ᠪᠥᠬᠦ ᠺᠠᠳ᠋ᠷ ᠠᠵᠢᠯᠲᠠᠨ ᠠᠵᠢᠯᠴᠢᠨ ᠤ ᠦᠵᠡᠯ ᠰᠠᠨᠠᠭ᠎ᠠ ᠪᠠᠨ ᠬᠤᠷᠢᠶᠠᠨ ᠰᠡᠳᠬᠢᠯ ᠲᠠᠯᠪᠢᠵᠤ᠂ ᠠᠵᠢᠯ ᠤᠨ ᠰᠡᠳᠬᠢᠯ ᠢᠶᠠᠨ ᠨᠢᠭᠡᠳᠬᠡᠨ ᠬᠦᠴᠦ ᠪᠠᠨ ᠲᠥᠪᠯᠡᠷᠡᠭᠦᠯᠬᠦ ᠶᠢ | ᠪᠠᠲᠤᠯᠠᠬᠤ ᠶᠢᠨ ᠲᠥᠯᠥᠭᠡ᠂ 2 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠪᠠᠶ᠋ᠬᠠᠣᠪᠤᠭ᠎ᠠ ᠠᠭᠤᠷᠬᠠᠶ ᠶᠢᠨ ᠲᠣᠭᠤᠷᠢᠭ ᠤᠨ ᠲᠤᠭ᠎ᠠ ᠪᠦᠷᠢᠳᠬᠡᠯ ᠤᠨ | ᠲᠣᠪᠴᠢᠶ᠎ᠠ ᠪᠠᠶᠠᠷ ᠤᠨ ᠡᠳᠦᠷ ᠤᠨ ᠳᠠᠷᠠᠭᠠᠬᠢ ︽ᠰᠡᠳᠬᠢᠯ ᠢᠶᠠᠨ ᠬᠤᠷᠢᠶᠠᠬᠤ ᠬᠤᠷᠠᠯ︾ ᠵᠢᠴᠢ ᠭᠤᠤᠯᠳᠠᠯᠭ᠎ᠠ ᠪᠣᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ | ᠬᠤᠷᠠᠯ ᠬᠤᠷᠠᠯᠳᠤᠭᠤᠯᠵᠤ᠂ ᠪᠥᠬᠦ ᠺᠠᠳ᠋ᠷ ᠠᠵᠢᠯᠲᠠᠨ ᠠᠵᠢᠯᠴᠢᠨ ᠢ ᠳᠠᠶᠢᠴᠢᠯᠠᠨ ᠲᠡᠷᠡ ᠳᠠᠷᠤᠶ ᠳᠤᠨᠢ ᠰᠡᠳᠬᠢᠯ ᠢᠶᠠᠨ ᠬᠤᠷᠢᠶᠠᠨ ᠣᠷᠣᠨ ᠪᠠᠶᠢᠷᠢ ᠳᠤᠨᠢ ᠣᠷᠣᠭᠤᠯᠵᠤ᠂ | ᠬᠠᠷᠠᠯᠲᠠ ᠪᠠᠨ ᠲᠣᠳᠣᠷᠬᠠᠶᠢᠯᠠᠨ᠂ ᠲᠡᠭᠦᠰ ᠲᠡᠭᠦᠯᠳᠡᠷ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ 2025 ᠣᠨ ᠤ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ | ᠪᠠᠲᠤᠯᠠᠪᠠ᠃ ᠬᠤᠷᠠᠯ ᠠᠴᠠ ᠪᠠᠶ᠋ᠬᠠᠤᠪᠤᠭ᠎ᠠ ᠠᠭᠤᠷᠬᠠᠢ ᠶᠢᠨ ᠲᠤᠭᠤᠷᠢᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠶᠠᠷᠢᠶ᠎ᠠ ᠶᠢ ᠤᠯᠠᠮᠵᠢᠯᠠᠬᠤ ᠶᠢᠨ ᠬᠠᠮᠲᠤ ᠤᠢᠢᠷ᠎ᠠ ᠶᠢᠨ | ᠬᠤᠭᠤᠴᠠᠭᠠᠨ ᠤ ᠭᠤᠣᠯᠳᠠᠯᠭ᠎ᠠ ᠪᠣᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | | | | ᠬᠤᠷᠠᠯ ᠠᠴᠠ᠂ ᠪᠦᠬᠦ ᠺᠠᠳ᠋ᠷ ᠠᠵᠢᠯᠳᠠᠨ ᠠᠵᠢᠯᠴᠢᠨ ᠦᠳᠲᠡᠷ ᠲᠦᠷᠭᠡᠨ ᠰᠡᠳᠬᠢᠯ ᠰᠠᠨᠠᠭ᠎ᠠ ᠪᠠᠨ ᠲᠥᠪᠯᠡᠷᠡᠭᠦᠯᠵᠦ᠂ ᠠᠵᠢᠯ ᠤᠨ ᠪᠠᠶᠢᠳᠠᠯ ᠢᠶᠠᠨ ᠳᠤᠬᠢᠷᠠᠭᠤᠯᠵᠤ᠂ ᠰᠢᠨ᠎ᠡ | ᠨᠢᠭᠡ ᠵᠢᠯ ᠳᠤ ᠥᠨᠳᠥᠷ ᠪᠠᠷᠢᠮᠵᠢᠶ᠎ᠠ ᠲᠠᠢ᠂ ᠴᠢᠩᠭ᠎ᠠ ᠱᠠᠭᠠᠷᠳᠠᠯᠭ᠎ᠠ ᠲᠠᠢ᠂ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠠᠵᠢᠯ ᠤᠨ ᠠᠶᠢᠵᠠᠮ ᠳᠤ ᠪᠠᠨ ᠲᠦᠷᠭᠡᠨ ᠣᠷᠣᠵᠤ᠂ | ᠲᠤᠭ᠎ᠠ ᠪᠦᠷᠢᠳᠬᠡᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | | ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠦᠳᠲᠡᠷ ᠲᠦᠷᠭᠡᠨ ᠰᠡᠳᠬᠢᠯ ᠰᠠᠨᠠᠭ᠎ᠠ ᠪᠠᠨ ᠬᠤᠷᠢᠶᠠᠬᠤ ᠬᠡᠷᠡᠭᠲᠡᠶ᠃ ᠪᠥᠬᠦ ᠲᠠᠯ᠎ᠠ ᠶᠢᠨ | ᠳᠡᠭᠡᠳᠦ ᠳᠣᠤᠷᠠᠳᠤ ᠱᠠᠲᠤᠨ ᠤ ᠬᠢᠨ ᠠᠵᠢᠯ ᠤᠨ ᠣᠪᠣᠷ ᠢᠶᠠᠨ ᠲᠥᠪ ᠪᠣᠯᠭᠠᠵᠤ᠂ ᠴᠤ᠋ ᠰᠢᠨ᠎ᠡ ᠣᠶᠤᠨ ᠰᠠᠨᠠᠭᠠᠨ ᠤ ᠳᠦᠷᠰᠦ ᠪᠠᠶᠢᠳᠠᠯ ᠪᠠ ᠣᠷᠭᠢᠯᠤᠮ᠎ᠠ ᠬᠠᠯᠠᠭᠤᠨ ᠠᠵᠢᠯ ᠤᠨ | ᠬᠠᠯᠠᠭᠤᠨ ᠰᠡᠳᠬᠢᠯᠭᠡ ᠪᠠᠷ ᠰᠢᠨ᠎ᠡ ᠨᠢᠭᠡ ᠵᠢᠯ ᠤᠨ ᠠᠵᠢᠯ ᠢᠶᠠᠨ ᠤᠭᠲᠤᠵᠤ᠂ ᠪᠠᠶᠠᠷ ᠤᠨ ᠡᠳᠦᠷ ᠤᠨ ᠳᠠᠷᠠᠭᠠᠬᠢ ᠠᠵᠢᠯ ᠢ ᠦᠳᠲᠡᠷ ᠲᠦᠷᠭᠡᠨ ᠵᠥᠪ ᠵᠠᠮ ᠳᠤ ᠨᠢ ᠣᠷᠣᠭᠤᠯᠵᠤ᠂ | ᠪᠠᠶ᠋ᠬᠠᠣᠪᠤᠭ᠎ᠠ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠭᠤᠤᠯ ᠱᠤᠭᠤᠮ ᠤᠨ ᠲᠣᠭᠤᠷᠢᠨ ᠳᠤ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ | ᠬᠠᠮᠵᠢᠯᠴᠠᠨ ᠬᠠᠮᠵᠢᠯᠴᠠᠵᠤ᠂ ᠦᠨᠡᠨ ᠬᠦ ᠠᠳᠬᠤᠨ ᠪᠣᠳᠠᠲᠠᠶ ᠠᠵᠢᠯᠯᠠᠬᠤ ᠪᠠᠷ ᠰᠢᠨ᠎ᠡ ᠵᠢᠯ ᠤᠨ ᠰᠢᠨ᠎ᠡ ᠬᠠᠭᠤᠳᠠᠰᠤ ᠶᠢ ᠨᠡᠭᠡᠭᠡᠬᠦ ᠬᠡᠷᠡᠭᠲᠡᠶ᠃ ᠬᠤᠶᠠᠷ ᠲᠤ᠂ ᠠᠵᠢᠯ ᠤᠨ | ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠡᠬᠢᠯᠡᠭᠦᠯᠬᠦ ᠬᠡᠷᠡᠭᠲᠡᠢ᠃ ︽ᠰᠠᠶᠢᠨ ᠡᠬᠢᠯᠡᠯᠲᠡ︾ ᠶᠢᠨ ᠬᠠᠷᠠᠯᠲᠠ ᠶᠢᠨ | ᠲᠣᠭᠤᠷᠢᠨ ᠳᠤ ᠱᠠᠯᠠᠪᠳᠠᠨ ᠬᠦᠴᠦᠯᠡᠵᠦ᠂ ᠭᠤᠣᠯᠳᠠᠯᠭ᠎ᠠ ᠪᠣᠯᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠲᠤᠰᠬᠠᠢ ᠮᠡᠷᠭᠡᠵᠢᠯ ᠤᠨ ᠠᠵᠢᠯᠲᠠᠳ ᠠᠵᠢᠯ ᠤᠨ | ᠰᠡᠳᠬᠢᠴᠡ ᠪᠠᠨ ᠲᠣᠳᠣᠷᠬᠠᠢ ᠪᠣᠯᠭᠠᠵᠤ᠂ ᠪᠦᠬᠦ ᠵᠢᠯ ᠤᠨ ᠠᠵᠢᠯ ᠤᠨ ᠲᠥᠯᠥᠪᠵᠢᠭᠦᠯᠭᠡ ᠪᠠᠨ ᠲᠣᠭᠲᠠᠭᠠᠵᠤ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠡᠯᠡᠳᠬᠡᠵᠦ᠂ | ᠡᠷᠲᠡ ᠠᠴᠠ ᠪᠠᠶᠢᠷᠢᠯᠠᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠥᠨᠳᠥᠷ ᠪᠦᠲᠦᠮᠵᠢᠲᠡᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠭᠤᠷᠪᠠ ᠳᠤ᠂ | ᠠᠵᠢᠯ ᠤᠨ ᠴᠢᠭᠯᠡᠯ ᠢᠶᠠᠨ ᠲᠣᠳᠣᠷᠬᠠᠶᠢᠯᠠᠵᠤ᠂ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠬᠠᠮᠢᠶ᠎ᠠ ᠪᠦᠬᠦᠢ ᠲᠤᠰᠬᠠᠢ ᠮᠡᠷᠭᠡᠵᠢᠯ ᠨᠢ ᠣᠨ ᠤ | ᠲᠤᠰᠬᠠᠢ ᠮᠡᠷᠭᠡᠵᠢᠯ ᠤᠨ ᠠᠵᠢᠯ ᠤᠨ ᠣᠨ ᠤ ᠮᠡᠳᠡᠭᠦᠯᠦᠯᠲᠡ ᠶᠢᠨ ᠬᠤᠷᠠᠯ ᠢ ᠨᠠᠷᠢᠨ ᠬᠢᠨᠠᠮᠠᠭᠠᠢ ᠥᠷᠨᠢᠭᠦᠯᠵᠦ᠂ ᠠᠵᠢᠯ ᠤᠨ ᠪᠠᠭᠤᠷᠠᠢ ᠭᠤᠭᠴᠤᠭ᠎ᠠ ᠶᠢ ᠨᠠᠷᠢᠨ ᠬᠢᠨᠠᠮᠠᠭᠠᠢ ᠡᠷᠢᠵᠦ᠂ | ᠠᠰᠠᠭᠤᠳᠠᠯ ᠢ ᠰᠢᠢᠳᠪᠦᠷᠢᠯᠡᠬᠦ ᠰᠢᠨ᠎ᠡ ᠠᠷᠭ᠎ᠠ ᠵᠠᠮ ᠢᠶᠠᠨ ᠲᠠᠰᠤᠷᠠᠯᠲᠠ ᠦᠭᠡᠢ ᠰᠢᠨᠡᠴᠢᠯᠡᠵᠦ᠂ ᠲᠤᠭ᠎ᠠ ᠪᠦᠷᠢᠳᠬᠡᠯ ᠤᠨ ᠲᠦᠷᠢᠮ ᠤᠨ ᠠᠷᠭ᠎ᠠ ᠶᠢ ᠴᠢᠩᠭ᠎ᠠ ᠬᠡᠷᠡᠭᠵᠢᠭᠦᠯᠵᠦ᠂ | ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ︾ ᠶᠢ ᠪᠡᠶᠡᠯᠡᠭᠦᠯᠬᠦ ᠶᠢ ᠪᠠᠲᠤᠯᠠᠵᠤ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠠᠬᠤᠢ ᠶᠢᠨ ᠬᠥᠭᠵᠢᠯᠲᠡ ᠳᠤ ᠪᠠᠲᠤ | ᠪᠠᠬᠢ ᠲᠤᠭ᠎ᠠ ᠪᠦᠷᠢᠳᠬᠡᠯ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠱᠠᠭᠠᠷᠳᠠᠪᠠ ᠃ | |