︽ᠨᠢᠭᠤᠷ ᠤᠯᠠᠶᠢᠯᠭᠠᠨ ᠬᠥᠯᠥᠰᠥ ᠭᠠᠷᠴᠤ︾ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ︽ᠰᠤᠳᠠᠯ ᠪᠠᠷᠢᠵᠤ ᠵᠣᠷ ᠨᠡᠪᠲᠡᠷᠡᠭᠦᠯᠵᠦ︾ ᠳᠡᠭᠡᠭᠰᠢᠯᠡᠯᠲᠡ ᠶᠢ ᠠᠬᠢᠭᠤᠯᠪᠠ ᠄ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ ᠶᠢᠨ ᠲᠥᠯᠥᠭᠡ᠂ 2 ᠳ᠋ᠤᠭᠠᠷ ᠰᠠᠷ᠎ᠠ ᠶᠢᠨ 26 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠪᠠ᠃ ᠬᠤᠷᠠᠯ ᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠢᠯᠢᠭᠲᠦᠡᠷᠭᠢᠯᠡᠵᠦ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠨ ᠰᠢᠤᠸᠠᠢ ᠸᠧᠨ ᠬᠤᠷᠠᠯ ᠳᠤ ᠣᠷᠣᠯᠴᠠᠵᠤ ᠦᠨᠡᠯᠡᠯᠲᠡ ᠬᠢᠪᠠ᠃
“红脸出汗”聚共识 “把脉开方”促提升:区委统战部召开2024年度民主生活会.jpg
    ᠬᠤᠷᠠᠯ ᠠᠴᠠ ᠡᠮᠦᠨ᠎ᠡ᠂ ᠤᠳᠤᠷᠢᠳᠬᠤ ᠪᠠᠭ ᠪᠣᠯᠤᠨ ᠨᠠᠮ ᠤᠨ ᠭᠡᠰᠢᠭᠦᠨ ᠤᠳᠤᠷᠢᠳᠬᠤ ᠺᠠᠳ᠋ᠷ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠭᠤᠣᠯ ᠰᠡᠳᠦᠪ ᠤᠨ ᠲᠣᠭᠤᠷᠢᠨ ᠳᠤ᠂ ᠰᠤᠷᠤᠯᠴᠠᠨ ᠰᠤᠳᠤᠯᠤᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠬᠠᠮᠲᠤ ᠪᠠᠷ ᠰᠤᠳᠤᠯᠤᠨ ᠶᠠᠷᠢᠯᠴᠠᠬᠤ ᠪᠠ ᠬᠤᠪᠢ ᠬᠥᠮᠦᠨ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠪᠠᠷ ᠳᠠᠮᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠲᠤᠬᠠᠢ ᠴᠢᠬᠤᠯᠠ ᠦᠵᠡᠯ ᠰᠠᠨᠠᠭ᠎ᠠ ᠵᠢᠴᠢ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠰᠢᠨ᠎ᠡ ᠨᠤᠲᠠᠯᠠᠯᠲᠠ ᠵᠡᠷᠭᠡ ᠶᠢ ᠭᠦᠨᠵᠡᠭᠡᠢ ᠰᠤᠷᠤᠯᠴᠠᠨ ᠣᠶᠢᠯᠠᠭᠠᠪᠠ᠃ ᠡᠭᠦᠨ ᠤ ᠬᠠᠮᠲᠤ ᠰᠡᠳᠬᠢᠯ ᠤᠨ ᠦᠭᠡ ᠪᠠᠨ ᠶᠠᠷᠢᠯᠴᠠᠬᠤ ᠶᠢ ᠥᠷᠨᠢᠭᠦᠯᠵᠦ᠂ ᠥᠷᠭᠡᠨ ᠢᠶᠠᠷ ᠰᠠᠨᠠᠯ ᠬᠤᠷᠢᠶᠠᠵᠤ᠂ ᠲᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ ᠲᠤᠭᠤᠷᠪᠢᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠴᠢᠨᠠᠷ ᠰᠠᠶᠢᠲᠠᠢ ᠬᠤᠷᠠᠯᠳᠤᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠠᠢ᠃    ᠬᠤᠷᠠᠯ ᠳᠡᠭᠡᠷ᠎ᠡ᠂ ᠪᠢᠯᠢᠭᠲᠦ ᠨᠥᠬᠦᠷ ᠡᠩ ᠲᠡᠷᠢᠭᠦᠨ ᠳᠤ 2023 ᠣᠨ ᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ︽ᠪᠤᠢ ᠪᠣᠯᠭᠠᠬᠤ ᠳᠡᠭᠡᠭᠰᠢᠯᠡᠭᠦᠯᠬᠦ ᠴᠢᠷᠮᠠᠶᠢᠬᠤ︾ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠲᠣᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠬᠠᠮᠢᠶ᠎ᠠ ᠪᠥᠬᠦᠶ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠪᠠ᠃ ᠳᠠᠷᠠᠭ᠎ᠠ ᠨᠢ᠂ ᠪᠢᠯᠢᠭᠲᠦ ᠨᠥᠬᠦᠷ ᠦᠵᠡᠯ ᠰᠠᠨᠠᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠪᠠᠭ ᠤᠨ ᠭᠡᠰᠢᠭᠦᠳ ᠳᠡᠰ ᠳᠠᠷᠠᠭᠠᠯᠠᠨ ᠶᠠᠷᠢᠶ᠎ᠠ ᠲᠠᠯᠪᠢᠪᠠ᠃ ᠣᠯᠠᠨ ᠢᠶᠠᠷ ᠢᠶᠠᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠥᠷᠨᠢᠭᠦᠯᠵᠦ᠂ ᠬᠥᠮᠦᠨ ᠪᠦᠬᠦᠨ ᠦᠵᠡᠯ ᠰᠠᠨᠠᠭ᠎ᠠ ᠪᠠᠨ ᠢᠯᠡᠷᠡᠭᠦᠯᠵᠦ᠂ ᠨᠢᠭᠤᠷ ᠤᠯᠠᠶᠢᠯᠭᠠᠨ ᠬᠥᠯᠥᠰᠥ ᠭᠠᠷᠭᠠᠬᠤ᠂ ᠬᠤᠤᠷ ᠲᠠᠳᠠᠬᠤ ᠶᠢ ᠠᠷᠢᠯᠭᠠᠨ ᠡᠪᠡᠳᠴᠢᠨ ᠵᠠᠰᠠᠬᠤ ᠦᠷ᠎ᠡ ᠪᠦᠲᠦᠮᠵᠢ ᠳᠤ ᠬᠦᠷᠴᠦ᠂ ᠪᠦᠯᠬᠦᠮᠳᠡᠯ — ᠰᠢᠭᠦᠮᠵᠢᠯᠡᠯ— ᠪᠦᠯᠬᠦᠮᠳᠡᠯ ᠤᠨ ᠬᠠᠷᠠᠯᠲᠠ ᠶᠢ ᠪᠡᠶᠡᠯᠡᠭᠦᠯᠵᠦ᠂ ᠪᠠᠭ ᠤᠨ ᠭᠡᠰᠢᠭᠦᠳ ᠤᠨ ᠨᠢᠭᠲᠠᠷᠠᠯ ᠤᠨ ᠬᠦᠴᠦᠨ᠂ ᠳᠠᠶᠢᠴᠢᠨ ᠬᠦᠴᠦᠨ᠂ ᠲᠥᠪᠯᠡᠩᠭᠦᠶ ᠬᠦᠴᠦᠨ ᠢ ᠨᠡᠮᠡᠭᠳᠡᠭᠦᠯᠪᠡ᠃    ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠲᠠᠨ ᠰᠢᠤᠸᠠᠢ ᠸᠧᠨ ᠲᠤᠰ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠦᠨᠡᠯᠡᠯᠲᠡ ᠬᠢᠵᠦ᠂ ᠬᠤᠷᠠᠯ ᠤᠨ ᠦᠷ᠎ᠡ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠄ ᠨᠢᠭᠡ ᠳᠤ᠂ ᠤᠯᠤᠰ ᠲᠦᠷᠦ ᠶᠢᠨ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠶᠢ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠬᠤ ᠬᠡᠷᠡᠭᠲᠡᠢ᠃ ᠬᠤᠶᠠᠷ ᠲᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠢᠭᠡᠳᠦᠮᠡᠯ ᠹᠷᠣᠨᠲ ᠤᠨ ᠴᠢᠳᠠᠪᠤᠷᠢᠲᠠᠨ ᠬᠤᠷᠠᠨ ᠴᠤᠭᠯᠠᠷᠠᠭᠰᠠᠨ᠂ ᠤᠶᠤᠨ ᠤᠬᠠᠭᠠᠨ ᠨᠢᠭᠲᠠᠷᠠᠭᠰᠠᠨ᠂ ᠬᠠᠷᠢᠯᠴᠠᠭ᠎ᠠ ᠥᠷᠭᠡᠨ ᠳᠡᠯᠭᠡᠷ ᠥᠪᠡᠷᠮᠢᠴᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠠᠰᠤᠷᠠᠯᠲᠠ ᠦᠭᠡᠢ ᠪᠠᠶᠢᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠵᠥᠷᠢᠴᠡᠭᠰᠡᠨ ᠬᠡᠷᠡᠭ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠡᠭᠦᠨ ᠢᠶᠠᠷ ᠴᠡᠭᠡᠷᠯᠡᠯ ᠪᠣᠯᠭᠠᠵᠤ᠂ ᠰᠡᠷᠡᠮᠵᠢ ᠶᠢᠨ ᠬᠤᠩᠬᠤ ᠶᠢ ᠪᠠᠶᠢᠩᠭᠤ ᠳᠤᠤᠭᠠᠷᠭᠠᠬᠤ ᠬᠡᠷᠡᠭᠲᠡᠢ᠃    ᠡᠴᠦᠰ ᠲᠤ᠂ ᠪᠢᠯᠢᠭᠲᠦ ᠨᠥᠬᠦᠷ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠨ᠎ᠠ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ︔ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠶᠡᠭᠡ ᠲᠠᠯ᠎ᠠ ᠳᠤᠦᠢᠯᠡᠴᠢᠯᠡᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠪᠠᠶᠢᠳᠠᠯ ᠢᠶᠠᠷ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ ᠭᠡᠵᠦ ᠢᠯᠡᠳᠬᠡᠪᠡ᠃ 
ᠢᠷᠡᠯᠲᠡ᠄ ᠪᠠᠶ᠋ᠬᠠᠣᠪᠤᠭ᠎ᠠ ᠶᠢᠨ ᠨᠢᠭᠡᠳᠦᠮᠡᠯ ᠹᠷᠣᠨᠲ