︽ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠵᠤ ᠬᠠᠮᠲᠤᠷᠠᠯ ᠤᠨ ᠬᠦᠴᠦᠨ ᠢ ᠨᠢᠭᠲᠠᠷᠠᠭᠤᠯᠬᠤ · ᠬᠦᠴᠦᠨ ᠢ ᠨᠢᠭᠲᠠᠷᠠᠭᠤᠯᠤᠨ ᠬᠥᠭᠵᠢᠯᠲᠡ ᠶᠢ ᠠᠬᠢᠭᠤᠯᠬᠤ︾ — ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠲᠠᠢ ᠬᠠᠮᠲᠤᠷᠠᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠵᠢᠴᠢ ᠵᠠᠰᠠᠭ ᠪᠠᠩᠬᠢ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/26
    ᠵᠠᠰᠠᠭ ᠠᠵᠤ ᠠᠬᠤᠶᠢᠯᠠᠯ᠂ ᠪᠠᠩᠬᠢ ᠠᠵᠤ ᠠᠬᠤᠶᠢᠯᠠᠯ ᠤᠨ ᠬᠤᠭᠤᠷᠣᠨᠳᠣᠬᠢ ᠤᠯᠤᠯᠴᠠᠭ᠎ᠠ ᠬᠠᠮᠵᠢᠯᠴᠠᠭ᠎ᠠ ᠶᠢ ᠴᠢᠨᠠᠭᠰᠢᠳᠠ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠦ᠂ ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 25 ᠤ ᠡᠳᠦᠷ᠂ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠲᠣᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠲᠠᠢ ᠬᠠᠮᠲᠤᠷᠠᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠵᠢᠴᠢ ᠵᠠᠰᠠᠭ ᠪᠠᠩᠬᠢ ᠠᠵᠤ ᠠᠬᠤᠶᠢᠯᠠᠯ ᠤᠨ ᠰᠠᠭᠤᠳᠠᠯ ᠤᠨ ᠬᠤᠷᠠᠯ ᠬᠤᠷᠠᠯᠳᠤᠭᠤᠯᠪᠠ᠃ ᠬᠤᠷᠠᠯ ᠢ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠤᠭᠤᠷᠢᠭ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠰᠢᠶᠤᠤ ᠹᠧᠩ ᠡᠷᠭᠢᠯᠡᠵᠦ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠮᠠᠨ ᠤ ᠲᠤᠭᠤᠷᠢᠭ ᠤᠨ 4 ᠪᠠᠩᠬᠢ ᠶᠢᠨ ᠬᠠᠷᠢᠭᠤᠴᠠᠯᠭᠠᠲᠠᠨ ᠵᠢᠴᠢ ᠲᠤᠭᠤᠷᠢᠭ ᠤᠨ ᠳᠣᠲᠣᠷᠠᠬᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ 30 ᠭᠠᠷᠤᠶ ᠬᠥᠮᠦᠨ ᠬᠤᠷᠠᠯ ᠳᠤ ᠣᠷᠣᠯᠴᠠᠵᠠᠶ᠃
“政银企对接聚合力·凝聚力量促发展”—区产业园服务中心联合区工商联召开优化营商环境暨政银企座谈会.jpg
    ᠬᠤᠷᠠᠯ ᠠᠴᠠ ᠡᠩ ᠲᠡᠷᠢᠭᠦᠨ ᠳᠤ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠰᠠᠭᠤᠳᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠳᠠ ᠪᠣᠯᠤᠨ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠰᠤᠷᠤᠯᠴᠠᠪᠠ︔ ᠪᠤᠭᠤᠲᠤ ᠬᠤᠳᠠ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠴᠢᠳᠠᠪᠤᠷᠢᠲᠠᠨ ᠤᠷᠢᠵᠤ ᠤᠶᠤᠨ ᠤᠬᠠᠭᠠᠨ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠪᠠ᠃    ᠬᠤᠷᠠᠯ ᠠᠴᠠ ᠠᠵᠤ ᠠᠬᠤᠶᠢᠯᠠᠯ ᠤᠨ ᠡᠵᠡᠩᠨᠡᠯᠲᠡ ᠬᠥᠭᠵᠢᠯᠲᠡ ᠶᠢᠨ ᠶᠠᠪᠤᠴᠠ ᠳᠤ ᠲᠤᠯᠭᠠᠷᠠᠵᠤ ᠪᠠᠶᠢᠭ᠎ᠠ ᠦᠢᠯᠡᠳᠪᠦᠷᠢᠯᠡᠯ ᠡᠵᠡᠩᠨᠡᠯᠲᠡ᠂ ᠪᠡᠯᠡ ᠮᠥᠩᠭᠦ ᠶᠢᠨ ᠬᠡᠷᠡᠭᠴᠡᠭᠡ᠂ ᠲᠦᠷᠦ ᠶᠢᠨ ᠪᠤᠳᠤᠯᠭ᠎ᠠ ᠶᠢᠨ ᠳᠡᠮᠵᠢᠯᠭᠡ ᠵᠡᠷᠭᠡ ᠲᠠᠯ᠎ᠠ ᠶᠢᠨ ᠪᠣᠳᠠᠲᠠᠢ ᠬᠦᠴᠢᠷᠳᠡᠯ ᠢ ᠭᠦᠢᠴᠡᠳ ᠣᠶᠢᠯᠠᠭᠠᠪᠠ᠃ ᠠᠵᠤ ᠠᠬᠤᠶᠢᠯᠠᠯ ᠤᠨ ᠲᠥᠯᠥᠭᠡᠯᠡᠭᠴᠢᠳ ᠲᠣᠰ ᠲᠣᠰ ᠥᠪᠡᠷ ᠤᠨ ᠰᠠᠨᠠᠯ ᠢᠶᠠᠨ ᠶᠠᠷᠢᠵᠤ᠂ ᠣᠳᠣᠬᠠᠨ ᠤ ᠲᠥᠷᠥᠯ ᠵᠦᠢᠯ ᠢ ᠠᠬᠢᠭᠤᠯᠬᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠪᠠᠯᠠ ᠲᠣᠬᠢᠷᠠᠭᠤᠯᠭ᠎ᠠ ᠶᠢᠨ ᠪᠣᠭᠤᠮᠢ ᠪᠠᠨ ᠨᠠᠷᠢᠨ ᠲᠣᠳᠣᠷᠬᠠᠶ ᠲᠣᠳᠣᠷᠬᠠᠶᠢᠯᠠᠨ ᠦᠭᠦᠯᠡᠪᠡ᠂ ᠵᠢᠱᠢᠶᠡᠯᠡᠪᠡᠯ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠶᠠᠪᠤᠴᠠ ᠪᠤᠳᠤᠯᠢᠶᠠᠨᠲᠠᠶ᠂ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠨᠡᠯᠢᠶᠡᠳ ᠥᠨᠳᠥᠷ ᠵᠡᠷᠭᠡ ᠠᠰᠠᠭᠤᠳᠠᠯ ᠢ ᠳᠤᠷᠠᠳᠬᠤ ᠶᠢᠨ ᠬᠠᠮᠲᠤ ᠪᠠᠰᠠ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠠᠰᠢᠭ ᠬᠦᠷᠲᠡᠭᠡᠬᠦ ᠨᠠᠩ ᠣᠯᠠᠨ ᠲᠥᠷᠥ ᠶᠢᠨ ᠪᠣᠳᠣᠯᠭ᠎ᠠ᠂ ᠪᠠᠩᠬᠢ ᠶᠢᠨ ᠮᠥᠩᠭᠦᠨ ᠭᠦᠢᠯᠭᠡᠭᠡᠨ ᠤ ᠦᠢᠯᠡᠳᠬᠦᠨ ᠤ ᠰᠢᠨ᠎ᠡ ᠶᠢ ᠡᠭᠦᠳᠬᠦ ᠲᠤᠯᠭᠠᠮ᠎ᠠ ᠬᠦᠰᠡᠯ ᠡᠷᠡᠮᠡᠯᠵᠡᠯ ᠢᠶᠠᠨ ᠢᠯᠡᠳᠬᠡᠵᠡᠢ᠃    ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠢᠭᠡᠳ ᠨᠢᠭᠡ ᠪᠠᠷ ᠢᠳᠡᠪᠬᠢᠲᠡᠶ ᠬᠠᠷᠢᠭᠤᠯᠲᠠ ᠥᠭᠴᠦ᠂ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠡᠮᠬᠢᠯᠡᠨ ᠲᠡᠭᠦᠯᠳᠡᠷᠵᠢᠭᠦᠯᠵᠦ᠂ ᠠᠵᠢᠯ ᠶᠠᠪᠤᠳᠠᠯ ᠭᠦᠢᠴᠡᠳᠭᠡᠬᠦ ᠴᠤᠪᠤᠷᠠᠯ ᠢ ᠳᠥᠭᠦᠮᠴᠢᠯᠡᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠵᠦ᠂ ᠠᠵᠤ ᠠᠬᠤᠶᠢᠯᠠᠯ ᠳᠤ ᠨᠠᠩ ᠳᠥᠭᠦᠮ ᠳᠥᠲᠡ᠂ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ ᠭᠡᠵᠦ ᠲᠣᠳᠣᠷᠬᠠᠶ ᠢᠯᠡᠳᠭᠡᠪᠡ᠃ ᠦᠢᠯᠡᠳᠪᠦᠷᠢ ᠬᠤᠳᠠᠯᠳᠤᠭᠠᠨ ᠤ ᠪᠠᠩᠬᠢ᠂ ᠬᠥᠳᠡᠭᠡ ᠲᠣᠰᠬᠤᠨ ᠤ ᠢᠲᠡᠭᠡᠮᠵᠢ ᠶᠢᠨ ᠬᠤᠷᠰᠢᠶ᠎ᠠ᠂ ᠪᠦᠦ ᠨᠦᠩ ᠬᠤᠳᠠᠯᠳᠤᠭᠠᠨ ᠤ ᠪᠠᠩᠬᠢ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠬᠠᠷᠢᠭᠤᠴᠠᠯᠭᠠᠲᠠᠳ ᠴᠤ ᠲᠣᠰ ᠲᠣᠰ ᠤᠨ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡ ᠪᠠᠨ ᠨᠠᠷᠢᠨ ᠲᠠᠨᠢᠯᠴᠠᠭᠤᠯᠵᠤ᠂ ᠠᠵᠤ ᠠᠬᠤᠶᠢᠯᠠᠯ ᠤᠨ ᠠᠳᠠᠯᠢ ᠪᠤᠰᠤ ᠬᠡᠷᠡᠭᠴᠡᠭᠡ ᠳᠤ ᠴᠢᠭᠯᠡᠭᠦᠯᠦᠨ᠂ ᠥᠪᠡᠷᠮᠢᠴᠡ ᠪᠠᠯᠠ ᠲᠣᠬᠢᠷᠠᠭᠤᠯᠭ᠎ᠠ ᠶᠢ ᠰᠢᠢᠳᠪᠦᠷᠢᠯᠡᠬᠦ ᠲᠥᠰᠦᠯ ᠢ ᠳᠤᠷᠠᠳᠤᠨ ᠭᠠᠷᠭᠠᠭᠰᠠᠨ ᠪᠥᠭᠡᠳ ᠵᠢᠭᠡᠯᠡᠯᠭᠡ ᠶᠢᠨ ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠪᠠᠷ ᠠᠮᠠᠯᠳᠠᠪᠠ᠃    ᠲᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠦᠷᠭᠦᠯᠵᠢᠯᠡᠨ ᠠᠩᠬᠠᠷᠴᠤ᠂ ᠮᠡᠳᠡᠭᠡ ᠵᠠᠩᠭᠢ ᠶᠢᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠠᠵᠤ ᠠᠬᠤᠶᠢᠯᠠᠯ ᠳᠤ ᠪᠠᠯᠠ ᠮᠥᠩᠭᠦ ᠤᠯᠬᠤ᠂ ᠵᠠᠬ᠎ᠠ ᠳᠡᠯᠭᠡᠭᠦᠷ ᠢ ᠡᠷᠢᠬᠦ᠂ ᠠᠵᠢᠯᠲᠠᠨ ᠡᠯᠰᠡᠬᠦ ᠵᠡᠷᠭᠡ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠠᠵᠤ ᠠᠬᠤᠶᠢᠯᠠᠯ ᠳᠤ ᠪᠣᠳᠠᠲᠠᠶ ᠠᠵᠢᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠨ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠪᠠᠲᠤᠯᠠᠨ᠎ᠠ ᠃ 
ᠢᠷᠡᠯᠲᠡ᠄ ᠪᠠᠶ᠋ᠬᠠᠣᠪᠤᠭ᠎ᠠ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ