ ᠠᠳᠬᠤᠵᠤ᠂ ᠨᠢᠭᠡ ᠪᠦᠯᠦᠭ ᠪᠡᠯᠭᠡ ᠲᠡᠮᠳᠡᠭ ᠤᠨ | ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠲᠦᠷᠦᠯ ᠵᠦᠢᠯ ᠢ ᠲᠥᠯᠥᠪᠵᠢᠭᠦᠯᠦᠨ ᠨᠥᠭᠡᠴᠡᠯᠡᠵᠦ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ᠎ᠠ᠃ ︽ᠬᠤᠶᠠᠷ ᠰᠢᠨ᠎ᠡ︾ ᠶᠢᠨ ᠤᠳᠤᠷᠢᠳᠤᠮᠵᠢ ᠶᠢ ᠪᠠᠷᠢᠮᠲᠠᠯᠠᠵᠤ᠂ ᠨᠡᠮᠡᠭᠳᠡᠯ ᠤᠨ ᠤᠬᠠᠮᠰᠠᠷ ᠢᠶᠠᠨ | ᠴᠢᠩᠭᠠᠷᠠᠭᠤᠯᠤᠨ᠂ 55 ᠠᠴᠠ ᠳᠡᠭᠡᠭᠰᠢ ᠭᠤᠣᠯᠳᠠᠯᠭ᠎ᠠ ᠪᠣᠯᠬᠤ ᠲᠦᠷᠦᠯ ᠵᠦᠢᠯ ᠢ ᠬᠥᠳᠡᠯᠦᠩᠭᠦᠢ ᠪᠠᠷ ᠬᠡᠷᠡᠭᠵᠢᠭᠦᠯᠵᠦ᠂ ᠶᠡᠷᠦᠩᠬᠡᠢ ᠪᠡᠯᠡ ᠣᠷᠣᠭᠤᠯᠤᠯᠲᠠ ᠶᠢ 170 | ᠳ᠋ᠦᠩᠰᠢᠭᠤᠷ ᠲᠥᠭᠦᠷᠢᠭ ᠠᠴᠠ ᠳᠡᠭᠡᠭᠰᠢ ᠪᠣᠯᠭᠠᠨ᠎ᠠ᠃ ᠪᠦᠬᠦ ᠵᠢᠯ ᠳᠤ 26 ᠵᠦᠢᠯ ᠠᠴᠠ ᠳᠡᠭᠡᠭᠰᠢ ᠲᠥᠷᠥᠯ ᠵᠦᠢᠯ ᠢ ᠳᠡᠭᠡᠳᠦ ᠱᠠᠲᠤᠨ ᠤ ᠲᠥᠷᠥᠯ ᠵᠦᠢᠯ ᠤᠨ ᠨᠥᠭᠡᠴᠡᠯᠡᠬᠦ | ᠬᠥᠮᠥᠷᠭᠡ ᠳᠤ ᠣᠷᠣᠭᠤᠯᠬᠤ ᠪᠠᠷ ᠴᠢᠷᠮᠠᠶᠢᠵᠤ᠂ 5 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠮᠥᠩᠭᠦ ᠶᠢ ᠴᠢᠷᠮᠠᠶᠢᠨ ᠣᠯᠵᠤ᠂ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠠᠵᠤ ᠦᠢᠯᠡᠰ ᠤᠨ ᠲᠥᠷᠥᠯ ᠤᠨ ᠲᠥᠷᠥᠯ ᠵᠦᠢᠯ ᠢ 12 ᠠᠴᠠ ᠳᠤᠲᠠᠭᠤ ᠦᠭᠡᠢ ᠠᠵᠢᠯ ᠡᠬᠢᠯᠡᠭᠦᠯᠬᠦ ᠪᠠᠷ ᠴᠢᠷᠮᠠᠶᠢᠨ᠎ᠠ᠃ ᠠᠭᠤᠷᠬᠠᠶ ᠡᠷᠢᠬᠦ ᠰᠢᠪᠲᠤᠯᠤᠯᠲᠠ ᠶᠢᠨ | ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠪᠠᠶ᠋ᠬᠠᠣᠪᠤᠭ᠎ᠠ ᠲᠡᠮᠦᠷ ᠤᠨ ᠠᠭᠤᠷᠬᠠᠶ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠬᠦ ᠶᠢ | ᠢᠳᠡᠪᠬᠢᠲᠡᠶ ᠠᠬᠢᠭᠤᠯᠵᠤ᠂ ᠢ ᡁᠢ ᠪᠠᠷᠠᠭᠠᠨ ᠤ ᠭᠦᠢᠯᠭᠡᠭᠡ᠂ ᠰᠢᠩ ᠪᠦᠸᠧ ᠬᠤᠪᠤᠷ ᠮᠠᠲ᠋ᠧᠷᠢᠶᠠᠯ᠂ ᠺᠧ ᠺᠧ ᠰᠣᠷᠢᠨᠵᠢᠨ ᠦᠢᠯᠡᠰ ᠵᠡᠷᠭᠡ ᠠᠵᠤ ᠠᠬᠤᠶᠢᠯᠠᠯ ᠤᠨ | ᠦᠢᠯᠡᠳᠪᠦᠷᠢᠯᠡᠯ ᠳᠤ ᠣᠷᠤᠯᠴᠠᠵᠤ ᠦᠷ᠎ᠡ ᠠᠰᠢᠭ ᠣᠯᠬᠤ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠪᠣᠣ ᠱᠠᠨ ᠤ ᠳᠤᠮᠳᠠ ᠵᠡᠷᠭᠡ ᠶᠢᠨ ᠶᠠᠳᠠᠭᠤ ᠬᠦᠴᠢᠯᠳᠦ᠋ᠷᠦᠭᠴᠢᠲᠦ | ᠠᠭᠤᠷᠬᠠᠢ ᠶᠢ ᠦᠨᠳᠦᠷ ᠪᠦᠲᠦᠮᠵᠢᠲᠡᠢ ᠪᠠᠷ ᠠᠰᠢᠭᠯᠠᠬᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ᠂ ᠹᠯᠣᠷᠲᠤ ᠬᠤᠪᠣᠷ ᠰᠢᠷᠣᠢ᠂ ᠹᠧᠩ ᠸᠧ | ᠬᠤᠪᠣᠷ ᠰᠢᠷᠣᠢ ᠶᠢᠨ ᠣᠳᠣ ᠦᠶ᠎ᠡ ᠶᠢᠨ ᠲᠠᠷᠢᠶᠠᠯᠠᠩ ᠵᠡᠷᠭᠡ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠺᠧ ᠯᠠᠢ ᠪᠥᠸᠧ ᠹᠯᠣᠷ ᠤᠨ | ᠮᠠᠲ᠋ᠧᠷᠢᠶᠠᠯ᠂ ᠾᠧᠩ ᠱᠧᠩ᠂ ᠶᠤᠸᠠᠨ ᠯᠢᠨ᠂ ᠳᠠᠬᠢᠨ ᠡᠭᠦᠰᠬᠦᠶᠢᠴᠡ ᠬᠤᠪᠣᠷ ᠰᠢᠷᠣᠶ᠂ ᠼᠧᠷᠢᠼᠧᠷ ᠤᠨ ᠲᠡᠮᠦᠷᠯᠢᠭ᠂ ᠵᠢᠩ ᠴᠠᠩ ᠿᠢ ᠥᠭᠡᠬᠦᠨ ᠴᠢᠯᠠᠭᠤᠨ ᠡᠯᠡᠰᠦ ᠵᠡᠷᠭᠡ | ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ ᠶᠢ ᠲᠦᠷᠭᠡᠳᠬᠡᠨ᠎ᠡ᠃ ᠨᠠᠶᠢᠳᠠᠪᠤᠷᠢᠵᠢᠭᠤᠯᠬᠤ ᠲᠦᠷᠦᠯ ᠵᠦᠢᠯ ᠤᠨ | ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠦᠷᠢᠨᠰᠢᠬᠦᠯᠵᠦ᠂ ᠲᠦᠷᠦᠯ ᠵᠦᠢᠯ ᠤᠨ ᠲᠤᠰᠬᠠᠢ ᠠᠩᠬᠢ ᠶᠢ ᠠᠬᠢᠭᠤᠯᠵᠤ᠂ ᠤᠷᠢᠳᠠᠪᠠᠷ ᠦᠢᠯᠡᠴᠢᠯᠡᠵᠦ᠂ ᠡᠯᠧᠮᠧᠨ᠋ᠲ ᠤᠨ ᠪᠣᠭᠤᠮᠢ | ᠬᠢᠵᠠᠭᠠᠷᠯᠠᠯ ᠢ ᠪᠦᠬᠦ ᠬᠦᠴᠦᠨ ᠢᠶᠠᠷ ᠢᠶᠠᠨ ᠡᠪᠳᠡᠵᠦ᠂ ᠬᠦᠴᠦᠨ ᠢᠶᠠᠨ ᠲᠥᠪᠯᠡᠷᠡᠭᠦᠯᠦᠨ ᠨᠠᠶᠢᠳᠠᠪᠤᠷᠢᠵᠢᠭᠤᠯᠬᠤ ᠶᠢ ᠠᠳᠬᠤᠵᠤ᠂ ᠪᠦᠳᠦᠭᠡᠨ ᠪᠠᠶᠢᠭᠤᠯᠤᠯᠲᠠ ᠶᠢ ᠠᠳᠬᠤᠵᠤ᠂ | ᠠᠰᠢᠭᠯᠠᠯᠲᠠ ᠳᠤ ᠣᠷᠣᠭᠤᠯᠬᠤ ᠶᠢ ᠠᠳᠬᠤᠨ᠎ᠠ᠃ | ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠰᠠᠭᠤᠷᠢ ᠶᠢ ᠴᠢᠩᠭᠠᠳᠬᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠢ ᠲᠤᠰᠠᠭᠠᠷ | ᠪᠠᠶᠢᠭᠤᠯᠬᠤ ᠶᠢ ᠲᠦᠷᠭᠡᠳᠬᠡᠨ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠬᠦᠷᠢᠶᠡᠯᠡᠩ ᠲᠣᠭᠤᠷᠢᠭ ᠤᠨ | ᠪᠠᠶᠢᠷᠢᠰᠢᠭᠤᠯᠤᠯᠲᠠ ᠪᠠ ᠲᠥᠷᠥᠯ ᠵᠦᠢᠯ ᠤᠨ ᠭᠠᠵᠠᠷ ᠰᠣᠩᠭᠤᠬᠤ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠦᠷᠢᠶᠡᠯᠡᠩ ᠲᠣᠭᠤᠷᠢᠭ ᠤᠨ ᠡᠬᠢ ᠪᠠᠶᠠᠯᠢᠭ ᠤᠨ | ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠷᠠᠭᠤᠯᠤᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠬᠦᠷᠢᠶᠡᠯᠡᠩ ᠳᠤ ᠣᠷᠣᠭᠤᠯᠬᠤ᠂ ᠠᠵᠤ ᠠᠬᠤᠶᠢᠯᠠᠯ ᠢ ᠲᠡᠳᠬᠦᠨ | ᠬᠦᠷᠢᠶᠡᠯᠡᠩ ᠢ ᠬᠦᠴᠦᠷᠬᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠬᠦᠷᠢᠶᠡᠯᠡᠩ ᠲᠣᠭᠤᠷᠢᠭ ᠤᠨ | ᠳᠤᠲᠠᠭᠤᠳᠠᠯ ᠢ ᠨᠥᠬᠦᠪᠥᠷᠢᠯᠡᠨ᠎ᠡ᠃ ᠳᠤᠮᠳᠠ ᠬᠡᠰᠡᠭ ᠤᠨ ᠬᠦᠷᠢᠶᠡᠯᠡᠩ ᠲᠣᠭᠤᠷᠢᠭ ᠤᠨ 1000 ᠮᠥ ᠬᠦᠷᠢᠶᠡᠯᠡᠩ ᠲᠣᠭᠤᠷᠢᠭ᠂ 210 ᠮᠥ ᠭᠠᠵᠠᠷ ᠰᠢᠷᠣᠶ ᠶᠢ ᠮᠡᠳᠡᠭᠦᠯᠦᠨ | ᠵᠥᠪᠰᠢᠶᠡᠷᠡᠭᠦᠯᠬᠦ ᠶᠢ ᠲᠦᠷᠭᠡᠳᠬᠡᠨ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠳᠣᠲᠣᠭᠠᠳᠤ ᠶᠢᠨ ᠵᠠᠮ ᠤᠨ ᠲᠣᠤᠷ᠂ ᠢᠯᠴᠢ ᠬᠠᠩᠭᠠᠬᠤ᠂ ᠬᠡᠶ ᠬᠠᠩᠭᠠᠬᠤ ᠬᠤᠭᠤᠯᠠᠶ ᠶᠢᠨ | ᠲᠣᠤᠷ ᠤᠨ ᠪᠥᠲᠥᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠵᠠᠮ ᠢ 2 ᠺᠢᠯᠤᠮᠧᠲᠷ ᠰᠢᠨ᠎ᠡ ᠪᠠᠷ ᠪᠠᠶᠢᠭᠤᠯᠵᠤ᠂ 7.5 ᠺᠢᠯᠤᠮᠧᠲᠷ ᠤᠨ ᠤᠰᠤ | ᠬᠠᠩᠭᠠᠬᠤ ᠤᠰᠤ ᠵᠠᠯᠠᠬᠤ ᠬᠤᠭᠤᠯᠠᠶ ᠭᠤᠤᠷᠰᠤ ᠶᠢᠨ ᠲᠣᠤᠷ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠦᠨ᠂ ᠵᠢᠯ ᠤᠨ ᠳᠣᠲᠣᠷ᠎ᠠ 3 ᠲᠦᠮᠡᠨ ᠲᠡᠭᠰᠢ ᠳᠥᠷᠪᠡᠯᠵᠢᠨ | ᠮᠧᠲᠷ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠬᠡᠷ ᠪᠠᠶᠢᠰᠢᠩ ᠢ ᠰᠢᠨ᠎ᠡ ᠪᠠᠷ ᠪᠠᠶᠢᠭᠤᠯᠵᠤ᠂ ᠵᠣᠬᠢᠰᠲᠠᠶ ᠤᠷᠢᠳᠴᠢᠯᠠᠭᠤᠯᠬᠤ ᠵᠠᠷᠴᠢᠮ ᠶᠣᠰᠣᠭᠠᠷ ᠬᠦᠷᠢᠶᠡᠯᠡᠩ | ᠲᠣᠭᠤᠷᠢᠭ ᠤᠨ 220KV ᠬᠦᠴᠦᠳᠡᠯ ᠥᠭᠡᠷᠡᠴᠢᠯᠡᠬᠦ ᠥᠷᠲᠡᠭᠡ᠂ ᠠᠵᠤ ᠦᠢᠯᠡᠳᠪᠦᠷᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠬᠠᠲᠠᠭᠤ ᠪᠡᠶᠡᠲᠦ ᠬᠠᠶᠠᠭᠳᠠᠮᠠᠯ | ᠰᠢᠭᠠᠷᠤ ᠶᠢᠨ ᠲᠠᠯᠠᠪᠠᠶ ᠵᠡᠷᠭᠡ ᠲᠥᠷᠥᠯ ᠵᠦᠢᠯ ᠢ ᠡᠬᠢᠯᠡᠭᠦᠯᠦᠨ᠎ᠡ᠃ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ ︽ᠭᠤᠷᠪᠠ ᠠᠴᠠ | ᠬᠤᠶᠠᠷ ᠢ ᠡᠷᠢᠬᠦ︾ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠳᠡᠭᠡᠳᠦ ᠳᠣᠤᠷᠠᠳᠤ ᠤᠷᠤᠰᠬᠠᠯ ᠤᠨ ᠠᠵᠤ ᠦᠢᠯᠡᠰ ᠤᠨ ᠬᠤᠯᠪᠣᠭ᠎ᠠ ᠶᠢ ᠵᠣᠬᠢᠶᠠᠨ ᠪᠠᠶᠢᠭᠤᠯᠵᠤ᠂ ᠠᠵᠤ | ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠵᠦ᠂ ᠪᠠᠯᠠ ᠮᠥᠩᠭᠦ ᠡᠷᠢᠵᠦ᠂ ᠠᠵᠤ ᠠᠬᠤᠶᠢᠯᠠᠯ ᠤᠨ ᠡᠨᠧᠷᠭᠢ ᠠᠷᠪᠢᠯᠠᠬᠤ ᠪᠠ ᠤᠰᠤ ᠠᠷᠪᠢᠯᠠᠬᠤ ᠮᠡᠷᠭᠡᠵᠢᠯ ᠤᠨ | ᠥᠭᠡᠷᠡᠴᠢᠯᠡᠯᠲᠡ ᠬᠢᠬᠦ ᠶᠢ ᠵᠣᠷᠢᠭᠵᠢᠭᠤᠯᠤᠨ ᠳᠡᠮᠵᠢᠵᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠪᠠᠷᠠᠭᠠᠨ ᠤ ᠭᠦᠢᠯᠭᠡᠭᠡ ᠵᠡᠷᠭᠡ ᠦᠢᠯᠡᠳᠪᠦᠷᠢᠯᠡᠯ ᠤᠨ ᠥᠪᠡᠷ ᠤᠨ ᠥᠷᠲᠡᠭ ᠢ | ᠪᠠᠭᠤᠷᠠᠭᠤᠯᠵᠤ᠂ ᠠᠵᠤ ᠠᠬᠤᠶᠢᠯᠠᠯ ᠤᠨ ᠨᠠᠩ ᠰᠠᠶᠢᠨ ᠬᠥᠭᠵᠢᠯᠲᠡ ᠳᠤ ᠬᠦᠴᠦᠨ ᠨᠡᠮᠡᠷᠢᠯᠡᠨ᠎ᠡ᠃ | ︵ᠬᠤᠶᠠᠷ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠵᠠᠩᠭᠢᠯᠠᠭ᠎ᠠ ᠶᠢᠨ ᠲᠤᠯᠭᠠᠭᠤᠷᠢᠯᠠᠯ ᠪᠣᠯᠭᠠᠵᠤ᠂ ᠬᠦᠴᠦᠨ ᠢᠶᠠᠨ ᠲᠦᠪᠯᠡᠷᠡᠭᠦᠯᠦᠨ ᠬᠦᠭᠵᠢᠯᠲᠡ ᠶᠢᠨ | ᠬᠦᠳᠡᠯᠭᠡᠬᠦ ᠬᠦᠴᠦᠨ ᠢ ᠬᠤᠷᠠᠮᠳᠤᠭᠤᠯᠬᠤ ᠲᠠᠯ᠎ᠠ ᠪᠠᠷ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ ᠣᠯᠵᠤ᠂ | ᠨᠡᠭᠡᠭᠡᠯᠲᠡ ᠬᠢᠬᠦ ᠠᠴᠠ ᠠᠮᠢᠵᠢᠷᠠᠯ ᠤᠨ ᠬᠦᠴᠦᠨ ᠣᠯᠵᠤ᠂ ᠳᠣᠲᠣᠭᠠᠳᠤ ᠳᠠᠯᠳᠠ ᠬᠦᠴᠦᠨ ᠢ ᠠᠭᠤᠳᠠᠯᠵᠤ᠂ ᠭᠠᠳᠠᠭᠰᠢ ᠨᠡᠶᠢᠯᠡᠯ ᠬᠦᠴᠦᠨ ᠢ ᠨᠢᠭᠲᠠᠷᠠᠭᠤᠯᠬᠤ ᠶᠢ ᠪᠠᠷᠢᠮᠲᠠᠯᠠᠵᠤ᠂ | ᠥᠭᠡᠷᠡᠴᠢᠯᠡᠯᠲᠡ ᠨᠡᠭᠡᠭᠡᠯᠲᠡ ᠬᠢᠬᠦ ᠡᠨᠡ ᠬᠦ ︽ᠠᠯᠲᠠᠨ ᠲᠦᠯᠬᠢᠭᠦᠷ︾ ᠢᠶᠠᠷ ᠬᠠᠨᠳᠤᠰᠢ ᠶᠢ ᠡᠪᠳᠡᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠰᠢᠨ᠎ᠡ ᠪᠠᠶᠢᠳᠠᠯ ᠢ ᠨᠡᠭᠡᠭᠡᠵᠦ᠂ | ᠪᠠᠶ᠋ᠬᠠᠣᠪᠤᠭ᠎ᠠ ᠶᠢᠨ ᠴᠢᠨᠠᠷ ᠰᠠᠶᠢᠲᠠᠢ ᠬᠥᠭᠵᠢᠯᠲᠡ ᠶᠢᠨ ︽ᠰᠢᠨ᠎ᠡ ᠣᠷᠣᠨ ᠵᠠᠢ︾ ᠶᠢ ᠨᠡᠭᠡᠭᠡᠶ᠎ᠡ︕ | ᠦᠭᠡᠷᠡᠴᠢᠯᠡᠯᠲᠡ ᠶᠢ ᠨᠡᠩ ᠭᠦᠨ ᠳᠡᠰ ᠳᠠᠪᠬᠤᠷᠭ᠎ᠠ ᠪᠠᠷ ᠲᠦᠯᠬᠢᠨ ᠠᠬᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ︽ᠬᠤᠶᠠᠷ ᠢ ᠴᠡᠭᠴᠡᠯᠡᠨ ᠬᠤᠶᠠᠷ ᠢ | ᠳᠡᠭᠡᠭᠰᠢᠯᠡᠭᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠵᠦ᠂ ︽ᠳᠣᠯᠤᠭ᠎ᠠ ᠶᠢ ᠲᠣᠭᠲᠠᠭᠠᠬᠤ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠰᠢᠯᠢᠳᠡᠭ ᠢ ᠨᠢ ᠱᠠᠩᠨᠠᠵᠤ ᠮᠠᠭᠤ ᠶᠢ ᠨᠢ | ᠲᠣᠷᠭᠠᠬᠤ᠂ ᠳᠠᠪᠰᠢᠵᠤ ᠪᠣᠯᠬᠤ ᠮᠥᠷᠲᠡᠭᠡᠨ ᠪᠠᠭᠤᠵᠤ ᠪᠣᠯᠬᠤ ᠳᠦᠷᠢᠮ ᠤᠨ ᠲᠣᠭᠲᠠᠯᠴᠠᠭ᠎ᠠ ᠶᠢ ᠪᠠᠶᠢᠭᠤᠯᠵᠤ᠂ ᠪᠥᠸᠧ ᠶᠤᠸᠠᠨ᠂ ᠱᠧᠩ ᠹᠸᠢ᠂ ᠬᠦᠷᠢᠶᠡᠯᠡᠩ ᠲᠣᠭᠤᠷᠢᠭ ᠤᠨ | ᠡᠵᠡᠩᠨᠡᠯᠲᠡ᠂ ᠰᠣᠶᠣᠯ ᠵᠢᠭᠤᠯᠴᠢᠯᠠᠯ ᠵᠡᠷᠭᠡ ᠲᠣᠭᠤᠷᠢᠭ ᠤᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠷ᠎ᠡ ᠠᠰᠢᠭ ᠢᠶᠠᠷ ᠤᠳᠤᠷᠢᠳᠤᠮᠵᠢ ᠪᠣᠯᠭᠠᠬᠤ ᠶᠢ | ᠠᠬᠢᠭᠤᠯᠵᠤ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠪᠠᠶᠢᠭᠤᠯᠤᠨ᠂ ᠬᠡᠷᠡᠭᠴᠡᠭᠡᠲᠡᠢ ᠡᠳ᠋ ᠬᠥᠷᠥᠩᠭᠡ ᠶᠢ ᠠᠮᠢᠯᠠᠭᠤᠯᠵᠤ᠂ ᠬᠠᠮᠲᠤᠷᠠᠯᠴᠠᠬᠤ᠂ ᠬᠤᠪᠢ ᠣᠷᠣᠭᠤᠯᠬᠤ᠂ | ᠪᠡᠯᠡ ᠣᠷᠣᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠶᠢ ᠠᠪᠴᠤ᠂ ᠭᠤᠣᠯᠯᠠᠬᠤ ᠲᠤᠬᠠᠶᠢᠯᠠᠭᠰᠠᠨ ᠠᠵᠢᠯ ᠢᠶᠠᠨ ᠬᠦᠴᠦᠷᠬᠡᠭᠵᠢᠭᠦᠯᠵᠦ᠂ ᠭᠠᠳᠠᠭᠰᠢ ᠭᠠᠷᠴᠤ ᠵᠠᠬ᠎ᠠ | ᠳᠡᠯᠭᠡᠭᠦᠷ ᠢᠶᠠᠨ ᠦᠷᠭᠡᠳᠬᠡᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠳᠠᠷᠤᠭᠠᠰᠤ ᠶᠢ ᠨᠢ ᠲᠠᠶᠠᠭᠳᠠᠭᠤᠯᠵᠤ᠂ ᠬᠥᠩᠭᠡᠨ ᠢᠶᠠᠷ ᠵᠢᠭᠰᠠᠭᠠᠯ ᠳᠤ ᠭᠠᠷᠭᠠᠵᠤ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠳᠣᠲᠣᠭᠠᠳᠤ ᠬᠥᠳᠡᠯᠭᠡᠭᠴᠢ ᠬᠦᠴᠦᠨ ᠢ ᠦᠨᠡᠨ ᠬᠦ ᠬᠥᠭᠵᠢᠭᠡᠵᠦ᠂ 3 ᠵᠢᠯ ᠤᠨ ᠳᠣᠲᠣᠷ᠎ᠠ ᠠᠯᠳᠠᠭᠳᠠᠯ ᠲᠠᠢ ᠪᠠᠶᠢᠭᠰᠠᠨ ᠢ ᠣᠯᠵᠠᠪᠤᠷᠢ ᠲᠠᠢ | ᠪᠣᠯᠭᠠᠬᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠥᠷᠲᠡᠭ ᠢ ᠪᠠᠲᠤᠯᠠᠵᠤ ᠥᠷᠲᠡᠭ ᠨᠡᠮᠡᠭᠳᠡᠭᠦᠯᠬᠦ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠡᠳ᠋ ᠤᠨ ᠵᠠᠰᠠᠭ ᠤᠨ ᠲᠡᠭ ᠰᠠᠭᠤᠷᠢ | ᠲᠦᠰᠦᠪ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠶᠢᠯᠢ ᠶᠢᠨ ᠢᠷᠡᠯᠲᠡ ᠶᠢ ᠭᠦᠨᠵᠡᠭᠡᠢ ᠠᠭᠤᠳᠠᠯᠤᠨ ᠪᠤᠶᠢᠵᠢᠭᠤᠯᠵᠤ᠂ ᠬᠡᠷᠡᠭᠯᠡᠵᠦ ᠪᠣᠯᠬᠤ ᠡᠳ᠋ ᠤᠨ ᠬᠦᠴᠦᠨ ᠢ | ᠨᠡᠮᠡᠭᠳᠡᠭᠦᠯᠦᠨ᠎ᠡ᠃ ᠮᠠᠨ ᠤ ᠲᠤᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢᠨ ᠰᠠᠭᠤᠷᠢ ᠮᠥᠩᠭᠦ ᠶᠢᠨ ᠬᠥᠰᠢᠭᠦᠷᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ | ᠵᠠᠰᠠᠬᠤ ᠣᠷᠣᠨ᠂ ᠪᠤᠭᠤᠲᠤ ᠬᠤᠲᠠ ᠶᠢᠨ ᠭᠤᠤᠯᠳᠠᠯᠭ᠎ᠠ ᠪᠣᠯᠬᠤ ᠠᠵᠤ ᠦᠢᠯᠡᠰ ᠤᠨ ᠰᠠᠭᠤᠷᠢ ᠮᠥᠩᠭᠦ ᠶᠢ ᠢᠳᠡᠪᠬᠢᠲᠡᠶ ᠬᠠᠷᠢᠯᠴᠠᠨ ᠵᠣᠬᠢᠴᠠᠭᠤᠯᠵᠤ᠂ ᠣᠯᠠᠨ ᠵᠦᠢᠯ ᠤᠨ ᠠᠷᠭ᠎ᠠ | ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠬᠦᠴᠢᠷᠲᠡᠶ᠂ ᠪᠣᠳᠠᠲᠠᠶᠢᠵᠢᠭᠤᠯᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ | ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠰᠤᠯᠠ ᠪᠠᠶᠢᠬᠤ ᠡᠳ᠋ ᠬᠥᠷᠥᠩᠭᠡ ᠶᠢ ᠠᠮᠢᠳᠤᠯᠢᠭ ᠪᠣᠯᠭᠠᠬᠤ ᠠᠵᠢᠯ ᠢ ᠥᠷᠨᠢᠭᠦᠯᠵᠦ᠂ ᠨᠡᠶᠢᠭᠡᠮ ᠤᠨ ᠰᠤᠯᠠ ᠪᠠᠶᠢᠬᠤ ᠡᠬᠢ | ᠪᠠᠶᠠᠯᠢᠭ ᠢ ᠠᠯᠬᠤᠮ ᠠᠯᠬᠤᠮ ᠢᠶᠠᠷ ᠠᠮᠢᠳᠤᠯᠢᠭ ᠪᠣᠯᠭᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠥᠭᠵᠢᠯᠲᠡ ᠶᠢᠨ ᠲᠠᠯ᠎ᠠ ᠪᠠᠷ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠵᠤ᠂ | ᠰᠤᠯᠠ ᠪᠠᠶᠢᠬᠤ ᠡᠬᠢ ᠪᠠᠶᠠᠯᠢᠭ ᠤᠨ ︽ᠳᠠᠷᠤᠭᠠᠰᠤ︾ ᠶᠢ ᠡᠳ᠋ ᠬᠥᠷᠥᠩᠭᠡ ᠪᠣᠯᠭᠠᠨ ᠬᠤᠪᠢᠷᠠᠭᠤᠯᠤᠨ᠎ᠠ᠃ | ᠨᠡᠩ ᠪᠣᠳᠠᠲᠠᠢ ᠠᠷᠭ᠎ᠠ ᠬᠡᠮᠵᠢᠶ᠎ᠡ ᠠᠪᠴᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠤᠯᠤᠰ ᠤᠨ ᠳᠣᠲᠣᠭᠠᠳᠤ ᠶᠢᠨ ᠲᠡᠷᠢᠭᠦᠨ ᠤ ᠭᠠᠵᠠᠷ ᠣᠷᠣᠨ ᠤ ᠬᠡᠪ | ᠳᠠᠭᠤᠷᠢᠶᠠᠯ ᠢᠶᠠᠷ ᠰᠠᠨᠠᠭᠠᠴᠢᠯᠠᠭ᠎ᠠ ᠠᠴᠠ ᠪᠠᠨ ᠪᠠᠷᠢᠮᠵᠢᠶᠠᠯᠠᠵᠤ᠂ ︽ᠪᠠᠶ᠋ᠬᠠᠣᠪᠤᠭ᠎ᠠ ᠶᠢᠨ ᠬᠤᠷᠳᠤᠴᠠ︾᠂ ︽ᠪᠠᠶ᠋ᠬᠠᠣᠪᠤᠭ᠎ᠠ ᠶᠢᠨ ᠳᠤᠯᠠᠭᠠᠴᠠ︾ ᠪᠠᠷ ︽ᠲᠠᠪᠤᠨ ᠬᠠᠮᠤᠭ︾ ᠤᠨ | ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ︽ᠨᠢᠭᠡ ᠰᠦᠯᠵᠢᠶ᠎ᠡ ᠣᠯᠠᠨ ᠦᠵᠦᠬᠦᠷ︾ ᠤᠨ ᠣᠳᠣᠬᠢᠴᠢᠯᠠᠭᠰᠠᠨ ᠠᠵᠢᠯ ᠶᠠᠪᠤᠳᠠᠯ | ᠭᠦᠢᠴᠡᠳᠭᠡᠬᠦ ᠶᠡᠭᠡ ᠲᠢᠩᠬᠢᠮ ᠢ ᠪᠣᠶ ᠪᠣᠯᠭᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾ ᠴᠢᠳᠠᠪᠤᠷᠢ ᠶᠢ ᠲᠠᠰᠤᠷᠠᠯᠲᠠ ᠥᠬᠡᠶ ᠴᠢᠩᠭᠠᠳᠬᠠᠵᠤ᠂ ᠲᠤᠭ᠎ᠠ ᠪᠠᠷᠢᠮᠲᠠ ᠶᠢ | ᠢᠯᠡᠭᠦᠦ︽ᠭᠦᠶᠦᠯᠭᠡᠵᠦ︾᠂ ︽ᠦᠨᠳᠦᠷ ᠪᠦᠲᠦᠮᠵᠢᠲᠡᠢ ᠪᠠᠷ ᠨᠢᠭᠡ ᠶᠠᠪᠤᠳᠠᠯ ᠢ ᠭᠦᠢᠴᠡᠳᠭᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ ᠶᠠᠪᠤᠳᠠᠯ ᠢ ᠨᠢᠭᠡ ᠯᠡ | ᠤᠳᠠᠭ᠎ᠠ ᠳᠤ ᠭᠦᠢᠴᠡᠳᠭᠡᠬᠦ︾ ᠲᠠᠰ ᠳᠡᠪᠰᠢᠭᠰᠡᠨ ᠬᠡᠪ ᠢ ᠪᠣᠶ ᠪᠣᠯᠭᠠᠵᠤ᠂ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ | ᠡᠭᠦᠳᠴᠦ᠂ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ ᠶᠢᠨ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠬᠦᠯᠵᠦ᠂ ᠬᠡᠷᠡᠭ | ᠶᠠᠪᠤᠳᠠᠯ ᠤᠨ ᠡᠮᠦᠨᠡᠬᠢ᠂ ᠳᠤᠮᠳᠠᠬᠢ ᠪᠠ ᠳᠠᠷᠠᠭᠠᠬᠢ ᠪᠥᠬᠦ ᠬᠡᠯᠬᠢᠶᠡᠨ ᠤ ᠪᠥᠬᠦ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠠᠷᠠᠳ ᠲᠤ ᠲᠥᠬᠦᠮ ᠦᠵᠡᠭᠦᠯᠵᠦ | ᠠᠵᠤ ᠠᠬᠤᠶᠢᠯᠠᠯ ᠳᠤ ᠠᠰᠢᠭᠲᠠᠶ ᠨᠠᠩ ᠣᠯᠠᠨ ᠵᠦᠢᠯᠡᠰ ᠢ ᠭᠠᠷᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠳᠤ ᠪᠥᠬᠦ ᠲᠠᠯ᠎ᠠ ᠶᠢᠨ ᠴᠢᠨᠠᠷ ᠰᠠᠶᠢᠲᠠᠶ ᠦᠢᠯᠡᠴᠢᠯᠡᠭᠡ ᠬᠠᠩᠭᠠᠵᠤ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠣᠯᠭᠠᠨ᠎ᠠ᠃ ᠵᠠᠰᠠᠭ ᠪᠠ ᠠᠵᠤ ᠠᠬᠤᠶᠢᠯᠠᠯ ᠤᠨ ᠨᠡᠪᠲᠡᠷᠡᠯᠴᠡᠬᠦ ᠠᠷᠭ᠎ᠠ | ᠵᠠᠮ ᠢ ᠰᠢᠯᠤᠭᠤᠳᠬᠠᠵᠤ᠂ ᠠᠵᠤ ᠠᠬᠤᠶᠢᠯᠠᠯ ᠤᠨ ᠤᠴᠢᠷ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ᠠᠵᠤ ᠠᠬᠤᠶᠢᠯᠠᠯ ᠤᠨ ︽ᠬᠡᠷᠡᠭᠴᠡᠭᠡ ᠱᠠᠭᠠᠷᠳᠠᠯᠭ᠎ᠠ ᠶᠢᠨ ᠨᠠᠷᠢᠨ | ᠲᠠᠩᠰᠠ︾ ᠶᠢ ᠵᠠᠰᠠᠭ ᠤᠨ ᠣᠷᠳᠣᠨ ᠤ ︽ᠡᠭᠦᠷᠭᠡ ᠶᠢᠨ ᠨᠠᠷᠢᠨ ᠲᠠᠩᠰᠠ︾ ᠪᠣᠯᠭᠠᠨ᠎ᠠ᠃ ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ | ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ︽ᠤᠴᠢᠷ ᠦᠭᠡᠢ ᠪᠣᠯ ᠬᠠᠷᠰᠢᠯᠠᠬᠤ ᠦᠭᠡᠢ︾᠂ ︽ᠤᠴᠢᠷ ᠪᠠᠶᠢᠪᠠᠯ | ᠵᠠᠪᠠᠯ ᠬᠦᠷᠬᠦ︾ ᠶᠢ ᠪᠡᠶᠡᠯᠡᠭᠦᠯᠵᠦ᠂ ᠬᠠᠤᠯᠢ ᠬᠡᠷᠡᠭᠵᠢᠭᠦᠯᠦᠯᠲᠡ ᠶᠢ ᠡᠷᠴᠢᠮ ᠲᠠᠢ ᠮᠦᠷᠲᠡᠭᠡᠨ ᠳᠤᠯᠠᠭᠠᠴᠠ ᠲᠠᠢ ᠪᠣᠯᠭᠠᠨ᠎ᠠ᠃ | ᠣᠷᠣᠨ ᠪᠦᠰᠡ ᠶᠢᠨ ᠬᠥᠭᠵᠢᠯᠲᠡ ᠶᠢ ᠨᠡᠩ ᠦᠨᠳᠦᠷ ᠪᠠᠶᠢᠷᠢ ᠲᠣᠭᠲᠠᠭᠠᠨ᠎ᠠ᠃ ᠪᠣᠭᠤᠲᠤ ᠶᠢᠨ ᠪᠣᠯᠤᠳ ᠲᠡᠮᠦᠷ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ ᠭᠠᠷ | ᠬᠤᠯᠪᠣᠨ ︽ᠬᠤᠶᠠᠷ ᠭᠠᠵᠠᠷ ᠭᠤᠷᠪᠠᠨ ᠲᠠᠯ᠎ᠠ︾ ᠶᠢᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠡᠯ᠎ᠡ ᠠᠵᠤ | ᠠᠬᠤᠶᠢᠯᠠᠯ ᠳᠤ ᠦᠢᠯᠡᠴᠢᠯᠡᠬᠦ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤ ᠲᠠᠢ ᠬᠠᠮᠵᠢᠯᠴᠠᠨ ᠬᠢᠮᠢ ᠶᠢᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠡᠩ ᠤᠯᠠᠨ ᠠᠵᠤ ᠠᠬᠤᠶᠢᠯᠠᠯ ᠪᠠ ᠭᠠᠵᠠᠷ ᠣᠷᠣᠨ ᠤ ᠠᠭᠤᠰᠤᠯᠴᠠᠨ ᠬᠥᠭᠵᠢᠬᠦ ᠵᠣᠬᠢᠴᠠᠯ ᠤᠨ ᠴᠡᠭ ᠢ | ᠠᠭᠤᠳᠠᠯᠵᠤ᠂ ᠬᠠᠷᠢᠯᠴᠠᠨ ᠨᠥᠬᠦᠪᠥᠷᠢᠯᠡᠬᠦ ᠴᠢᠨᠠᠷᠲᠠᠢ᠂ ᠬᠤᠯᠪᠣᠯᠳᠤᠬᠤ ᠴᠢᠨᠠᠷᠲᠠᠢ ᠴᠢᠩᠭ᠎ᠠ ᠠᠵᠤ ᠦᠢᠯᠡᠰ ᠢ ᠣᠷᠣᠭᠤᠯᠤᠨ ᠠᠪᠴᠢᠷᠠᠵᠤ᠂ ︽ᠬᠤᠶᠠᠷ ᠭᠠᠵᠠᠷ ᠭᠤᠷᠪᠠᠨ ᠲᠠᠯ᠎ᠠ︾ | ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ ᠬᠠᠮᠲᠤᠪᠠᠷ ᠠᠮᠵᠢᠵᠤ᠂ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ | ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠨ᠂ ᠮᠣᠩᠭᠤᠯ ᠤᠯᠤᠰ ᠤᠨ ᠴᠢᠨᠠᠷ ᠰᠠᠶᠢᠲᠠᠶ ᠨᠡᠭᠦᠷᠡᠰᠦ᠂ ᠵᠡᠰ ᠵᠡᠷᠭᠡ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠨᠠᠷᠮᠠᠶ | ᠪᠣᠭᠤᠮᠲᠠ ᠶᠢᠨ ᠠᠵᠤ ᠠᠬᠤᠶ ᠶᠢ ᠢᠳᠡᠪᠬᠢᠲᠡᠶ ᠬᠥᠭᠵᠢᠭᠦᠯᠦᠨ᠂ ︽ᠬᠤᠶᠠᠷ ᠣᠷᠣᠨ ᠤ ᠭᠠᠳᠠᠨᠠᠬᠢ︾ ᠶᠢᠨ ᠬᠦᠳᠡᠯᠭᠡᠭᠦᠷ ᠤᠨ ᠭᠠᠶᠢᠯᠢ ᠶᠢ ᠪᠠᠲᠤᠯᠠᠵᠤ ᠰᠡᠯᠪᠢᠨ ᠵᠠᠰᠠᠬᠤ ᠲᠥᠷᠥᠯ | ᠵᠦᠢᠯ ᠢ ᠬᠦᠴᠦᠷᠬᠡᠭᠵᠢᠭᠦᠯᠵᠦ᠂ ᠣᠲᠣ ᠦᠶ᠎ᠡ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠢ ᠪᠥᠲᠥᠭᠡᠨ ᠪᠠᠶᠢᠭᠤᠯᠵᠤ᠂ ᠪᠤᠭᠤᠲᠤ ᠠᠴᠠ ᠪᠠᠶᠠᠨᠬᠤᠲᠠ ᠬᠦᠷᠬᠦ | ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠤᠯᠤᠰ ᠤᠨ ᠲᠡᠮᠦᠷ ᠵᠠᠮ ᠤᠨ ᠪᠦᠯᠦᠭᠯᠡᠯ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠳᠤ | ᠣᠷᠣᠭᠤᠯᠬᠤ ᠪᠠᠷ ᠴᠢᠷᠮᠠᠶᠢᠵᠤ᠂ ᠵᠠᠰᠠᠮᠠᠯ ᠵᠠᠮ ᠲᠡᠮᠦᠷ ᠵᠠᠮ ᠤᠨ ᠬᠤᠯᠪᠣᠭᠠᠯᠠᠨ ᠲᠡᠭᠡᠭᠡᠪᠦᠷᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠮᠠᠨᠳᠤᠯ᠂ ᠭᠠᠭᠴᠠᠮᠣᠳᠣ ᠪᠣᠭᠤᠮᠲᠠ | ᠪᠣᠯᠤᠨ ᠬᠥᠬᠡᠬᠤᠲᠠ ᠪᠤᠭᠤᠲᠤ ᠣᠷᠳᠣᠰ ᠤᠨ ᠠᠵᠤ ᠠᠬᠤᠶ ᠶᠢᠨ ᠲᠣᠭᠤᠷᠢᠭ ᠤᠨ ᠴᠢᠬᠤᠯᠠ ᠪᠠᠷᠠᠭᠠᠨ ᠤ ᠭᠦᠢᠯᠭᠡᠭᠡᠨ ᠤ ᠵᠠᠮ ᠱᠣᠭᠤᠮ ᠢ ᠨᠡᠪᠲᠡᠷᠡᠭᠦᠯᠵᠦ᠂ ᠠᠭᠤᠯᠠᠷᠬᠠᠭ | ᠤᠮᠠᠷᠠᠲᠤ ᠶᠢᠨ ᠭᠠᠵᠠᠷ ᠣᠷᠤᠨ ᠤ ᠴᠢᠬᠤᠯᠠ ᠦᠢᠯᠡᠳᠪᠦᠷᠢᠯᠡᠯ ᠦᠢᠯᠡᠴᠢᠯᠡᠭᠡᠨ ᠤ ᠬᠡᠯᠪᠡᠷᠢ ᠶᠢᠨ ᠪᠠᠷᠠᠭᠠᠨᠳᠠ ᠶᠢᠨ ᠭᠦᠢᠯᠭᠡᠭᠡᠨ ᠤ ᠵᠠᠩᠭᠢᠯᠠᠭ᠎ᠠ ᠶᠢᠨ ᠬᠤᠲᠠ ᠶᠢ ᠬᠦᠴᠦᠯᠡᠨ ᠪᠤᠢ | ᠪᠣᠯᠭᠠᠵᠤ᠂ ᠪᠤᠭᠤᠲᠤ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠲᠤᠯᠬᠤ ᠴᠡᠭ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠭᠠᠳᠠᠭᠠᠳᠤ ᠠᠷᠠᠯᠵᠢᠶ᠎ᠠ ᠶᠢ ᠰᠢᠯᠢᠳᠡᠭᠵᠢᠭᠦᠯᠬᠦ᠂ | ᠭᠠᠳᠠᠭᠠᠳᠤ ᠪᠡᠯᠡ ᠶᠢᠨ ᠰᠢᠪᠲᠤᠯᠤᠯᠲᠠ᠂ ᠭᠠᠳᠠᠭᠠᠳᠤ ᠨᠡᠭᠡᠭᠡᠯᠲᠡ ᠶᠢᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠶᠡᠬᠡᠪᠡᠷ ᠥᠷᠨᠢᠭᠦᠯᠵᠦ᠂ ᠨᠡᠩ ᠥᠨᠳᠥᠷ ᠬᠢᠷᠢ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠪᠡᠶᠡᠯᠡᠭᠦᠯᠦᠨ᠎ᠡ᠃ | ︵ᠭᠤᠷᠪᠠ︶ ᠪᠥᠲᠥᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ ᠲᠠᠩᠰᠠ ᠡᠪᠬᠡᠮᠡᠯ ᠢ ᠳᠡᠭᠡᠭᠰᠢᠯᠡᠭᠦᠯᠬᠦ ᠶᠢ ᠠᠬᠢᠭᠤᠯᠬᠤ ᠪᠠᠷ ᠴᠢᠬᠤᠯᠠ ᠭᠠᠷᠳᠠᠴᠠ ᠪᠣᠯᠭᠠᠵᠤ᠂ ᠬᠤᠲᠠ ᠶᠢᠨ | ᠴᠢᠳᠠᠮᠵᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠬᠦᠴᠦ ᠪᠠᠨ ᠲᠥᠪᠯᠡᠷᠡᠭᠦᠯᠦᠨ ᠦᠷ᠎ᠡ ᠠᠰᠢᠭ ᠢ ᠨᠡᠮᠡᠭᠳᠡᠭᠦᠯᠦᠨ᠎ᠡ᠃ ᠬᠥᠮᠦᠨ ᠢᠶᠠᠷ ᠦᠨᠳᠦᠰᠦ ᠪᠣᠯᠭᠠᠬᠤ᠂ ᠠᠷᠠᠳ ᠤᠨ | ᠲᠥᠯᠥᠭᠡ ᠬᠤᠲᠠ ᠪᠠᠶᠢᠭᠤᠯᠬᠤ ᠶᠢ ᠪᠠᠷᠢᠮᠲᠠᠯᠠᠨ᠂ ᠬᠤᠲᠠ ᠶᠢᠨ ᠰᠢᠨᠡᠴᠢᠯᠡᠯᠲᠡ ᠶᠢ ᠥᠨᠳᠥᠷ ᠪᠠᠷᠢᠮᠵᠢᠶ᠎ᠠ ᠪᠠᠷ ᠬᠡᠷᠡᠭᠵᠢᠭᠦᠯᠵᠦ᠂ ᠬᠤᠲᠠ ᠶᠢᠨ ᠶᠠᠰᠤ ᠴᠢᠨᠠᠷ ᠢ ᠥᠨᠳᠥᠷ | ᠲᠦᠪᠰᠢᠨ ᠢᠶᠠᠷ ᠳᠡᠭᠡᠭᠰᠢᠯᠡᠭᠦᠯᠦᠨ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠪᠠᠬᠢᠵᠢᠭᠦᠯᠬᠦ ᠶᠢ ᠴᠢᠩᠭ᠎ᠠ ᠱᠠᠭᠠᠷᠳᠠᠵᠤ᠂ ᠬᠤᠲᠠ ᠶᠢᠨ ᠡᠨᠧᠷᠭᠢ ᠶᠢᠨ ᠲᠠᠰ᠂ | ᠬᠤᠲᠠ ᠶᠢᠨ ᠬᠡᠪ ᠴᠢᠨᠠᠷ᠂ ᠬᠤᠲᠠ ᠶᠢᠨ ᠠᠭᠤᠯᠬᠤᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ | ᠬᠤᠳᠠ ᠶᠢ ᠤᠷᠭᠠᠨᠢᠭ ᠢᠶᠠᠷ ᠰᠢᠨᠡᠳᠬᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ | ᠬᠡᠷᠡᠭᠵᠢᠭᠦᠯᠬᠦ ᠶᠢ ᠴᠢᠩᠭᠠᠳᠬᠠᠵᠤ᠂ ᠬᠤᠲᠠ ᠶᠢᠨ ᠪᠠᠶᠢᠴᠠᠭᠠᠯᠲᠠ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠬᠤᠲᠠ ᠶᠢᠨ ᠲᠣᠭᠤᠷᠢᠭ ᠤᠨ ᠴᠢᠳᠠᠮᠵᠢ ᠶᠢᠨ | ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠪᠥᠬᠦ ᠵᠢᠯ ᠳᠤ 2 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠵᠤ᠂ ᠯᠠᠨ ᠲᠢᠶᠠᠨ ᠵᠢᠩ | ᠶᠤᠸᠠᠨ᠂ ᠰᠢᠶᠠ ᠿᠢ ᠬᠤᠤ ᠲᠢᠩ ᠵᠡᠷᠭᠡ ᠵᠢᠵᠢᠭ ᠲᠣᠭᠤᠷᠢᠭ ᠤᠨ ᠶᠡᠷᠦᠩᠬᠡᠶᠢᠯᠡᠭᠰᠡᠨ ᠣᠷᠴᠢᠨ ᠲᠣᠭᠤᠷᠢᠨ ᠢ ᠳᠡᠭᠡᠭᠰᠢᠯᠡᠭᠦᠯᠵᠦ᠂ ᠬᠤᠲᠠ ᠶᠢᠨ ᠲᠣᠭᠤᠷᠢᠭ ᠤᠨ ᠵᠠᠮ ᠤᠨ | ᠵᠠᠩᠭᠢᠯᠠᠭ᠎ᠠ ᠶᠢᠨ ᠴᠡᠭ ᠤᠨ ᠶᠡᠷᠦᠩᠬᠡᠶᠢᠯᠡᠭᠰᠡᠨ ᠣᠷᠴᠢᠨ ᠲᠣᠭᠤᠷᠢᠨ ᠢ ᠳᠡᠭᠡᠭᠰᠢᠯᠡᠭᠦᠯᠵᠦ᠂ ᠬᠡᠰᠡᠭ ᠵᠢᠵᠢᠭ ᠲᠣᠭᠤᠷᠢᠭ ᠤᠨ ᠵᠡᠭᠡᠯᠢ ᠭᠤᠳᠤᠮᠵᠢ ᠶᠢᠨ ᠡᠪᠳᠡᠷᠬᠡᠶ ᠵᠠᠮ ᠤᠨ | ᠭᠠᠳᠠᠷᠭᠤ ᠶᠢ ᠡᠮᠬᠢ ᠵᠢᠷᠤᠮ ᠲᠠᠢ ᠪᠠᠷ ᠰᠡᠯᠪᠢᠨ ᠵᠠᠰᠠᠵᠤ᠂ ᠵᠢᠵᠢᠭ ᠲᠣᠭᠤᠷᠢᠭ ᠤᠨ ᠠᠰᠠᠷ ᠤᠨ ᠵᠠᠮ ᠤᠨ ᠣᠷᠴᠢᠨ ᠲᠣᠭᠤᠷᠢᠨ ᠤ ᠥᠭᠡᠷᠡᠴᠢᠯᠡᠯᠲᠡ ᠶᠢ ᠠᠯᠬᠤᠮ ᠠᠯᠬᠤᠮ ᠢᠶᠠᠷ | ᠥᠷᠨᠢᠭᠦᠯᠦᠨ᠂ ᠰᠢᠭᠤᠳ ᠤᠤᠭᠤᠬᠤ ᠤᠰᠤ᠂ ᠪᠠᠶᠢᠭᠠᠯᠢ ᠶᠢᠨ ᠰᠢᠲᠠᠮᠠᠬᠠᠶ ᠬᠡᠶ ᠶᠢ ᠡᠷᠦᠬᠡ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ 31 ᠵᠢᠵᠢᠭ ᠲᠣᠭᠤᠷᠢᠭ ᠤᠨ | ᠴᠠᠬᠢᠯᠭᠠᠨ ᠴᠡᠨᠡᠭᠯᠡᠬᠦ ᠲᠡᠷᠭᠡᠨ ᠤ ᠰᠠᠷᠠᠪᠴᠢ ᠶᠢ ᠰᠢᠨ᠎ᠡ ᠪᠠᠷ ᠪᠠᠶᠢᠭᠤᠯᠵᠤ᠂ ᠪᠦᠷᠢᠨ ᠪᠦᠲᠦᠨ ᠨᠡᠶᠢᠭᠡᠮ ᠲᠣᠭᠤᠷᠢᠭ ᠤᠨ ᠲᠤᠷᠰᠢᠯᠲᠠ ᠶᠢᠨ ᠴᠡᠭ ᠢ ᠡᠭᠦᠳᠦᠨ ᠪᠠᠶᠢᠭᠤᠯᠵᠤ᠂ ᠨᠤᠭᠤ | ᠭᠠᠵᠠᠷ ᠤᠨ ᠴᠡᠴᠡᠷᠯᠢᠭ᠂ ᠳ᠋ᠢᠩ ᠰᠢᠶᠠᠩ ᠶᠤᠸᠠᠨ ᠵᠡᠷᠭᠡ ᠴᠡᠴᠡᠷᠯᠢᠭ ᠤᠨ ᠲᠥᠬᠦᠭᠡᠷᠦᠮᠵᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠵᠦ᠂ 210 ᠨᠣᠮᠧᠷᠲᠤ ᠤᠯᠤᠰ ᠤᠨ ᠵᠠᠮ ᠤᠨ | ᠬᠤᠲᠠ ᠶᠢᠨ ᠲᠣᠭᠤᠷᠢᠭ ᠤᠨ ᠵᠠᠮ ᠢ ᠵᠠᠯᠭᠠᠭᠰᠠᠨ ᠲᠥᠷᠥᠯ ᠵᠦᠢᠯ ᠢ ᠠᠵᠢᠯ ᠡᠬᠢᠯᠡᠭᠦᠯᠬᠦ ᠪᠠᠷ ᠢᠳᠡᠪᠬᠢᠲᠡᠶ ᠴᠢᠷᠮᠠᠶᠢᠵᠤ᠂ 210 ᠨᠣᠮᠧᠷᠲᠤ ᠤᠯᠤᠰ ᠤᠨ ᠵᠠᠮ ᠤᠨ ᠨᠡᠪᠲᠡᠷᠡᠬᠦ | ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ 240 ᠲᠦᠮᠡᠨ ᠲᠥᠭᠦᠷᠢᠭ ᠤᠨ ᠪᠡᠯᠡ ᠣᠷᠣᠭᠤᠯᠵᠤ ᠬᠤᠲᠠ ᠶᠢᠨ ᠭᠡᠷᠡᠯᠲᠦᠭᠦᠯᠭᠡ ᠶᠢᠨ | ᠦᠵᠡᠮᠵᠢ ᠶᠢ ᠪᠣᠢ ᠪᠣᠯᠭᠠᠵᠤ ᠪᠠᠶᠠᠷ ᠤᠨ ᠡᠳᠦᠷ ᠤᠨ ᠡᠯᠧᠮᠧᠨ᠋ᠲ ᠢ ᠨᠡᠮᠡᠵᠦ᠂ ᠰᠢᠨ᠎ᠡ ᠣᠨ ᠤ ᠦᠨᠦᠷ ᠠᠮᠲᠠ ᠶᠢ ᠲᠣᠳᠤᠷᠠᠭᠤᠯᠤᠨᠠ᠃ ᠨᠠᠷᠢᠨ ᠬᠠᠮᠢᠶᠠᠷᠤᠯᠲᠠ ᠶᠢ ᠴᠢᠩᠭᠠᠳᠬᠠᠵᠤ᠂ | ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠬᠤᠲᠠ ᠶᠢᠨ ᠳᠦᠷᠰᠦ ᠪᠠᠶᠢᠳᠠᠯ᠂ ᠪᠣᠯᠪᠠᠰᠤᠨ ᠵᠠᠮ | ᠬᠠᠷᠢᠯᠴᠠᠭ᠎ᠠ᠂ ᠠᠳᠠᠯ ᠠᠬᠤᠶ ᠶᠢᠨ ᠦᠢᠯᠡᠴᠢᠯᠡᠭᠡ ᠵᠡᠷᠭᠡ ᠶᠢ ᠳᠠᠬᠢᠨ ᠴᠡᠭᠴᠡᠯᠡᠨ ᠵᠠᠰᠠᠵᠤ᠂ ᠳᠠᠬᠢᠨ ᠳᠡᠭᠡᠭᠰᠢᠯᠡᠭᠦᠯᠵᠦ᠂ ᠪᠠᠷᠢᠯᠭ᠎ᠠ ᠶᠢᠨ ᠬᠤᠭ ᠨᠣᠪᠰᠢ ᠶᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠳᠥᠯᠭᠢᠨ ᠠᠬᠢᠭᠤᠯᠵᠤ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ ᠬᠢᠭᠡᠳ ᠠᠵᠤ ᠠᠬᠤᠶᠢᠯᠠᠯ ᠤᠨ ᠠᠵᠢᠯ ᠳᠤ ᠭᠠᠷᠬᠤ ᠥᠷᠲᠡᠭᠡ ᠴᠡᠭ ᠢ ᠳᠣᠭᠢᠷᠠᠭᠤᠯᠤᠨ᠂ | ᠵᠠᠮ ᠤᠨ ᠮᠠᠰᠢᠨᠴᠢᠯᠠᠭᠰᠠᠨ ᠴᠡᠪᠡᠷᠯᠡᠯᠲᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠰᠠᠶᠢᠲᠤᠷ ᠠᠳᠬᠤᠵᠤ᠂ | ᠬᠤᠲᠠ ᠶᠢᠨ ᠶᠠᠪᠤᠳᠠᠯ ᠤᠨ ᠬᠤᠭᠤᠯᠠᠶ ᠱᠤᠭᠤᠮ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠰᠠᠶᠢᠲᠤᠷ ᠠᠳᠬᠤᠵᠤ᠂ ︽ᠪᠤᠵᠠᠷ︾ ᠢ ᠲᠥᠪᠯᠡᠷᠡᠭᠦᠯᠦᠨ ᠵᠠᠰᠠᠵᠤ᠂ | ︽ᠮᠠᠭᠤ︾ ᠶᠢ ᠲᠦᠢᠯᠪᠤᠷᠢᠲᠠᠶ ᠵᠠᠰᠠᠵᠤ᠂ ᠵᠢᠵᠢᠭ ᠰᠠᠵᠢᠭ ᠵᠦᠢᠯᠡᠰ ᠠᠴᠠ ᠭᠠᠷᠳᠠᠵᠤ᠂ ᠬᠤᠲᠠ ᠶᠢᠨ ᠥᠩᠭᠡ ᠵᠢᠰᠦ ᠶᠢ ᠳᠡᠭᠡᠭᠰᠢᠯᠡᠭᠦᠯᠦᠨ᠎ᠡ᠃ ᠬᠡᠷᠡᠭᠯᠡᠭᠡᠨ ᠤ ᠳᠠᠯᠳᠠ ᠬᠦᠴᠦᠨ ᠢ | ᠭᠦᠨᠵᠡᠭᠡᠶ ᠠᠭᠤᠳᠠᠯᠵᠤ᠂ ᠳ᠋ᠢᠩ ᠳ᠋ᠤᠤ ᠾᠧᠩ ᠵᠠᠮ ᠤᠨ ᠡᠮᠦᠨ᠎ᠡ ᠬᠡᠰᠡᠭ᠂ ᠬᠠᠴᠢᠨ ᠴᠢᠯᠠᠭᠤᠨ ᠤ ᠰᠣᠶᠣᠯ ᠤᠨ ᠵᠡᠭᠡᠯᠢ ᠶᠢ ᠤᠨᠴᠠᠯᠢᠬᠳᠤ ᠵᠡᠭᠡᠯᠢ ᠲᠣᠭᠤᠷᠢᠭ ᠪᠣᠯᠭᠠᠨ | ᠪᠠᠶᠢᠭᠤᠯᠬᠤ ᠪᠠᠷ ᠬᠦᠴᠦᠯᠡᠨ ᠴᠢᠷᠮᠠᠶᠢᠵᠤ᠂ ᠳ᠋ᠣᠣ ᠾᠧᠩ ᠬᠤᠳᠠᠯᠳᠤᠭᠠᠨ ᠤ ᠲᠠᠯᠠᠪᠠᠢ ᠶᠢ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠪᠣᠯᠭᠠᠨ ᠪᠠᠶᠢᠭᠤᠯᠵᠤ᠂ ᠨᠡᠩ ᠣᠯᠠᠨ | ᠰᠢᠨ᠎ᠡ ᠬᠡᠯᠪᠡᠷᠢ ᠶᠢᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠶᠡᠬᠡᠪᠡᠷ ᠪᠤᠶᠢᠵᠢᠭᠤᠯᠵᠤ᠂ ᠰᠣᠳᠣᠨ ᠪᠠᠭᠤᠳᠠᠯ᠂ ᠣᠨᠴᠠᠯᠢᠭᠲᠤ ᠠᠷᠠᠳ ᠤᠨ ᠣᠷᠣᠨ ᠰᠠᠭᠤᠴᠠ ᠶᠢ | ᠵᠣᠷᠢᠭᠵᠢᠭᠤᠯᠤᠨ ᠬᠥᠭᠵᠢᠭᠦᠯᠵᠦ᠂ 5 ᠠᠴᠠ ᠳᠡᠭᠡᠭᠰᠢᠬᠢ ᠨᠡᠷᠡᠲᠦ ᠲᠡᠮᠳᠡᠭᠲᠦ ᠶᠢᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠬᠡᠷᠡᠭᠯᠡᠭᠡ ᠶᠢ | ᠠᠬᠢᠭᠤᠯᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠡᠯ᠎ᠡ ᠲᠥᠷᠥᠯ ᠤᠨ ᠪᠠᠶᠠᠷ ᠳᠤᠷᠠᠰᠬᠠᠯ ᠤᠨ ᠡᠳᠦᠷ ᠤᠨ ᠤᠷᠤᠯᠳᠤᠭᠠᠨ ᠤ ᠠᠵᠢᠯᠯᠠᠭ᠎ᠠ ᠶᠢ ᠡᠷᠬᠢᠯᠡᠵᠦ᠂ ᠬᠡᠷᠡᠭᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠂ ᠵᠠᠯᠠᠭᠤᠴᠤᠳ ᠨᠥᠬᠦᠷᠰᠡᠭ ᠬᠡᠯᠪᠡᠷᠢ ᠶᠢᠨ ᠬᠤᠲᠠ ᠶᠢ ᠪᠦᠲᠦᠭᠡᠨ ᠪᠠᠶᠢᠭᠤᠯᠵᠤ᠂ ᠬᠤᠲᠠ ᠶᠢ ᠦᠵᠡᠰᠬᠦᠯᠡᠩᠲᠦ ᠰᠠᠶᠢᠬᠠᠨ ᠪᠣᠯᠭᠠᠵᠤ᠂ | ᠬᠡᠷᠡᠭᠯᠡᠭᠡ ᠶᠢ ᠬᠥᠭᠵᠢᠭᠡᠨ᠎ᠡ᠃ | ᠠᠮᠢ ᠠᠬᠤᠢ ᠶᠢᠨ ᠣᠷᠴᠢᠨ ᠲᠣᠭᠤᠷᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠬᠰᠢᠯᠠᠭᠤᠯᠤᠯᠳᠠ ᠤᠷᠬᠢᠯ ᠭᠡᠮᠵᠢᠭᠳᠡᠯ ᠳᠤ ᠬᠦᠷᠬᠦ ᠠᠵᠢᠯᠯᠠᠭ᠎ᠠ ᠶᠢᠨ ᠲᠥᠰᠦᠯ ᠢ ᠨᠠᠶᠢᠷᠠᠭᠤᠯᠤᠨ ᠵᠣᠬᠢᠶᠠᠬᠤ | ᠠᠵᠢᠯ ᠢ ᠡᠬᠢᠯᠡᠭᠦᠯᠵᠦ᠂ ᠰᠢᠶᠠᠨ ᠤ ᠬᠡᠪᠴᠢᠶᠡᠨ ᠤ ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠤᠨ ᠵᠢᠱᠢᠶ᠎ᠡ ᠦᠵᠡᠭᠦᠯᠬᠦ ᠣᠷᠣᠨ ᠢ ᠪᠥᠬᠦ ᠬᠦᠴᠦᠨ ᠢᠶᠠᠷ ᠢᠶᠠᠨ ᠭᠤᠶᠤᠴᠢᠯᠠᠨ | ᠮᠡᠳᠡᠭᠦᠯᠵᠦ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ︽ᠬᠤᠣᠰ ᠡᠵᠡᠮᠳᠡᠯ︾ ᠲᠡᠶᠢᠰᠢ ᠬᠤᠪᠢᠷᠠᠭᠤᠯᠬᠤ ᠶᠢ | ᠠᠬᠢᠭᠤᠯᠵᠤ᠂ ᠠᠵᠤ ᠠᠬᠤᠶᠢᠯᠠᠯ ᠤᠨ ᠦᠢᠯᠡᠳᠬᠦᠨ ᠤ ᠨᠡᠭᠦᠷᠡᠰᠦᠲᠥ᠋ᠷᠥᠭᠴᠢ ᠶᠢᠨ ᠵᠢᠮ ᠤᠨ ᠭᠡᠷᠡᠴᠢᠯᠡᠯ ᠳᠤ ᠬᠦᠴᠦᠨ ᠨᠡᠮᠡᠷᠢᠯᠡᠵᠦ᠂ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ | ᠠᠷᠪᠢᠯᠠᠨ ᠡᠷᠴᠢᠮᠵᠢᠭᠦᠯᠦᠭᠰᠡᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠵᠤ ᠰᠢᠯᠭᠠᠨ ᠠᠪᠬᠤ ᠶᠢ ᠪᠡᠶᠡᠯᠡᠭᠦᠯᠦᠨ᠎ᠡ᠃ ᠬᠥᠬᠡ ᠣᠭᠲᠠᠷᠭᠤᠶ᠂ ᠬᠥᠬᠡᠮᠳᠦᠭ ᠤᠰᠤ᠂ ᠴᠡᠪᠡᠷ | ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠠᠭᠠᠷ ᠤᠨ | ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠣᠭᠤᠰᠣ ᠶᠢ ᠰᠡᠷᠭᠡᠶᠢᠯᠡᠨ ᠵᠠᠰᠠᠬᠤ ᠲᠥᠷᠥᠯ ᠵᠦᠢᠯ ᠢ ᠦᠷᠭᠦᠯᠵᠢᠯᠡᠨ ᠠᠬᠢᠭᠤᠯᠵᠤ᠂ ᠠᠭᠠᠷ ᠤᠨ ᠶᠠᠰᠤ ᠴᠢᠨᠠᠷ ᠰᠢᠯᠢᠳᠡᠭ | ᠰᠠᠶᠢᠨ ᠡᠳᠦᠷ ᠤᠨ ᠲᠤᠭ᠎ᠠ ᠶᠢ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠲᠣᠭᠲᠠᠭᠤᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ︽ᠭᠤᠣᠯ ᠮᠥᠷᠡᠨ ᠨᠠᠭᠤᠷ ᠴᠥᠭᠦᠷᠥᠮ ᠤᠨ | ᠳᠠᠷᠤᠭ᠎ᠠ ᠶᠢᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠳᠦᠷᠪᠡᠨ ᠰᠠᠮᠠᠭᠤᠷᠠᠯ ᠢ ᠠᠷᠢᠯᠭᠠᠬᠤ︾ ᠲᠤᠰᠬᠠᠢ ᠴᠡᠭᠴᠡᠯᠡᠨ | ᠵᠠᠰᠠᠯᠲᠠ ᠶᠢ ᠪᠠᠶᠢᠩᠭᠤᠵᠢᠭᠤᠯᠤᠨ ᠥᠷᠨᠢᠭᠦᠯᠵᠦ᠂ ᠦᠵᠡᠰᠬᠦᠯᠡᠩᠲᠦ ᠰᠠᠶᠢᠬᠠᠨ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ ᠡᠭᠦᠳᠦᠨ ᠪᠠᠶᠢᠭᠤᠯᠤᠨ᠎ᠠ᠃ ᠤᠤᠭᠤᠬᠤ | ᠤᠰᠤᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠪᠣᠬᠢᠷ ᠤᠰᠤ ᠶᠢ ᠴᠤᠭᠯᠠᠭᠤᠯᠤᠨ ᠰᠢᠢᠳᠪᠦᠷᠢᠯᠡᠵᠦ ᠪᠤᠴᠠᠭᠠᠨ ᠠᠰᠢᠭᠯᠠᠬᠤ ᠨᠣᠷᠮ᠎ᠠ ᠶᠢ | 100% ᠳᠤ ᠬᠦᠷᠭᠡᠨ᠎ᠡ᠃ ᠬᠥᠷᠥᠰᠥ ᠰᠢᠷᠣᠶ ᠶᠢᠨ ᠪᠣᠬᠢᠷᠲᠤᠯ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠵᠠᠰᠠᠨ ᠰᠡᠷᠭᠦᠭᠡᠬᠦ ᠶᠢ ᠴᠢᠩᠭᠠᠳᠬᠠᠵᠤ᠂ ᠪᠣᠬᠢᠷᠲᠤᠯ | ᠥᠬᠡᠶ ᠠᠭᠤᠷᠬᠠᠶ ᠶᠢᠨ ᠴᠢᠨᠠᠷ ᠰᠠᠶᠢᠲᠠᠶ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ︽ᠠᠮᠢ ᠠᠬᠤᠶ ᠶᠢᠨ ᠰᠠᠭᠤᠷᠢ ᠥᠩᠭᠡ︾ ᠶᠢ ᠦᠷᠭᠦᠯᠵᠢᠯᠡᠨ ᠭᠡᠷᠡᠯᠲᠦᠭᠦᠯᠦᠨ᠎ᠡ᠃ | ᠥᠪᠡᠷᠲᠡᠭᠡᠨ ᠵᠠᠰᠠᠬᠤ ᠣᠷᠣᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠪᠠ ︽ᠨᠠᠷᠢᠯᠢᠭ | ᠣᠨᠤᠪᠴᠢᠲᠠᠢ ᠵᠢᠷᠤᠭᠯᠠᠬᠤ︾ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠵᠤ᠂ ᠠᠰᠠᠭᠤᠳᠠᠯ ᠢ ︽ᠡᠴᠦᠰ ᠲᠤᠨᠢ ᠲᠤᠯᠲᠠᠯ᠎ᠠ | ᠰᠢᠢᠳᠪᠦᠷᠢᠯᠡᠬᠦ︾ ᠶᠢ ᠦᠨᠡᠨ ᠬᠦ ᠪᠠᠲᠤᠯᠠᠨ᠎ᠠ᠃ | ︵ᠲᠦᠷᠪᠡ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠪᠠᠷ ᠮᠥᠨ ᠴᠢᠨᠠᠷ ᠤᠨ ᠱᠠᠭᠠᠷᠳᠠᠯᠭ᠎ᠠ ᠪᠣᠯᠭᠠᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠢ ᠨᠡᠮᠡᠭᠳᠡᠭᠦᠯᠬᠦ ᠳᠤ ᠬᠦᠴᠦᠨ ᠢᠶᠠᠨ ᠲᠦᠪᠯᠡᠷᠡᠭᠦᠯᠦᠨ᠎ᠡ᠃ ᠬᠥᠭᠵᠢᠯᠲᠡ ᠶᠢᠨ ᠳᠤᠮᠳᠠ ᠠᠷᠠᠳ ᠤᠨ | ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠨᠡᠩ ᠴᠢᠬᠤᠯᠠᠴᠢᠯᠠᠵᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠪᠠ ᠰᠣᠶᠣᠯ ᠵᠢᠭᠤᠯᠴᠢᠯᠠᠯ ᠢ | ᠠᠭᠤᠰᠤᠯᠴᠠᠭᠤᠯᠤᠨ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠦ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠲᠠᠰᠤᠷᠠᠯᠳᠠ ᠦᠭᠡᠢ ᠨᠡᠮᠡᠭᠳᠡᠭᠦᠯᠵᠦ᠂ ᠤᠯᠠᠨ | ᠲᠦᠮᠡᠨ ᠳᠤ ᠦᠨᠡᠨ ᠬᠦ ᠬᠤᠪᠢᠷᠠᠯᠲᠠ ᠶᠢ ᠦᠵᠡᠭᠦᠯᠵᠦ᠂ ᠦᠷ᠎ᠡ ᠪᠦᠲᠦᠮᠵᠢ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠨ᠎ᠡ᠃ | ᠰᠤᠷᠭᠠᠨ ᠬᠥᠮᠦᠵᠢᠯ ᠡᠮᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠪᠠᠭ᠎ᠠ ᠠᠩᠬᠢᠴᠢᠯᠠᠭᠰᠠᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠤᠷᠭᠠᠭᠤᠯᠢ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠥᠷᠥᠯ ᠤᠨ ᠪᠦᠯᠦᠭᠵᠢᠭᠰᠡᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ ︽ᠬᠡᠦᠬᠡᠳ ᠰᠠᠭᠠᠲᠠᠭᠤᠯᠬᠤ | ᠨᠢᠭᠡ ᠴᠣᠭᠴᠠᠵᠢᠭᠤᠯᠤᠭᠰᠠᠨ ᠥᠭᠡᠷᠡᠴᠢᠯᠡᠯᠲᠡ︾ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠬᠡᠦᠬᠡᠳ ᠤᠨ ᠴᠡᠴᠡᠷᠯᠢᠭ ᠢ ᠪᠦᠷᠢᠨ | ᠪᠥᠷᠬᠦᠭᠦᠯᠬᠦ ᠶᠢ ᠪᠡᠶᠡᠯᠡᠭᠦᠯᠵᠦ᠂ ᠪᠦᠬᠦ ᠤᠯᠤᠰ ᠤᠨ ᠰᠢᠶᠠᠨ ᠤ ᠬᠡᠪᠴᠢᠶᠡᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠦᠨ ᠨᠡᠶᠢᠳᠡᠮ ᠠᠰᠢᠭ | ᠬᠦᠷᠲᠡᠭᠡᠵᠦ ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠠᠩᠬ᠎ᠠ | ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠯᠭ᠎ᠠ ᠶᠢᠨ ᠬᠤᠭᠤᠴᠠᠭᠠᠨ ᠤ ᠵᠦᠷᠢᠶᠡᠴᠢᠯᠡᠭᠰᠡᠨ ᠬᠥᠭᠵᠢᠯᠲᠡ᠂ ᠨᠢᠭᠡ ᠴᠣᠭᠴᠠᠵᠢᠭᠤᠯᠤᠨ ᠰᠤᠷᠭᠠᠭᠤᠯᠢ | ᠡᠷᠭᠢᠯᠡᠬᠦ ᠶᠢ ᠠᠬᠢᠭᠤᠯᠵᠤ᠂ ᠪᠤᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢ ᠦᠷᠭᠦᠯᠵᠢᠯᠡᠨ ᠠᠬᠢᠭᠤᠯᠵᠤ᠂ ᠤᠯᠤᠰ ᠤᠨ | ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠢᠨᠠᠨ ᠵᠢᠯᠣᠭᠤᠳᠴᠤ ᠦᠨᠡᠯᠡᠨ ᠵᠢᠱᠢᠬᠦ ᠶᠢ ᠴᠢᠨᠠᠷ ᠰᠠᠶᠢᠲᠠᠶ ᠦᠩᠭᠡᠷᠡᠭᠡᠨ᠎ᠡ᠃ | ᠪᠤᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ᠣᠯᠠᠨ ᠴᠢᠳᠠᠪᠬᠢᠲᠤ ᠮᠡᠳᠡᠭᠦᠯᠦᠯᠲᠡ ᠶᠢᠨ ᠲᠢᠩᠬᠢᠮ ᠢ ᠥᠨᠳᠥᠷ ᠪᠠᠷᠢᠮᠵᠢᠶ᠎ᠠ ᠪᠠᠷ ᠪᠠᠶᠢᠭᠤᠯᠤᠨ᠎ᠠ᠃ 2025 | ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠣᠷᠣᠬᠤ ᠨᠣᠷᠮ᠎ᠠ ᠶᠢ 85% ᠠᠴᠠ ᠳᠡᠭᠡᠭᠰᠢ ᠳᠤ | ᠬᠦᠷᠦᠭᠦᠯᠦᠨ᠎ᠡ᠃ ᠪᠠᠭᠰᠢ ᠶᠢ ︽ᠰᠢᠶᠠᠨ ᠠᠴᠠ ᠬᠠᠮᠢᠶᠠᠷᠴᠤ ᠰᠤᠷᠭᠠᠭᠤᠯᠢ ᠠᠴᠠ ᠤᠷᠢᠵᠤ ᠬᠡᠷᠡᠭᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠰᠢᠯᠢᠳᠡᠭᠵᠢᠭᠦᠯᠦᠨ᠂ ᠪᠦᠬᠦ ᠠᠵᠢᠯᠲᠠᠨ ᠤ ᠥᠷᠢᠰᠥᠯᠳᠦᠭᠡᠨ ᠢᠶᠠᠷ ᠠᠵᠢᠯ ᠤᠨ ᠪᠠᠶᠢᠷᠢ ᠳᠤ ᠭᠠᠷᠬᠤ ᠶᠢ ᠶᠠᠪᠤᠭᠤᠯᠵᠤ᠂ ᠮᠡᠷᠭᠡᠵᠢᠯ ᠤᠨ ᠴᠣᠯᠠ ᠲᠣᠭᠲᠠᠭᠠᠵᠤ | ᠤᠷᠢᠬᠤ ᠥᠭᠡᠷᠡᠴᠢᠯᠡᠯᠲᠡ ᠶᠢ ᠠᠬᠢᠭᠤᠯᠤᠨ᠂ ᠱᠠᠩᠨᠠᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠪᠠᠭᠰᠢ ᠶᠢᠨ ᠡᠩᠨᠡᠭᠡ ᠶᠢ ᠱᠠᠲᠤᠯᠵᠢᠨ ᠬᠥᠮᠦᠵᠢᠭᠦᠯᠦᠨ | ᠪᠤᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ᠎ᠠ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠤᠨ ᠠᠭᠤᠯᠤᠭᠳᠠᠬᠤᠨ ᠮᠠᠶ᠋ᠢᠭ ᠤᠨ ᠬᠥᠭᠵᠢᠯᠲᠡ ᠶᠢ ᠠᠬᠢᠭᠤᠯᠤᠨ᠂ ᠬᠡᠷ ᠪᠦᠯᠢ ᠪᠠ ᠰᠤᠷᠭᠠᠭᠤᠯᠢ ᠶᠢᠨ ᠬᠠᠮᠲᠤ ᠪᠠᠷ ᠪᠤᠶᠢᠵᠢᠭᠤᠯᠬᠤ ᠰᠢᠨ᠎ᠡ ᠵᠠᠭᠪᠤᠷ ᠢ ᠪᠣᠶ ᠪᠣᠯᠭᠠᠵᠤ᠂ | ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ︽ᠬᠤᠶᠠᠷ ᠢ | ᠪᠠᠭᠠᠰᠬᠠᠬᠤ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠦᠨ᠎ᠡ᠃ ︽ᠭᠤᠷᠪᠠᠨ ᠡᠮᠨᠡᠯᠭᠡ︾ ᠶᠢᠨ ᠬᠤᠯᠪᠣᠭᠠᠯᠠᠨ ᠬᠥᠳᠡᠯᠦᠯᠴᠡᠬᠦ᠂ ︽ᠵᠢᠷᠭᠤᠭᠠᠨ | ᠡᠮᠨᠡᠯᠭᠡ︾ ᠶᠢᠨ ᠨᠢᠭᠡᠳᠦᠯᠲᠡᠶ ᠲᠦᠯᠦᠪᠯᠡᠭᠡ ᠶᠢ ᠪᠠᠷᠢᠮᠲᠠᠯᠠᠵᠤ᠂ ᠡᠷᠡᠭᠦᠯ ᠡᠩᠬᠡ ᠪᠠᠶ᠋ᠬᠠᠣᠪᠤᠭ᠎ᠠ ᠶᠢ ᠪᠥᠬᠦ ᠬᠦᠴᠦᠨ ᠢᠶᠠᠷ ᠢᠶᠠᠨ ᠴᠣᠭᠴᠠᠯᠠᠨ᠎ᠠ᠃ ᠡᠮᠴᠢᠯᠡᠭᠡᠨ ᠤ ᠬᠠᠮᠲᠤ ᠶᠢᠨ | ᠴᠣᠭᠴᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠢᠲᠠᠳ | ᠮᠣᠩᠭᠤᠯ ᠡᠮᠨᠡᠯᠭᠡ ᠶᠢᠨ ᠬᠤᠷᠢᠶᠠᠨ ᠤ ᠴᠠᠯᠢᠩ ᠬᠥᠯᠥᠰᠥ ᠶᠢᠨ ᠥᠭᠡᠷᠡᠴᠢᠯᠡᠯᠲᠡ ᠶᠢ ᠠᠬᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ ᠪᠤᠶᠢᠵᠢᠭᠤᠯᠬᠤ ᠶᠢ ᠴᠢᠩᠭᠠᠳᠬᠠᠨ᠂ | ᠪᠥᠬᠦ ᠵᠢᠯ ᠳᠤ 20 ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ ᠪᠥᠬᠦ ᠠᠵᠢᠯᠲᠠᠨ ᠢ ᠥᠷᠢᠰᠥᠯᠳᠦᠭᠦᠯᠦᠨ ᠠᠵᠢᠯ ᠤᠨ ᠪᠠᠶᠢᠷᠢ ᠳᠤ ᠭᠠᠷᠭᠠᠬᠤ ᠶᠢ | ᠬᠡᠷᠡᠭᠵᠢᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠭᠤᠷᠪᠠᠨ ᠱᠠᠲᠤᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠤᠨ᠂ ᠴᠡᠭᠡᠵᠢ ᠡᠪᠡᠳᠬᠦ᠂ ᠰᠠ ᠡᠪᠡᠳᠴᠢᠨ᠂ ᠰᠢᠷᠬᠠᠲᠤᠭᠰᠠᠨ᠂ ᠨᠢᠷᠠᠢ ᠬᠡᠦᠬᠡᠳ ᠢ ᠠᠪᠤᠷᠠᠨ ᠡᠮᠨᠡᠬᠦ ᠪᠠ ᠬᠦᠨᠳᠦ | ᠲᠦᠭᠰᠢᠭᠦᠷᠢᠲᠡᠶ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠢ ᠠᠪᠤᠷᠠᠨ ᠵᠠᠰᠠᠬᠤ ᠵᠡᠷᠭᠡ ᠪᠠᠴᠢᠮ ᠡᠮᠨᠡᠯᠭᠡ ᠶᠢᠨ ᠲᠦᠷᠭᠡᠨ ᠠᠪᠤᠷᠠᠯᠳᠠ ᠶᠢᠨ ︽ᠲᠠᠪᠤᠨ ᠶᠡᠭᠡ ᠲᠥᠪ︾ ᠢ | ᠦᠷᠭᠦᠯᠵᠢᠯᠡᠨ ᠪᠠᠶᠢᠭᠤᠯᠵᠤ᠂ ᠮᠣᠩᠭᠤᠯ ᠡᠮᠴᠢᠯᠡᠭᠡᠨ ᠤ ᠮᠡᠷᠭᠡᠵᠢᠯ ᠤᠨ ᠰᠠᠯᠠᠭ᠎ᠠ᠂ ᠡᠷᠡᠭᠦᠯᠵᠢᠯ ᠤᠨ ᠰᠠᠯᠠᠭ᠎ᠠ ᠶᠢ ᠥᠪᠡᠷᠲᠡᠭᠡᠨ ᠵᠠᠰᠠᠬᠤ ᠣᠷᠣᠨ ᠤ ᠱᠠᠲᠤ ᠪᠠ ᠬᠤᠲᠠ ᠶᠢᠨ | ᠱᠠᠲᠤᠨ ᠤ ᠤᠨᠴᠠᠯᠢᠭᠳᠤ ᠳᠠᠪᠠᠭᠤᠯᠢᠭ ᠭᠤᠤᠯᠳᠠᠯᠭ᠎ᠠ ᠪᠣᠯᠬᠤ ᠲᠤᠰᠬᠠᠶ ᠰᠠᠯᠠᠭ᠎ᠠ ᠪᠣᠯᠭᠠᠨ ᠪᠠᠶᠢᠭᠤᠯᠵᠤ᠂ ᠠᠯᠤᠰ ᠠᠴᠠ ᠬᠠᠮᠲᠤᠷᠠᠨ ᠣᠨᠣᠰᠢᠯᠠᠬᠤ᠂ ᠰᠢᠯᠵᠢᠭᠦᠯᠦᠨ ᠡᠮᠨᠡᠭᠦᠯᠬᠦ | ᠵᠡᠷᠭᠡ ᠦᠢᠯᠡᠴᠢᠯᠡᠭᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠂ ᠠᠵᠢᠯᠲᠠᠨ᠂ ᠮᠡᠷᠭᠡᠵᠢᠯ᠂ ᠦᠢᠯᠡᠴᠢᠯᠡᠭᠡ᠂ ᠬᠠᠮᠢᠶᠠᠷᠤᠯᠲᠠ ᠶᠢᠨ ︽ᠳᠥᠷᠪᠡ ᠶᠢ ᠳᠣᠷᠣᠭᠰᠢ ᠪᠠᠭᠤᠯᠭᠠᠬᠤ︾ | ᠶᠢ ᠪᠡᠶᠡᠯᠡᠭᠦᠯᠵᠦ᠂ ᠦᠨᠳᠦᠰᠦᠨ ᠱᠠᠲᠤᠨ ᠤ ᠦᠢᠯᠡᠴᠢᠯᠡᠭᠡᠨ ᠤ ᠴᠢᠳᠠᠪᠤᠷᠢ᠂ ᠣᠨᠣᠰᠢᠯᠠᠨ ᠡᠮᠨᠡᠬᠦ ᠬᠡᠮᠵᠢᠶ᠎ᠡ᠂ ᠬᠠᠨᠤᠮᠵᠢ ᠶᠢᠨ ᠬᠡᠮᠵᠢᠶ᠎ᠡ ᠶᠢᠨ ︽ᠭᠤᠷᠪᠠ ᠶᠢ ᠳᠡᠭᠡᠭᠰᠢᠯᠡᠭᠦᠯᠬᠦ︾ ᠶᠢ | ᠪᠡᠶᠡᠯᠡᠭᠦᠯᠦᠨ᠎ᠡ᠃ | ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠳᠡᠰ ᠳᠡᠪᠰᠢᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠠᠭᠤᠷᠬᠠᠢ ᠶᠢᠨ ᠲᠣᠭᠤᠷᠢᠭ ᠤᠨ ᠲᠡᠦᠬᠡ ᠰᠣᠶᠣᠯ ᠢ ᠭᠦᠨᠵᠡᠭᠡᠢ | ᠠᠭᠤᠳᠠᠯᠵᠤ᠂ ᠠᠭᠤᠷᠬᠠᠢ ᠶᠢᠨ ᠲᠣᠭᠤᠷᠢᠭ ᠤᠨ ᠬᠥᠭᠵᠢᠯᠲᠡ ᠶᠢᠨ ᠲᠡᠦᠬᠡ ᠶᠢ ᠲᠤᠪᠤᠶᠢᠯᠭᠠᠨ ᠳᠡᠯᠭᠡᠨ ᠦᠵᠡᠭᠦᠯᠵᠦ᠂ ︽ᠪᠠᠶ᠋ᠬᠠᠤᠪᠤᠭ᠎ᠠ ᠪᠣᠯ ᠡᠷᠳᠡᠨᠢ ᠶᠢᠨ ᠠᠭᠤᠯᠠ︾ ᠭᠡᠬᠦ | ᠬᠤᠳᠠ ᠶᠢᠨ ᠨᠡᠷ᠎ᠡ ᠶᠢᠨ ᠬᠠᠭᠤᠳᠠᠰᠤ ᠶᠢ ᠪᠦᠬᠦ ᠬᠦᠴᠦᠨ ᠢᠶᠠᠷ ᠢᠶᠠᠨ ᠰᠠᠶᠢᠲᠤᠷ ᠴᠣᠭᠴᠠᠯᠠᠨ᠎ᠠ᠃ ᠪᠤᠭᠤᠲᠤ ᠶᠢᠨ ᠪᠣᠯᠣᠳ ᠲᠡᠮᠦᠷ᠂ ᠳᠠᠷᠬᠠᠨ ᠮᠤᠤᠮᠢᠩᠭᠠᠨ ᠬᠤᠯᠪᠣᠭᠠᠲᠤ | ᠬᠤᠰᠢᠭᠤ ᠲᠠᠢ ᠬᠠᠮᠲᠤᠷᠠᠨ ︽ᠠᠵᠤ ᠦᠢᠯᠡᠳᠪᠦᠷᠢ᠂ ᠬᠤᠪᠢᠰᠬᠠᠯᠲᠤ᠂ ᠲᠠᠯ᠎ᠠ ᠨᠤᠲᠤᠭ︾ ᠤᠨ ᠵᠢᠭᠤᠯᠴᠢᠯᠠᠯ ᠢ ᠨᠢᠭᠡ ᠴᠣᠭᠴᠠᠵᠢᠭᠤᠯᠤᠭᠰᠠᠨ ᠰᠣᠳᠣᠨ ᠵᠠᠮ ᠱᠤᠭᠤᠮ ᠢ | ᠪᠠᠶᠢᠭᠤᠯᠵᠤ᠂ ᠬᠤᠪᠣᠷ ᠰᠢᠷᠣᠶ᠂ ᠠᠭᠤᠷᠬᠠᠶ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠵᠡᠷᠭᠡ ᠭᠤᠤᠯ ᠰᠡᠳᠦᠪᠲᠦ ᠡᠯᠧᠮᠧᠨ᠋ᠲ ᠤᠨ ᠰᠣᠶᠣᠯ ᠤᠨ | ᠡᠭᠦᠳᠦᠯᠲᠡ ᠶᠢᠨ ᠪᠦᠲᠦᠭᠡᠭᠳᠡᠬᠦᠨ ᠢ ᠢᠳᠡᠪᠬᠢᠲᠡᠶ ᠨᠡᠭᠡᠭᠡᠨ ᠬᠥᠭᠵᠢᠭᠦᠯᠵᠦ᠂ ᠥᠪᠡᠷᠮᠢᠴᠡ ᠣᠨᠴᠠᠯᠢᠭ ᠲᠠᠢ ᠰᠣᠶᠣᠯ ᠵᠢᠭᠤᠯᠴᠢᠯᠠᠯ ᠤᠨ ᠭᠠᠵᠠᠷ ᠤᠨ ᠲᠡᠮᠳᠡᠭ ᠢ ᠪᠣᠶ ᠪᠣᠯᠭᠠᠵᠤ᠂ | ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ ᠨᠠᠶᠢᠷ᠂ ᠲᠠᠯ᠎ᠠ ᠨᠤᠲᠤᠭ ᠤᠨ ᠳᠠᠭᠤᠤ ᠬᠥᠭᠵᠢᠮ ᠤᠨ ᠨᠠᠶᠢᠷ᠂ ᠴᠠᠭᠠᠨ ᠰᠠᠷ᠎ᠠ ᠬᠢᠭᠡᠳ ᠥᠯᠵᠡᠶᠢᠲᠦ ᠡᠳᠦᠷ ᠤᠨ ᠪᠠᠶᠠᠷ ᠵᠡᠷᠭᠡ | ᠰᠢᠷᠢᠰ ᠠᠵᠢᠯᠯᠠᠭ᠎ᠠ ᠶᠢ ᠰᠠᠶᠢᠲᠤᠷ ᠵᠣᠬᠢᠶᠠᠨ ᠪᠠᠶᠢᠭᠤᠯᠵᠤ᠂ ᠡᠯ᠎ᠡ ᠲᠥᠷᠥᠯ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠰᠠᠶᠢᠲᠤᠷ ᠡᠷᠬᠢᠯᠡᠵᠦ᠂ ᠬᠤᠲᠠ ᠶᠢᠨ IP ᠦᠨ᠎ᠡ | ᠥᠷᠲᠡᠭ ᠲᠠᠢ ᠰᠢᠷᠢᠰ ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠠᠶᠢᠭᠤᠯᠵᠤ᠂ ᠵᠤᠭᠠᠴᠠᠭᠰᠠᠳ ᠢ 10 ᠲᠦᠮᠡᠨ ᠬᠥᠮᠦᠨ ᠤᠳᠠᠭ᠎ᠠ ᠠᠴᠠ ᠳᠠᠪᠠᠭᠤᠯᠬᠤ ᠪᠠᠷ ᠴᠢᠷᠮᠠᠶᠢᠨ᠎ᠠ᠃ | ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠦ ᠶᠢᠨ ᠦᠢᠯᠡ ᠶᠠᠪᠤᠳᠠᠯ ᠤᠨ ᠦᠵᠡᠰᠬᠦᠯᠡᠩ ᠤᠨ ᠣᠷᠳᠣᠨ ᠤ ᠳᠡᠯᠭᠡᠨ ᠦᠵᠡᠭᠦᠯᠦᠯᠭᠡ ᠶᠢᠨ ᠠᠭᠤᠯᠭ᠎ᠠ ᠶᠢ | ᠥᠷᠭᠡᠳᠬᠡᠨ ᠲᠡᠭᠦᠯᠳᠡᠷᠵᠢᠭᠦᠯᠵᠦ᠂ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠴᠢᠷᠮᠠᠶᠢᠨ ᠪᠠᠶᠢᠭᠤᠯᠤᠨ᠎ᠠ᠃ ᠠᠭᠤᠷᠬᠠᠢ ᠶᠢᠨ ᠲᠡᠦᠬᠡ᠂ ᠬᠤᠪᠣᠷ | ᠰᠢᠷᠣᠶ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠨᠢᠭᠡ ᠴᠣᠭᠴᠠᠵᠢᠭᠤᠯᠤᠭᠰᠠᠨ ᠬᠤᠪᠣᠷ ᠰᠢᠷᠣᠶ ᠶᠢᠨ ᠰᠣᠶᠣᠯ ᠤᠨ ᠣᠷᠳᠣᠨ ᠢ ᠪᠠᠶᠢᠭᠤᠯᠵᠤ᠂ ᠬᠠᠭᠤᠴᠢᠨ ᠪᠠᠷᠢᠯᠭ᠎ᠠ ᠶᠢ | ᠠᠮᠢᠳᠤᠯᠢᠭ ᠠᠰᠢᠭᠯᠠᠬᠤ ᠶᠢ ᠠᠬᠢᠭᠤᠯᠤᠨ᠂ ᠠᠵᠢᠯ ᠤᠨ ᠴᠢᠯᠥᠭᠡᠨ ᠤ ᠤᠯᠠᠭᠠᠨᠮᠥ᠋ᠴᠢᠷ ᠢ ᠵᠣᠬᠢᠶᠠᠨ ᠪᠠᠶᠢᠭᠤᠯᠵᠤ᠂ ᠰᠣᠶᠣᠯ ᠪᠡᠶ᠎ᠡ ᠶᠢᠨ ᠲᠠᠮᠢᠷ ᠤᠨ ᠨᠡᠶᠢᠭᠡᠮ ᠤᠨ ᠪᠦᠯᠬᠦᠮ ᠢ | ᠪᠤᠶᠢᠵᠢᠭᠤᠯᠤᠨ᠂ ᠣᠯᠠᠨ ᠲᠦᠮᠡᠨᠴᠢ ᠴᠢᠨᠠᠷᠲᠠᠶ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠤᠨ ᠠᠵᠤ | ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠤᠨ᠂ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠨᠡᠷ᠎ᠡ ᠠᠯᠳᠠᠷ ᠢᠶᠠᠨ ᠪᠠᠳᠠᠷᠠᠭᠤᠯᠤᠨ᠎ᠠ᠃ | ᠠᠷᠠᠳ ᠤᠨ ᠠᠮᠢᠳᠤᠷᠠᠯ ᠢ ᠪᠠᠲᠤᠯᠠᠵᠤ ᠰᠡᠳᠬᠢᠯ ᠢ ᠳᠤᠯᠠᠭᠠᠴᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ︽ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ︾ ᠶᠢ | ᠭᠦᠨᠵᠡᠭᠡᠶ ᠨᠠᠶᠢᠳᠠᠪᠤᠷᠢᠵᠢᠭᠤᠯᠵᠤ᠂ ︽ᠠᠵᠢᠯ ᠣᠯᠭᠤᠯᠲᠠ ᠶᠢᠨ ᠲᠤᠰᠠᠯᠠᠮᠵᠢ︾ ᠶᠢᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ ᠪᠥᠬᠦ ᠲᠠᠯ᠎ᠠ ᠪᠠᠷ ᠳᠡᠮᠵᠢᠵᠦ᠂ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠣᠷᠣᠨ ᠵᠠᠶ ᠶᠢ ᠣᠯᠠᠨ ᠠᠷᠭ᠎ᠠ | ᠵᠠᠮ ᠢᠶᠠᠷ ᠥᠷᠭᠡᠳᠬᠡᠵᠦ᠂ ᠠᠵᠢᠯ ᠠᠯᠳᠠᠯᠲᠠ ᠶᠢᠨ ᠨᠣᠷᠮ᠎ᠠ ᠶᠢ 3% ᠶᠢᠨ ᠳᠣᠲᠣᠷ᠎ᠠ ᠬᠢᠵᠠᠭᠠᠷᠯᠠᠬᠤ ᠶᠢ ᠪᠠᠲᠤᠯᠠᠨ᠎ᠠ᠃ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠯᠤᠭ᠎ᠠ ︽ᠵᠠᠬᠢᠶᠠᠯᠠᠭ᠎ᠠ ᠶᠢᠨ ᠠᠩᠬᠢ︾ ᠶᠢ ᠬᠥᠮᠦᠵᠢᠭᠦᠯᠬᠦ ᠬᠠᠮᠲᠤᠷᠠᠯᠴᠠᠭ᠎ᠠ ᠥᠷᠨᠢᠭᠦᠯᠵᠦ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ | ᠬᠡᠷᠡᠭᠴᠡᠭᠡ ᠶᠢ ᠬᠦᠴᠦᠲᠡᠢ ᠪᠦᠲᠦᠮᠵᠢᠲᠡᠢ ᠪᠠᠲᠤᠯᠠᠨ᠎ᠠ᠃ ᠴᠢᠳᠠᠪᠤᠷᠢᠲᠠᠨ ᠤ ᠨᠡᠶᠢᠲᠡ ᠶᠢᠨ ᠪᠠᠶᠢᠷᠢ ᠶᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠴᠢᠳᠠᠪᠤᠷᠢᠲᠠᠨ ᠤ | ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠤᠷᠮ᠎ᠠ ᠶᠢ | ᠪᠠᠬᠢᠵᠢᠭᠦᠯᠦᠨ ᠳᠡᠭᠡᠭᠰᠢᠯᠡᠭᠦᠯᠵᠦ᠂ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠮᠦᠰ ᠵᠡᠷᠭᠡ ᠬᠥᠮᠦᠰ ᠤᠨ ᠳᠠᠭᠠᠳᠬᠠᠯ ᠳᠤ ᠣᠷᠣᠯᠴᠠᠬᠤ ᠶᠢ ᠠᠬᠢᠭᠤᠯᠵᠤ᠂ ᠬᠤᠳᠠ | ᠪᠠᠯᠭᠠᠰᠤᠨ ᠤ ᠠᠵᠢᠯᠳᠠᠨ ᠠᠵᠢᠯᠴᠢᠨ ᠤ ᠨᠠᠰᠤᠵᠢᠯ ᠤᠨ ᠳᠠᠭᠠᠳᠬᠠᠯ ᠳᠤ ᠣᠷᠣᠯᠴᠠᠬᠤ ᠶᠢ 8500 ᠬᠥᠮᠦᠨ ᠠᠴᠠ ᠳᠡᠭᠡᠭᠰᠢ ᠳᠤ ᠬᠦᠷᠦᠭᠦᠯᠵᠦ᠂ ᠳᠠᠭᠠᠳᠬᠠᠯ ᠳᠤ ᠣᠷᠣᠯᠴᠠᠬᠤ | ᠨᠤᠷᠮ᠎ᠠ ᠶᠢ 95% ᠠᠴᠠ ᠳᠡᠭᠡᠭᠰᠢ ᠳᠤ ᠬᠦᠷᠦᠭᠦᠯᠦᠨ᠎ᠡ᠃ ᠬᠥᠳᠡᠯᠮᠦᠷᠢ ᠶᠢᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ | ᠴᠠᠯᠢᠩ ᠣᠯᠭᠤᠬᠤ ᠶᠢ ᠪᠠᠲᠤᠯᠠᠨ᠎ᠠ᠃ ᠱᠠᠲᠤ ᠲᠥᠷᠥᠯ ᠬᠤᠪᠢᠶᠠᠨ ᠲᠡᠩᠬᠡᠷᠡᠭᠦᠯᠦᠨ ᠲᠤᠰᠠᠯᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠠᠶᠢᠩᠭᠤᠵᠢᠭᠤᠯᠤᠨ ᠬᠠᠪᠰᠤᠷᠤᠨ ᠲᠡᠳᠬᠦᠵᠦ ᠲᠡᠩᠬᠡᠷᠡᠭᠦᠯᠦᠨ ᠲᠤᠰᠠᠯᠠᠬᠤ᠂ ᠬᠤᠶᠠᠷ ᠢ ᠬᠦᠷᠢᠶᠡᠯᠡᠵᠦ ᠬᠠᠷᠠᠭᠠᠯᠵᠠᠨ ᠲᠥᠪᠬᠢᠨᠡᠭᠦᠯᠬᠦ᠂ ᠬᠦᠴᠢᠷᠳᠡᠯᠲᠡᠶ ᠣᠯᠠᠨ ᠲᠦᠮᠡᠨ ᠤ | ᠦᠨᠳᠦᠰᠦᠨ ᠵᠦᠢᠯ ᠢ ᠪᠠᠲᠤᠯᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠲᠥᠷᠥᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ | ᠵᠦᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠨᠠᠰᠤᠲᠠᠶᠢᠴᠤᠳ ᠪᠠ ᠨᠢᠯᠬ᠎ᠠ ᠬᠡᠤᠬᠡᠳ ᠤᠨ ᠦᠢᠯᠡᠴᠢᠯᠡᠭᠡ ᠶᠢ | ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠨᠡᠶᠢᠭᠡᠮ ᠲᠣᠭᠤᠷᠢᠭ ᠤᠨ ︽ᠨᠠᠰᠤᠲᠠᠳ ᠲᠤ ᠳᠣᠭᠢᠷᠠᠬᠤ᠂ ᠬᠡᠦᠬᠡᠳ ᠲᠤ ᠳᠣᠭᠢᠷᠠᠬᠤ︾ ᠥᠭᠡᠷᠡᠴᠢᠯᠡᠯᠲᠡ ᠶᠢ ᠶᠡᠬᠡᠪᠡᠷ ᠬᠡᠷᠡᠭᠵᠢᠭᠦᠯᠵᠦ᠂ | ᠨᠠᠰᠤᠲᠠᠳ ᠲᠤ ᠳᠣᠭᠢᠷᠠᠬᠤ ᠲᠥᠬᠦᠭᠡᠷᠦᠮᠵᠢ ᠶᠢ ᠨᠡᠮᠡᠭᠳᠡᠭᠦᠯᠦᠨ᠂ ᠨᠡᠶᠢᠭᠡᠮ ᠲᠣᠭᠤᠷᠢᠭ ᠤᠨ ᠠᠬᠠᠯᠠᠭᠴᠢ ᠶᠢᠨ ᠬᠤᠭᠤᠯᠠᠨ ᠬᠡᠷ ᠢ ᠰᠠᠶᠢᠲᠤᠷ ᠡᠷᠭᠢᠯᠡᠵᠦ᠂ ᠨᠡᠶᠢᠭᠡᠮ ᠲᠣᠭᠤᠷᠢᠭ ᠤᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠶᠡᠬᠡᠪᠡᠷ ᠬᠥᠭᠵᠢᠭᠦᠯᠵᠦ᠂ ᠨᠡᠭᠦᠳᠡᠯ ᠰᠢᠪᠠᠭᠤ ᠮᠠᠶ᠋ᠢᠭ ᠤᠨ ᠵᠤᠭᠠᠴᠠᠨ ᠰᠠᠭᠤᠬᠤ ᠨᠠᠰᠤᠵᠢᠯ ᠤᠨ ᠠᠰᠠᠷᠠᠮᠵᠢ ᠶᠢᠨ ᠰᠢᠨ᠎ᠡ ᠵᠠᠭᠪᠤᠷ ᠢ | ᠰᠢᠨ᠎ᠡ ᠪᠠᠷ ᠡᠭᠦᠳᠦᠨ ᠭᠠᠷᠭᠠᠵᠤ᠂ ᠵᠢᠱᠢᠶ᠎ᠡ ᠦᠵᠡᠭᠦᠯᠬᠦ ᠴᠢᠨᠠᠷᠲᠠᠶ ᠨᠠᠰᠤᠲᠠᠶᠢᠴᠤᠳ ᠤᠨ ᠨᠥᠬᠦᠷᠰᠡᠭ ᠨᠡᠶᠢᠭᠡᠮ ᠲᠣᠭᠤᠷᠢᠭ ᠢ ᠪᠣᠶ ᠪᠣᠯᠭᠠᠵᠤ᠂ ᠬᠡᠤᠬᠡᠳ ᠤᠨ ᠵᠤᠭ᠎ᠠ ᠴᠡᠩᠭᠡᠯ ᠤᠨ | ᠲᠥᠬᠦᠭᠡᠷᠦᠮᠵᠢ ᠶᠢ ᠲᠠᠰ ᠳᠡᠪᠰᠢᠭᠦᠯᠵᠦ᠂ ︽ᠦᠲᠡᠭᠦᠰ ᠨᠢᠯᠬᠠᠰ︾ ᠤᠨ ᠠᠮᠢᠳᠤᠷᠠᠯ ᠢ ᠨᠠᠩ ᠵᠣᠯ ᠵᠢᠷᠭᠠᠯ ᠲᠠᠢ ᠪᠣᠯᠭᠠᠨ᠎ᠠ᠃ | ︵ᠲᠠᠪᠤ︶ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠬᠥᠭᠵᠢᠯᠲᠡ ᠪᠠ ᠠᠮᠤᠷ ᠲᠦᠪᠰᠢᠨ ᠤ ᠲᠠᠯ᠎ᠠ ᠪᠠᠷ ᠶᠠᠰᠤ | ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠢᠶᠠᠨ ᠲᠦᠪᠯᠡᠷᠡᠭᠦᠯᠦᠨ᠎ᠡ᠃ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ | ᠪᠣᠯᠭᠠᠵᠤ᠂ ︽ᠭᠤᠷᠪᠠᠨ ᠰᠠᠭᠤᠷᠢ︾ ᠶᠢ ᠴᠣᠭᠴᠠᠯᠠᠵᠤ᠂ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠡᠯ᠎ᠡ ᠲᠦᠷᠦᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠪᠦᠬᠦ | ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠪᠣᠯᠤᠨ ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠰᠠᠶᠢᠬᠠᠨ ᠬᠤᠷᠰᠢᠯᠴᠠᠭ᠎ᠠ ᠶᠢ | ᠪᠡᠶᠡᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠰᠠᠭᠤᠷᠢ ᠶᠢ ᠪᠠᠬᠢᠵᠢᠭᠦᠯᠦᠨ᠎ᠡ᠃ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠵᠡᠭᠡᠯᠢ | ᠭᠤᠳᠤᠮᠵᠢ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠵᠡᠭᠡᠯᠢ ᠭᠤᠳᠤᠮᠵᠢ ᠶᠢᠨ ᠡᠭᠦᠷᠭᠡ ᠴᠢᠳᠠᠪᠬᠢ ᠶᠢ ᠬᠤᠪᠢᠷᠠᠭᠤᠯᠬᠤ ᠶᠢ ᠭᠦᠨᠵᠡᠭᠡᠶᠢᠷᠡᠭᠦᠯᠵᠦ᠂ ᠬᠠᠷᠢᠶ᠎ᠠ ᠭᠠᠵᠠᠷ ᠤᠨ | ᠬᠥᠭᠵᠢᠯᠲᠡ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠤᠨ ᠣᠨᠴᠠᠯᠢᠭ ᠲᠠᠢ ᠬᠢᠯᠠᠰ ᠴᠡᠭ ᠢ ᠡᠭᠦᠳᠴᠦ᠂ ᠨᠡᠶᠢᠭᠡᠮ | ᠲᠣᠭᠤᠷᠢᠭ ᠤᠨ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠭᠤᠭᠠᠯᠢ ᠠᠷᠠᠳ ᠤᠨ ᠣᠷᠣᠯᠴᠠᠬᠤ ᠦᠢᠯᠡᠳᠦᠯ ᠢ | ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠵᠡᠷᠭᠡ ᠠᠭᠤᠰᠤᠯᠴᠠᠨ ᠬᠥᠭᠵᠢᠬᠦ ᠶᠢ ᠠᠬᠢᠭᠤᠯᠵᠤ᠂ | ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ | ᠪᠠᠶᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠰᠠᠶᠢᠲᠤᠷ ᠪᠠᠷᠢᠮᠲᠠᠯᠠᠨ ᠬᠥᠭᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ | ᠲᠣᠭᠲᠠᠯᠴᠠᠭ᠎ᠠ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠯᠠᠨ ᠲᠦᠮᠡᠨ ᠤ ᠠᠵᠢᠯ ᠢ ᠰᠠᠶᠢᠲᠤᠷ ᠬᠢᠵᠦ᠂ ᠤᠯᠠᠨ ᠲᠦᠮᠡᠨ ᠤ | ᠵᠦᠢ ᠵᠣᠬᠢᠰᠲᠠᠢ ᠬᠠᠤᠯᠢ ᠶᠣᠰᠣᠨ ᠤ ᠠᠰᠢᠭ ᠲᠤᠰᠠ ᠶᠢᠨ ᠬᠦᠰᠡᠯ ᠱᠠᠭᠠᠷᠳᠠᠯᠭ᠎ᠠ ᠶᠢ ᠰᠠᠶᠢᠲᠤᠷ ᠰᠢᠢᠳᠪᠦᠷᠢᠯᠡᠨ᠎ᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠠᠭᠤᠯᠤᠭᠳᠠᠬᠤᠨ ᠢ ᠵᠤᠵᠠᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠤᠨ᠎ᠠ᠃ ᠠᠶᠤᠯ ᠦᠭᠡᠢ ᠦᠢᠯᠡᠳᠪᠦᠷᠢᠯᠡᠯ ᠤᠨ ᠰᠠᠭᠤᠷᠢ ᠶᠢ ᠪᠠᠬᠢᠵᠢᠭᠦᠯᠦᠨ᠎ᠡ᠃ | ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ | ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠪᠠ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠬᠤᠳᠠ ᠪᠠᠯᠭᠠᠰᠤᠨ ᠤ ᠰᠢᠲᠠᠮᠠᠬᠠᠢ ᠬᠡᠢ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠵᠡᠷᠭᠡ ᠭᠤᠣᠯᠳᠠᠯᠭ᠎ᠠ ᠪᠣᠯᠬᠤ ᠠᠵᠢᠯ ᠲᠦᠷᠦᠯ ᠤᠨ | ᠬᠦᠷᠢᠶᠡᠨ ᠤ ᠠᠮᠤᠷ ᠲᠦᠪᠰᠢᠨ ᠤ ᠭᠡᠮ ᠰᠣᠭᠤᠭ ᠤᠨ ᠠᠶᠤᠯ ᠲᠦᠭᠰᠢᠭᠦᠷᠢ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠰᠡᠷᠭᠡᠶᠢᠯᠡᠬᠦ ᠳᠤ ᠬᠦᠴᠦ ᠣᠷᠣᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ ᠠᠶᠤᠯ | ᠲᠦᠭᠰᠢᠭᠦᠷᠢ ᠶᠢ ᠰᠡᠷᠭᠡᠶᠢᠯᠡᠬᠦ ᠰᠠᠭᠤᠷᠢ ᠶᠢ ᠪᠠᠬᠢᠵᠢᠭᠦᠯᠦᠨ᠎ᠡ᠃ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠠᠩᠰᠠᠨ ᠵᠣᠭᠤᠰ ᠢ ︽ᠬᠥᠳᠡᠯᠦᠩᠭᠦᠶ ᠪᠠᠷ ᠦᠭᠡᠢ ᠪᠣᠯᠭᠠᠬᠤ︾ ᠶᠢ | ᠪᠠᠲᠤᠯᠠᠨ᠎ᠠ᠃ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠵᠡᠷᠭᠡ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠰᠢᠰᠲ᠋ᠧᠮ ᠤᠨ ᠴᠢᠨᠠᠷᠲᠠᠶ ᠲᠦᠭᠰᠢᠭᠦᠷᠢ ᠦᠯᠦ ᠭᠠᠷᠭᠠᠬᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠢᠳᠡᠭᠡᠨ ᠤ ᠠᠮᠤᠷ ᠲᠦᠪᠰᠢᠨ ᠤ ︽ᠬᠤᠶᠠᠷ ᠬᠠᠷᠢᠭᠤᠴᠠᠯᠭ᠎ᠠ︾ ᠶᠢ | ᠨᠠᠶᠢᠳᠠᠪᠤᠷᠢᠵᠢᠭᠤᠯᠵᠤ᠂ ᠡᠮ ᠤᠨ ᠵᠦᠢᠯᠡᠰ ᠤᠨ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ︽ᠲᠣᠭᠤᠭᠠᠨ ᠭᠡᠷ ᠢ ᠢᠯᠡ | ᠪᠣᠯᠭᠠᠬᠤ︾ ᠶᠢ ᠨᠡᠶᠢᠳᠡᠮ ᠪᠦᠷᠬᠦᠬᠦᠯᠬᠦ ᠶᠢ ᠠᠬᠢᠭᠤᠯᠵᠤ᠂ ︽ᠰᠤᠷᠭᠠᠭᠤᠯᠢ ᠶᠢᠨ ᠬᠦᠷᠢᠶᠡᠨ ᠤ ᠬᠤᠭᠤᠯᠠ︾ ᠶᠢ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠤᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠨᠡᠩ ᠪᠠᠲᠤᠯᠠᠭ᠎ᠠ ᠲᠠᠢ ᠪᠣᠯᠭᠠᠨ᠎ᠠ᠃ | ︵ᠵᠢᠷᠭᠤᠭ᠎ᠠ︶ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠪᠠᠷ ᠦᠨᠳᠦᠰᠦ ᠪᠠᠨ ᠪᠠᠬᠢᠵᠢᠭᠦᠯᠬᠦ ᠠᠷᠭ᠎ᠠ ᠪᠣᠳᠣᠯᠭ᠎ᠠ ᠪᠣᠯᠭᠠᠵᠤ᠂ ᠬᠥᠭᠵᠢᠯᠲᠡ ᠶᠢ ᠠᠳᠬᠤᠬᠤ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠶᠠᠰᠤ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠬᠦᠴᠦᠨ ᠢᠶᠠᠨ ᠲᠦᠪᠯᠡᠷᠡᠭᠦᠯᠦᠨ᠎ᠡ᠃ | ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠳᠤ ᠪᠠᠶᠢᠨ᠎ᠠ᠂ ᠪᠢᠳᠡ ᠢᠮᠠᠭᠲᠠ ᠤᠯᠤᠰ | ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠵᠦ᠂ ᠦᠢᠯᠡ ᠠᠵᠢᠯᠯᠠᠭ᠎ᠠ ᠪᠠᠷ ᠢᠶᠠᠨ ᠦᠨᠡᠨᠴᠢ ᠰᠢᠳᠤᠷᠭᠤ ᠶᠢ ᠢᠯᠡᠷᠡᠭᠦᠯᠵᠦ᠂ ᠪᠣᠳᠠᠲᠠᠢ ᠠᠵᠢᠯᠯᠠᠬᠤ ᠪᠠᠷ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ | ︽ᠰᠢᠢᠳᠪᠦᠷᠢᠯᠡᠭᠳᠡᠬᠦᠢ ᠰᠡᠳᠬᠢᠬᠦᠢ︾ ᠶᠢ ᠪᠠᠲᠤ ᠪᠤᠢ ᠪᠣᠯᠭᠠᠵᠤ᠂ ᠲᠤᠭᠤᠷᠢᠭ ᠤᠨ ᠨᠠᠮ ᠤᠨ ᠬᠤᠷᠢᠶᠠᠨ ᠤ ᠲᠣᠭᠲᠠᠭᠠᠭᠰᠠᠨ ᠬᠡᠷᠡᠭ ᠶᠠᠪᠤᠳᠠᠯ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠰᠢᠢᠳᠪᠦᠷᠢ᠂ ᠤᠯᠤᠰ ᠲᠦᠷᠦ ᠶᠢᠨ ᠵᠥᠪᠯᠡᠯᠭᠡᠨ ᠤ ᠳᠤᠷᠠᠳᠤᠭᠰᠠᠨ ᠰᠠᠨᠠᠭᠤᠯᠭ᠎ᠠ ᠶᠢ ᠬᠡᠯᠡᠪᠡᠯ ᠪᠠᠷᠢᠨ ᠬᠡᠷᠡᠭᠵᠢᠭᠦᠯᠵᠦ᠂ ᠪᠣᠳᠠᠲᠠᠢ | ᠠᠳᠬᠤᠨ ᠪᠦᠲᠦᠭᠡᠵᠦ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠬᠢᠴᠢᠶᠡᠩᠭᠦ᠋ᠢᠯᠡᠨ ᠭᠦᠢᠴᠡᠳᠬᠡᠵᠦ᠂ ᠵᠠᠰᠠᠭ ᠤᠨ ᠣᠷᠳᠣᠨ ᠤ ᠴᠢᠳᠠᠪᠤᠷᠢ ᠶᠢ ᠳᠡᠭᠡᠭᠰᠢᠯᠡᠭᠦᠯᠵᠦ᠂ ᠵᠠᠰᠠᠭ ᠤᠨ | ᠣᠷᠳᠣᠨ ᠤ ᠴᠢᠳᠠᠪᠤᠷᠢ ᠶᠢ ᠢᠯᠡᠷᠡᠭᠦᠯᠦᠨ᠎ᠡ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠬᠠᠤᠯᠢ ᠪᠠᠷ ᠲᠣᠭᠲᠠᠭᠠᠭᠰᠠᠨ ᠡᠷᠬᠡ ᠶᠢᠨ | ᠬᠢᠵᠠᠭᠠᠷ ᠪᠠ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠴᠢᠩᠭ᠎ᠠ ᠵᠢᠷᠤᠮᠯᠠᠨ ᠡᠷᠬᠡ ᠪᠠᠨ ᠭᠦᠢᠴᠡᠳᠬᠡᠵᠦ᠂ ᠴᠢᠬᠤᠯᠠ ᠶᠡᠭᠡ ᠵᠦᠢᠯᠡᠰ ᠤᠨ ᠲᠤᠬᠠᠶ ᠵᠢᠭᠠᠪᠤᠷᠢ ᠠᠪᠴᠤ | ᠮᠡᠳᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠂ ᠡᠯ᠎ᠡ ᠲᠠᠯ᠎ᠠ ᠶᠢᠨ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠢᠭᠡ ᠠᠴᠠ ᠨᠥᠭᠦᠭᠡ ᠶᠢ ᠵᠦᠢᠴᠢᠯᠡᠨ ᠲᠣᠭᠤᠷᠢᠨ | ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠪᠠᠬᠢᠵᠢᠭᠦᠯᠵᠦ᠂ ᠬᠡᠯᠡᠭᠰᠡᠨ ᠳᠡᠭᠡᠨ ᠪᠠᠲᠤ ᠢᠲᠡᠭᠡᠵᠦ᠂ ᠠᠮᠠᠯᠳᠠᠭᠰᠠᠨ ᠳᠠᠭᠠᠨ ᠢᠲᠡᠭᠡᠯ ᠲᠠᠢ ᠪᠠᠶᠢᠬᠤ ᠶᠢ ᠪᠡᠶᠡᠯᠡᠭᠦᠯᠦᠨ᠎ᠡ᠃ ᠪᠣᠳᠠᠲᠠᠢ ᠠᠵᠢᠯᠯᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ︽ᠪᠤᠢ ᠪᠣᠯᠭᠠᠬᠤ ᠳᠡᠭᠡᠭᠰᠢᠯᠡᠭᠦᠯᠬᠦ ᠴᠢᠷᠮᠠᠶᠢᠬᠤ︾ ᠲᠤᠰᠬᠠᠶ ᠰᠡᠳᠦᠪᠲᠦ ᠠᠵᠢᠯᠯᠠᠭ᠎ᠠ ᠶᠢ ᠪᠠᠶᠢᠩᠭᠤ ᠥᠷᠨᠢᠭᠦᠯᠵᠦ᠂ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠰᠠᠨᠠᠭᠠᠴᠢᠯᠠᠭ᠎ᠠ ᠠᠴᠠ ᠪᠠᠨ ᠰᠢᠨ᠎ᠡ ᠶᠢ ᠡᠭᠦᠳᠴᠦ᠂ ᠥᠨᠳᠥᠷ ᠬᠠᠷᠠᠯᠲᠠ ᠪᠠᠷ ᠠᠵᠢᠯ ᠢᠶᠠᠨ ᠲᠥᠯᠥᠪᠵᠢᠭᠦᠯᠵᠦ᠂ ᠥᠨᠳᠥᠷ | ᠪᠠᠷᠢᠮᠵᠢᠶ᠎ᠠ ᠪᠠᠷ ᠠᠵᠢᠯ ᠢᠶᠠᠨ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠠᠵᠢᠯ ᠢᠶᠠᠨ ᠨᠠᠶᠢᠳᠠᠪᠤᠷᠢᠵᠢᠭᠤᠯᠵᠤ᠂ ᠠᠵᠢᠯ ᠢ ᠴᠢᠩᠭ᠎ᠠ ᠠᠩᠬᠠᠷᠴᠤ᠂ ᠤᠴᠢᠷ ᠶᠠᠪᠤᠳᠠᠯ ᠢ ᠰᠠᠭᠠᠲᠠᠭᠠᠬᠤ | ᠦᠭᠡᠢ᠂ ᠤᠴᠢᠷ ᠶᠠᠪᠤᠳᠠᠯ ᠢ ᠪᠦᠲᠦᠭᠡᠵᠦ᠂ ᠭᠠᠷᠭᠠᠭᠰᠠᠨ ᠰᠢᠢᠳᠪᠦᠷᠢᠲᠦ ᠪᠤᠳᠤᠯᠭ᠎ᠠ᠂ ᠪᠠᠶᠢᠷᠢᠯᠠᠭᠤᠯᠤᠯᠲᠠ ᠶᠢᠨ ᠠᠵᠢᠯ ᠢ ᠴᠢᠩᠭ᠎ᠠ ᠠᠳᠬᠤᠵᠤ᠂ ᠪᠣᠳᠠᠲᠠᠢ ᠠᠳᠬᠤᠵᠤ | ᠪᠦᠲᠦᠭᠡᠨ᠎ᠡ᠃ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠪᠠᠲᠤ ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠵᠢᠷᠤᠮᠯᠠᠵᠤ᠂ ᠭᠤᠣᠯᠳᠠᠯᠭ᠎ᠠ ᠪᠣᠯᠬᠤ ᠬᠦᠷᠢᠶᠡᠨ ᠳᠠᠬᠢ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠵᠦ᠂ ᠤᠯᠠᠨ ᠲᠦᠮᠡᠨ ᠤ | ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠡᠷᠡᠰ ᠵᠠᠯᠬᠠᠭᠠᠨ ᠰᠢᠢᠳᠬᠡᠨ᠎ᠡ᠃ ︽ᠠᠷᠪᠢᠴᠢ ᠭᠠᠮᠲᠠᠶ ᠠᠮᠢᠳᠤᠷᠠᠬᠤ︾ ᠳᠠᠳᠬᠠᠯ ᠲᠠᠢ ᠪᠠᠶᠢᠵᠤ᠂ | ᠭᠤᠤᠯᠳᠠᠯᠭ᠎ᠠ ᠲᠠᠢ ᠪᠤᠰᠤ ᠪᠠ ᠵᠠᠶᠢᠯᠠᠰᠢ ᠥᠬᠡᠶ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠠᠷᠪᠢᠯᠠᠨ ᠭᠠᠮᠨᠠᠨ᠎ᠠ᠃ | ᠲᠥᠯᠥᠭᠡᠯᠡᠭᠴᠢᠳ ᠡ︕ ᠵᠣᠷᠢᠭ ᠲᠠᠢ ᠪᠣᠯᠪᠠᠰᠤ᠂ ᠬᠦᠴᠢᠷ ᠢ ᠯᠠᠪᠲᠠᠢ ᠲᠤᠭᠤᠯᠤᠨ᠎ᠠ︔ ᠬᠦᠰᠡᠯ ᠲᠠᠢ ᠪᠣᠯᠪᠠᠰᠤ᠂ ᠵᠣᠷᠢᠭᠰᠠᠨ ᠳᠤ ᠪᠠᠨ ᠯᠠᠪᠲᠠᠢ ᠬᠦᠷᠦᠨᠡᠮ᠃ ᠪᠢᠳᠡ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠳᠤ ᠪᠣᠯᠤᠨ ᠲᠤᠭᠤᠷᠢᠭ ᠤᠨ | ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠲᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠲᠠᠢ ᠬᠠᠮᠲᠤ ᠪᠠᠷ ᠵᠠᠮ ᠨᠡᠭᠡᠭᠡᠨ | ᠤᠷᠤᠭᠰᠢᠯᠠᠵᠤ᠂ ᠡᠷᠡᠯᠬᠡᠭᠯᠡᠨ ᠲᠡᠮᠡᠴᠡᠵᠦ᠂ ᠪᠣᠳᠠᠲᠠᠢ ᠠᠵᠢᠯᠯᠠᠵᠤ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ᠂ ᠰᠤᠪᠢᠯᠠᠵᠤ ᠵᠤᠭᠠᠴᠠᠬᠤ ᠳᠤ ᠲᠣᠬᠢᠷᠠᠮᠵᠢᠲᠠᠢ | ᠣᠳᠣᠬᠢᠴᠢᠯᠠᠭᠰᠠᠨ ᠰᠢᠨ᠎ᠡ ᠪᠠᠶ᠋ᠬᠠᠣᠪᠤᠭ᠎ᠠ ᠶᠢ ᠴᠢᠷᠮᠠᠶᠢᠨ ᠴᠣᠭᠴᠠᠯᠠᠶ᠎ᠠ᠃ | | ᠨᠡᠷ᠎ᠡ ᠦᠭᠡ ᠶᠢᠨ ᠲᠠᠶᠢᠯᠪᠤᠷᠢ | 1. ︽ᠬᠤᠶᠠᠷ ᠣᠷᠣᠨ ᠤ ᠭᠠᠳᠠᠨᠠᠬᠢ︾ ᠭᠠᠶᠢᠯᠢ ᠪᠠᠲᠤᠯᠠᠬᠤ ᠰᠡᠯᠪᠢᠨ ᠵᠠᠰᠠᠯᠲᠠ᠄ ᠠᠵᠤ ᠠᠬᠤᠶᠢᠯᠠᠯ ᠪᠣᠭᠤᠮᠲᠠ ᠶᠢᠨ ᠣᠨᠴᠠᠭᠠᠶ ᠬᠢᠨᠠᠯᠲᠠ ᠬᠠᠮᠢᠶᠠᠷᠤᠯᠲᠠ ᠶᠢᠨ ᠣᠷᠣᠨ | ︵ᠴᠢᠯᠥᠭᠡᠲᠦ ᠠᠷᠠᠯᠵᠢᠶᠠᠨ ᠤ ᠣᠷᠣᠨ᠂ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠣᠷᠣᠨ︶ ᠠᠴᠠ ᠭᠠᠳᠠᠨ᠎ᠠ᠂ ᠭᠠᠶᠢᠯᠢ ᠶᠢ ᠪᠠᠲᠤᠯᠠᠬᠤ ᠬᠡᠯᠪᠡᠷᠢ ᠶᠢᠨ ᠡᠪᠳᠡᠭᠳᠡᠭᠰᠡᠨ᠂ ᠴᠢᠳᠠᠮᠵᠢ | ᠬᠦᠴᠦᠨ ᠦᠭᠡᠢ ᠪᠣᠯᠤᠭᠰᠠᠨ᠂ ᠶᠠᠰᠤ ᠴᠢᠨᠠᠷ ᠬᠦᠷᠦᠯᠴᠡᠬᠦ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠭ᠎ᠠ ᠪᠠᠷᠠᠭ᠎ᠠ ᠶᠢ ᠬᠢᠯᠢ ᠶᠢᠨ ᠭᠠᠳᠠᠨ᠎ᠠ ᠠᠴᠠ ᠲᠡᠭᠡᠭᠡᠪᠦᠷᠢᠯᠡᠨ ᠣᠷᠣᠭᠤᠯᠵᠤ | ᠪᠠᠶᠢᠴᠠᠭᠠᠨ ᠰᠢᠯᠭᠠᠵᠤ᠂ ᠰᠡᠯᠪᠢᠨ ᠵᠠᠰᠠᠭᠰᠠᠨ ᠤ ᠳᠠᠷᠠᠭ᠎ᠠ᠂ ᠳᠠᠬᠢᠨ ᠪᠦᠬᠦᠨ ᠢ ᠬᠢᠯᠢ ᠠᠴᠠ ᠭᠠᠷᠭᠠᠬᠤ ᠰᠢᠨ᠎ᠡ ᠪᠠᠷ ᠪᠣᠶ ᠪᠣᠯᠤᠭᠰᠠᠨ ᠡᠵᠡᠩᠨᠡᠯᠲᠡ ᠶᠢᠨ ᠪᠠᠶᠢᠳᠠᠯ ᠢ ᠵᠢᠭᠠᠵᠤ ᠪᠣᠶ᠃ | 2. ︽ᠬᠤᠶᠠᠷ ᠵᠢᠷᠤᠭ ᠬᠤᠶᠠᠷ ᠬᠦᠰᠦᠨᠦᠭᠲᠦ ᠬᠤᠶᠠᠷ ᠬᠥᠮᠥᠷᠭᠡ︾᠄ ᠠᠵᠤ ᠦᠢᠯᠡᠰ ᠤᠨ ᠬᠡᠯᠬᠢᠶ᠎ᠡ ᠶᠢᠨ ᠪᠥᠬᠦ ᠦᠵᠡᠮᠵᠢ ᠶᠢᠨ ᠵᠢᠷᠤᠭ᠂ ᠬᠤᠳᠠᠯᠳᠤᠭᠠᠴᠢᠨ ᠤᠷᠢᠬᠤ | ᠠᠯᠤᠰ ᠤᠨ ᠦᠵᠡᠮᠵᠢ ᠶᠢᠨ ᠵᠢᠷᠤᠭ᠂ ᠭᠤᠤᠯᠳᠠᠯᠭ᠎ᠠ ᠪᠣᠯᠬᠤ ᠲᠥᠷᠥᠯ ᠵᠦᠢᠯ ᠤᠨ ᠬᠥᠮᠥᠷᠭᠡ᠂ ᠵᠣᠴᠢᠨ ᠤ ᠬᠥᠮᠥᠷᠭᠡ᠂ ᠬᠥᠲᠥᠴᠢ ᠠᠵᠤ ᠠᠬᠤᠶᠢᠯᠠᠯ ᠤᠨ ᠬᠦᠰᠦᠨᠦᠭᠲᠦ᠂ ᠢᠵᠢ | ᠪᠥᠷᠢᠳᠦᠭᠦᠯᠬᠦ ᠠᠵᠤ ᠠᠬᠤᠶᠢᠯᠠᠯ ᠤᠨ ᠬᠦᠰᠦᠨᠦᠭᠲᠦ ᠶᠢ ᠵᠢᠭᠠᠨ᠎ᠠ᠃ | 3. ︽ᠬᠤᠪᠣᠷ ᠰᠢᠷᠣᠶ ᠶᠢᠨ ᠬᠤᠶᠠᠷ ᠰᠠᠭᠤᠷᠢᠨ ᠭᠠᠵᠠᠷ︾᠄ ᠶᠡᠷᠦᠩᠬᠡᠶ ᠱᠦᠵᠢ ᠰᠢ ᠶᠢᠨ ᠫᠢᠩ 2023 ᠣᠨ ᠤ 6 ᠳ᠋ᠤᠭᠠᠷ ᠰᠠᠷ᠎ᠠ ᠳᠤ ᠥᠪᠥᠷ ᠮᠣᠩᠭᠤᠯ ᠳᠤ ᠰᠢᠨᠵᠢᠯᠡᠨ | ᠪᠠᠶᠢᠴᠠᠭᠠᠬᠤ ᠳᠠᠭᠠᠨ᠂ ︽ᠪᠦᠬᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠶ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠠ ᠪᠥᠬᠦ ᠳᠡᠯᠡᠬᠡᠶ ᠶᠢᠨ ᠲᠡᠷᠢᠭᠦᠨ ᠤ ᠬᠤᠪᠣᠷ | ᠰᠢᠷᠣᠶ ᠶᠢᠨ ᠬᠡᠷᠡᠭᠯᠡᠭᠡᠨ ᠤ ᠰᠠᠭᠤᠷᠢᠨ ᠭᠠᠵᠠᠷ︾ ᠢ ᠪᠥᠲᠥᠭᠡᠨ ᠪᠠᠶᠢᠭᠤᠯᠤᠨ᠎ᠠ ᠭᠡᠵᠦ ᠳᠤᠷᠠᠳᠪᠠ᠃ | 4. ︽ᠪᠤᠢ ᠪᠣᠯᠭᠠᠬᠤ ᠳᠡᠭᠡᠭᠰᠢᠯᠡᠭᠦᠯᠬᠦ ᠴᠢᠷᠮᠠᠶᠢᠬᠤ︾ ᠲᠤᠰᠬᠠᠶ ᠰᠡᠳᠦᠪᠲᠦ ᠠᠵᠢᠯᠯᠠᠭ᠎ᠠ᠄ ᠬᠤᠲᠠ ᠶᠢᠨ ᠨᠠᠮ ᠤᠨ ᠬᠤᠷᠢᠶ᠎ᠠ ᠠᠴᠠ ᠵᠣᠬᠢᠶᠠᠨ ᠪᠠᠶᠢᠭᠤᠯᠤᠨ ᠥᠷᠨᠢᠭᠦᠯᠦᠭᠰᠡᠨ | ︽ᠰᠢᠢᠳᠪᠦᠷᠢᠯᠡᠭᠳᠡᠬᠦᠢ ᠰᠡᠳᠭᠢᠬᠦᠢ ᠶᠢ ᠪᠤᠢ ᠪᠣᠯᠭᠠᠬᠤ᠂ ᠠᠵᠢᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠬᠦ᠂ ᠲᠡᠷᠢᠭᠦᠨ ᠤ ᠠᠮᠵᠢᠯᠲᠠ ᠪᠦᠲᠦᠮᠵᠢ ᠣᠯᠬᠤ ᠪᠠᠷ ᠴᠢᠷᠮᠠᠶᠢᠬᠤ︾ ᠲᠤᠰᠬᠠᠶ | ᠰᠡᠳᠦᠪᠲᠦ ᠠᠵᠢᠯᠯᠠᠭ᠎ᠠ ᠶᠢ ᠵᠢᠭᠠᠵᠤ ᠪᠣᠶ᠃ | 5. ︽ᠵᠢᠷᠭᠤᠭᠠᠨ ᠠᠵᠢᠯᠯᠠᠭ᠎ᠠ︾᠄ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ | ᠳᠤᠷᠠᠳᠤᠭᠰᠠᠨ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ᠂ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ᠂ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ᠂ | ᠤᠰᠤ ᠠᠷᠪᠢᠯᠠᠬᠤ ᠠᠵᠢᠯᠯᠠᠭ᠎ᠠ᠂ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠪᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ | ᠳᠡᠭᠡᠭᠰᠢᠯᠡᠭᠦᠯᠬᠦ ᠠᠵᠢᠯᠯᠠᠭ᠎ᠠ ᠶᠢ ᠵᠢᠭᠠᠨ᠎ᠠ᠃ | 6. ︽ᠲᠤᠯᠤᠭᠠᠨ ᠦᠷᠭᠦᠯᠵᠢᠯᠡᠨ ᠬᠦᠴᠦᠯᠡᠬᠦ︾᠄ ᠬᠤᠲᠠ ᠶᠢᠨ ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠠᠴᠠ | ᠳᠤᠷᠠᠳᠤᠭᠰᠠᠨ ᠠᠵᠤ ᠦᠢᠯᠡᠰ ᠤᠨ ᠨᠡᠮᠡᠭᠳᠡᠯ ᠢ ᠪᠤᠵᠠᠭᠠᠶᠢᠷᠠᠭᠤᠯᠬᠤ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠬᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢᠨ | ᠲᠣᠭᠤᠷᠢᠨ ᠳᠤ ᠡᠨᠧᠷᠭᠢ ᠣᠯᠭᠤᠵᠤ ᠦᠷᠭᠦᠯᠵᠢᠯᠡᠨ ᠬᠦᠴᠦᠯᠡᠬᠦ᠂ ︽ᠭᠤᠷᠪᠠ ᠠᠴᠠ ᠬᠤᠶᠠᠷ ᠢ ᠡᠷᠢᠬᠦ︾ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠬᠦ᠂ ᠬᠤᠲᠠ ᠶᠢᠨ | ᠴᠢᠳᠠᠪᠤᠷᠢ ᠶᠢᠨ ᠳᠡᠰ ᠢ ᠳᠡᠭᠡᠭᠰᠢᠯᠡᠭᠦᠯᠬᠦ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠬᠦ᠂ ᠠᠵᠢᠯ ᠣᠯᠭᠤᠵᠤ ᠣᠷᠣᠯᠭ᠎ᠠ ᠪᠠᠨ ᠨᠡᠮᠡᠭᠳᠡᠭᠦᠯᠬᠦ ᠶᠢᠨ ᠲᠣᠭᠤᠷᠢᠨ ᠳᠤ ᠦᠷᠭᠦᠯᠵᠢᠯᠡᠨ | ᠬᠦᠴᠦᠯᠡᠬᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠶᠢᠨ ᠲᠣᠭᠤᠷᠢᠨ ᠳᠤ ᠦᠷᠭᠦᠯᠵᠢᠯᠡᠨ ᠬᠦᠴᠦᠯᠡᠬᠦ᠂ ᠰᠤᠷᠲᠠᠯ ᠤᠨ ᠪᠠᠶᠢᠭᠤᠯᠤᠯᠲᠠ ᠶᠢᠨ | ᠲᠣᠭᠤᠷᠢᠨ ᠳᠤ ᠦᠷᠭᠦᠯᠵᠢᠯᠡᠨ ᠬᠦᠴᠦᠯᠡᠬᠦ ᠶᠢ ᠵᠢᠭᠠᠨ᠎ᠠ᠃ | 7. ︽ᠭᠤᠷᠪᠠ ᠶᠢ ᠠᠭᠤᠰᠤᠯᠴᠠᠭᠤᠯᠬᠤ᠂ ᠭᠤᠷᠪᠠᠨ ᠠᠵᠢᠯᠯᠠᠭ᠎ᠠ᠂ ᠭᠤᠷᠪᠠ ᠶᠢ ᠳᠡᠭᠡᠭᠰᠢᠯᠡᠭᠦᠯᠬᠦ᠂ ᠬᠤᠶᠠᠷ ᠬᠠᠷᠢᠭᠤᠴᠠᠯᠭ᠎ᠠ︾᠄ ᠲᠤᠭᠤᠷᠢᠭ ᠤᠨ ᠨᠠᠮ ᠤᠨ ᠬᠤᠷᠢᠶᠠᠨ ᠤ | ᠠᠷᠪᠠᠨ ᠬᠤᠶᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠠᠴᠠ ᠳᠤᠷᠠᠳᠤᠭᠰᠠᠨ ︽ᠬᠤᠶᠠᠷ ᠭᠠᠵᠠᠷ ᠭᠤᠷᠪᠠᠨ ᠲᠠᠯ᠎ᠠ︾ ᠶᠢᠨ ᠠᠵᠤ ᠦᠢᠯᠡᠰ᠂ ᠰᠣᠶᠣᠯ | ᠵᠢᠭᠤᠯᠴᠢᠯᠠᠯ᠂ ᠬᠦᠷᠢᠶᠡᠯᠡᠩ ᠲᠣᠭᠤᠷᠢᠭ ︽ᠭᠤᠷᠪᠠ ᠶᠢ ᠠᠭᠤᠰᠤᠯᠴᠠᠭᠤᠯᠬᠤ︾ ᠂ ᠰᠢᠨ᠎ᠡ ᠶᠢ ᠡᠭᠦᠳᠬᠦ ᠶᠠᠰᠤ ᠴᠢᠨᠠᠷ ᠢ ᠳᠡᠭᠡᠭᠰᠢᠯᠡᠭᠦᠯᠬᠦ᠂ ᠬᠤᠳᠠᠯᠳᠤᠭᠠᠴᠢᠨ ᠤᠷᠢᠵᠤ | ᠪᠠᠷᠢᠮᠵᠢᠶ᠎ᠠ ᠶᠢ ᠳᠡᠭᠡᠭᠰᠢᠯᠡᠭᠦᠯᠬᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ︽ᠭᠤᠷᠪᠠᠨ ᠠᠵᠢᠯᠯᠠᠭ᠎ᠠ︾ ᠂ ᠦᠨᠳᠦᠰᠦᠲᠡᠨ ᠤ | ᠪᠦᠯᠬᠦᠮᠳᠡᠯ᠂ ᠠᠷᠠᠳ ᠤᠨ ᠠᠮᠢᠳᠤᠷᠠᠯ᠂ ᠬᠤᠲᠠ ᠶᠢᠨ ᠪᠥᠲᠥᠭᠡᠨ ᠪᠠᠶᠢᠭᠤᠯᠤᠯᠲᠠ ︽ᠭᠤᠷᠪᠠ ᠶᠢ ᠳᠡᠭᠡᠭᠰᠢᠯᠡᠭᠦᠯᠬᠦ︾᠂ ᠠᠮᠢ ᠠᠬᠤᠶ᠂ ᠠᠮᠤᠷ ᠲᠦᠪᠰᠢᠨ ᠤ ︽ᠬᠤᠶᠠᠷ | ᠬᠠᠷᠢᠭᠤᠴᠠᠯᠭ᠎ᠠ︾ ᠶᠢ ᠡᠭᠦᠷᠭᠡᠯᠡᠬᠦ ᠶᠢ ᠵᠢᠭᠠᠨ᠎ᠠ᠃ | 8. ︽ᠭᠤᠷᠪᠠ ᠠᠴᠠ ᠬᠤᠶᠠᠷ ᠢ ᠡᠷᠢᠬᠦ︾ ᠶᠢ ᠵᠢᠭᠠᠬᠤ᠄ ︽ᠭᠤᠷᠪᠠ ᠪᠠᠶᠢᠭ᠎ᠠ︾ ᠨᠢ ᠪᠠᠶᠢᠭᠤᠯᠵᠤ ᠪᠠᠶᠢᠭ᠎ᠠ᠂ ᠦᠢᠯᠡᠳᠪᠦᠷᠢᠯᠡᠵᠦ ᠪᠠᠶᠢᠭ᠎ᠠ᠂ ᠶᠠᠷᠢᠯᠴᠠᠵᠤ ᠪᠠᠶᠢᠭ᠎ᠠ ᠲᠦᠷᠦᠯ | ᠵᠦᠢᠯ ᠢ ᠵᠢᠭᠠᠨ᠎ᠠ︔ ︽ᠬᠤᠶᠠᠷ ᠢ ᠡᠷᠢᠬᠦ︾ ᠨᠢ ᠠᠵᠤ ᠠᠬᠤᠶᠢᠯᠠᠯ ᠢ ᠬᠠᠪᠰᠤᠷᠤᠨ ᠵᠠᠬᠢᠶᠠᠯᠠᠭ᠎ᠠ ᠶᠢᠨ ᠬᠠᠭᠤᠳᠠᠰᠤ ᠡᠷᠢᠬᠦ᠂ ᠪᠡᠯᠡ ᠮᠥᠩᠭᠦ ᠡᠷᠢᠬᠦ ᠶᠢ ᠵᠢᠭᠠᠨ᠎ᠠ᠃ | 9. ︽ᠬᠤᠶᠠᠷ ᠢ ᠴᠡᠭᠴᠡᠯᠡᠨ ᠬᠤᠶᠠᠷ ᠢ ᠳᠡᠭᠡᠭᠰᠢᠯᠡᠭᠦᠯᠬᠦ︾᠄ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠡᠵᠡᠩᠨᠡᠯᠲᠡ᠂ ᠬᠠᠮᠢᠶᠠᠷᠤᠯᠲᠠ᠂ ᠬᠢᠨᠠᠯᠲᠠ | ᠬᠠᠮᠢᠶᠠᠷᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠᠭᠤᠷᠠᠶ ᠲᠠᠯ᠎ᠠ ᠶᠢ ᠪᠥᠬᠦ ᠲᠠᠯ᠎ᠠ ᠪᠠᠷ ᠲᠦᠢᠯᠪᠤᠷᠢᠲᠠᠢ ᠴᠡᠭᠴᠡᠯᠡᠨ ᠵᠠᠰᠠᠵᠤ᠂ ᠪᠥᠬᠦ ᠰᠢᠰᠲ᠋ᠧᠮ᠂ ᠪᠥᠬᠦ | ᠳᠠᠪᠬᠤᠷᠭ᠎ᠠ᠂ ᠪᠥᠬᠦ ᠬᠦᠷᠢᠶ᠎ᠡ ᠴᠠᠷᠠᠭ᠎ᠠ᠂ ᠪᠦᠬᠦᠨ ᠢ ᠬᠠᠮᠤᠷᠬᠤ᠂ ᠪᠥᠬᠦ ᠭᠤᠭᠴᠤᠭ᠎ᠠ ᠶᠢ ᠲᠦᠢᠯᠪᠤᠷᠢᠲᠠᠶ ᠴᠡᠭᠴᠡᠯᠡᠨ ᠰᠠᠶᠢᠵᠢᠷᠠᠭᠤᠯᠵᠤ᠂ ᠠᠵᠤ ᠠᠬᠤᠶᠢᠯᠠᠯ ᠤᠨ ᠵᠠᠬ᠎ᠠ | ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠠᠬᠢᠴᠠ ᠶᠢ ᠲᠦᠷᠭᠡᠳᠬᠡᠨ᠂ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠠᠵᠤ ᠠᠬᠤᠶᠢᠯᠠᠯ ᠤᠨ ᠠᠮᠵᠢᠯᠲᠠ | ᠪᠦᠲᠦᠮᠵᠢ ᠶᠢ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠳᠣᠲᠣᠭᠠᠳᠤ ᠡᠵᠡᠮᠳᠡᠯ ᠤᠨ ᠬᠠᠮᠢᠶᠠᠷᠤᠯᠲᠠ ᠶᠢ ᠪᠦᠷᠢᠨᠰᠢᠬᠦᠯᠵᠦ᠂ ᠠᠵᠤ ᠠᠬᠤᠶᠢᠯᠠᠯ ᠤᠨ | ᠳᠣᠲᠣᠭᠠᠳᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠴᠢᠨᠠᠷ ᠢ ᠳᠡᠭᠡᠭᠰᠢᠯᠡᠭᠦᠯᠬᠦ ᠶᠢ | ᠠᠬᠢᠭᠤᠯᠬᠤ ᠶᠢ ᠵᠢᠭᠠᠵᠤ ᠪᠣᠶ᠃ | 10᠂ ︽ᠭᠤᠷᠪᠠᠨ ᠡᠮᠨᠡᠯᠭᠡ︾ ᠬᠤᠯᠪᠣᠭᠠᠯᠠᠨ ᠬᠥᠳᠡᠯᠦᠯᠴᠡᠬᠦ᠂ ︽ᠵᠢᠷᠭᠤᠭᠠᠨ ᠡᠮᠨᠡᠯᠭᠡ︾ ᠶᠢ ᠨᠢᠭᠡᠳᠦᠯᠲᠡᠶ ᠲᠥᠯᠥᠪᠯᠡᠬᠦ᠄ ︽ᠡᠮᠴᠢᠯᠡᠭᠡ᠂ ᠡᠮ ᠡᠮᠨᠡᠯᠭᠡ ᠶᠢᠨ ᠳᠠᠭᠠᠳᠬᠠᠯ᠂ | ᠡᠮ ᠡᠮᠨᠡᠯᠭᠡ︾ ᠶᠢᠨ ᠬᠤᠯᠪᠣᠭᠠᠯᠠᠨ ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠡᠮᠨᠡᠯᠭᠡ ᠶᠢᠨ ᠬᠤᠷᠢᠶ᠎ᠠ᠂ ᠡᠮᠴᠢ᠂ ᠬᠢᠲᠠᠳ ᠡᠮᠨᠡᠯᠭᠡ︾ ᠶᠢ ᠨᠢᠭᠡᠳᠦᠯᠲᠡᠶ | ᠲᠥᠯᠥᠪᠯᠡᠨ ᠬᠥᠭᠵᠢᠭᠦᠯᠬᠦ ᠶᠢ ᠴᠢᠩᠭᠠᠷᠠᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠠᠭᠠᠯᠠᠬᠤ᠂ ᠢᠳᠡᠪᠬᠢᠵᠢᠯ ᠢ ᠳᠠᠶᠢᠴᠢᠯᠠᠬᠤ᠂ ᠦᠷᠭᠦᠯᠵᠢᠯᠡᠬᠦᠶᠢᠴᠡ ᠴᠢᠨᠠᠷ ᠢ | ᠪᠠᠲᠤᠯᠠᠬᠤ ᠠᠵᠢᠯᠯᠠᠭᠠᠨ ᠤ ᠲᠣᠭᠲᠠᠴᠠ ᠶᠢ ᠲᠦᠷᠭᠡᠪᠴᠢᠯᠡᠨ ᠪᠠᠶᠢᠭᠤᠯᠬᠤ ᠶᠢ ᠵᠢᠭᠠᠨ᠎ᠠ᠃ | |