3 ᠳ᠋ᠤᠭᠠᠷ ᠰᠠᠷ᠎ᠠ ᠶᠢᠨ 1 ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠶᠤᠯ ᠦᠭᠡᠢ ᠦᠢᠯᠡᠳᠪᠦᠷᠢᠯᠡᠯ ᠤᠨ ᠵᠥᠪᠯᠡᠯ 2025 ᠣᠨ ᠤ ᠠᠵᠢᠯ ᠤᠨ ᠬᠤᠷᠠᠯ | ᠵᠢᠴᠢ ᠪᠦᠬᠦ ᠲᠤᠭᠤᠷᠢᠭ ᠤᠨ ᠠᠶᠤᠯ ᠦᠭᠡᠢ ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠢ | ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠹᠧᠩ ᠬᠦᠢ ᠱᠠ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ | ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠴᠧᠨ ᠫᠸᠢ ᠶᠤᠸᠠᠨ ᠬᠤᠷᠠᠯ ᠢ ᠡᠷᠬᠢᠯᠡᠵᠦ᠂ | ᠵᠠᠰᠠᠭ ᠤᠨ ᠣᠷᠳᠣᠨ ᠤ ᠤᠳᠤᠷᠢᠳᠬᠤ ᠪᠠᠭ ᠤᠨ ᠭᠡᠰᠢᠭᠦᠨ ᠣᠷᠣᠯᠴᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 2 ᠳ᠋ᠤᠭᠠᠷ ᠰᠠᠷ᠎ᠠ ᠶᠢᠨ 8 ᠤ ᠡᠳᠦᠷ ᠰᠧᠴᠤᠸᠠᠨ ᠮᠤᠵᠢ ᠶᠢᠨ ᠢ ᠪᠢᠨ ᠬᠤᠳᠠ ᠶᠢᠨ ᠶᠦᠨ ᠯᠢᠶᠠᠨ ᠰᠢᠶᠠᠨ ᠤ ᠠᠭᠤᠯᠠ | ᠶᠡᠭᠦᠷᠡᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠰᠠᠶᠢᠳ ᠯᠢ ᠴᠢᠶᠠᠩ ᠤᠨ ᠴᠣᠬᠤᠯᠠᠪᠤᠷᠢ ᠶᠢᠨ ᠵᠣᠷᠢᠭ ᠰᠠᠨᠠᠭ᠎ᠠ᠂ ᠪᠦᠬᠦ ᠤᠯᠤᠰ ᠤᠨ ᠠᠶᠤᠯ ᠦᠭᠡᠢ | ᠦᠢᠯᠡᠳᠪᠦᠷᠢᠯᠡᠯ ᠪᠣᠯᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠸᠢᠳᠢᠣ᠋ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ | ᠠᠶᠤᠯ ᠦᠭᠡᠢ ᠦᠢᠯᠡᠳᠪᠦᠷᠢᠯᠡᠯ ᠤᠨ ᠵᠥᠪᠯᠡᠯ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠥᠪᠯᠡᠯ ᠤᠨ 2025 ᠣᠨ ᠤ ᠠᠩᠬᠠᠳᠤᠭᠠᠷ | ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠣᠭᠤᠷᠢᠭ ᠤᠨ 2025 ᠣᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ | ᠤᠨᠲᠠᠷᠠᠭᠠᠬᠤ ᠪᠠ ᠠᠶᠤᠯ ᠦᠭᠡᠢ ᠦᠢᠯᠡᠳᠪᠦᠷᠢᠯᠡᠯ ᠤᠨ ᠭᠤᠣᠯᠳᠠᠯᠭ᠎ᠠ ᠪᠣᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ | ᠠᠶᠤᠯ ᠦᠭᠡᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ | ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠴᠠᠭ | ᠢᠮᠠᠭᠲᠠ ᠰᠡᠳᠬᠢᠯ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠠᠶᠤᠯ ᠦᠭᠡᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ | ᠭᠠᠮᠰᠢᠭ ᠠᠴᠠ ᠠᠪᠤᠷᠠᠬᠤ ᠠᠵᠢᠯ ᠢ ᠪᠣᠳᠠᠲᠠᠢ ᠰᠠᠶᠢᠲᠤᠷ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠰᠠᠶᠢᠲᠤᠷ | ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ | ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ | ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠠᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ | ᠪᠣᠯᠣᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠦᠨᠡᠨ ᠬᠦ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠭᠠᠷ ᠲᠠᠭᠠᠨ | ᠠᠳᠬᠤᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠪᠣᠯᠣᠨ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠤᠣᠯᠳᠠᠯᠭ᠎ᠠ ᠪᠣᠯᠬᠤ ᠠᠵᠢᠯ ᠲᠦᠷᠦᠯ ᠤᠨ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ | ᠲᠦᠷᠦᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠭᠤᠣᠯᠳᠠᠯᠭ᠎ᠠ ᠶᠢ ᠳᠤᠪᠤᠶᠢᠯᠭᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ | ᠭᠦᠨᠵᠡᠭᠡᠢ ᠥᠷᠨᠢᠭᠦᠯᠵᠦ᠂ ᠠᠶᠤᠯ ᠦᠭᠡᠢ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ᠂ ᠬᠦᠨᠳᠦ ᠶᠡᠭᠡ ᠠᠮᠤᠷ | ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠤᠨ ᠭᠡᠮ ᠰᠣᠭᠤᠭ ᠤᠨ ᠴᠡᠭ ᠢ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠤᠢ ᠰᠢᠭᠤᠢ ᠶᠢᠨ ᠭᠠᠯ ᠰᠡᠷᠭᠡᠶᠢᠯᠡᠬᠦ ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠵᠠᠮ ᠬᠠᠷᠢᠯᠴᠠᠭᠠᠨ ᠤ | ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ | ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠬᠤ | ᠤᠬᠠᠮᠰᠠᠷ ᠢᠶᠠᠨ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ ᠢ ᠰᠠᠶᠢᠲᠤᠷ ᠬᠢᠵᠦ᠂ ᠵᠢᠵᠢᠭᠦᠷᠯᠡᠨ ᠰᠠᠬᠢᠬᠤ ᠰᠠᠬᠢᠯᠭ᠎ᠠ | ᠪᠠᠲᠤ ᠶᠢ ᠴᠢᠩᠭ᠎ᠠ ᠵᠢᠷᠤᠮᠯᠠᠨ᠂ ᠭᠤᠤᠯᠳᠠᠯᠭ᠎ᠠ ᠲᠠᠢ ᠴᠠᠭ᠂ ᠭᠤᠤᠯᠳᠠᠯᠭ᠎ᠠ ᠲᠠᠢ ᠠᠵᠢᠯᠯᠠᠭ᠎ᠠ ᠶᠢᠨ ᠤᠳᠤᠷᠢᠳᠤᠯᠭ᠎ᠠ ᠠᠵᠢᠯ ᠤᠨ ᠪᠠᠶᠢᠷᠢ ᠳᠠᠭᠠᠨ ᠵᠢᠵᠢᠭᠦᠷᠯᠡᠬᠦ ᠪᠠ | ᠵᠢᠵᠢᠭᠦᠷᠯᠡᠭᠴᠢ ᠶᠢᠨ 24 ᠴᠠᠭ ᠢᠶᠠᠷ ᠠᠵᠢᠯ ᠤᠨ ᠪᠠᠶᠢᠷᠢ ᠳᠤ ᠵᠢᠵᠢᠭᠦᠷᠯᠡᠬᠦ ᠰᠠᠬᠢᠯᠭ᠎ᠠ ᠪᠠᠲᠤ ᠶᠢ ᠨᠠᠶᠢᠳᠠᠪᠤᠷᠢᠵᠢᠭᠤᠯᠵᠤ᠂ ᠵᠢᠵᠢᠭᠦᠷᠯᠡᠨ ᠰᠠᠬᠢᠬᠤ ᠬᠦᠴᠦᠨ ᠢ | ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ︔ ᠵᠢᠵᠢᠭᠦᠷᠯᠡᠨ ᠰᠠᠬᠢᠬᠤ ᠬᠥᠮᠦᠰ ᠤᠨ ᠲᠦᠭᠰᠢᠭᠦᠷᠢ ᠶᠢ ᠰᠤᠳᠤᠯᠤᠨ ᠮᠠᠭᠠᠳᠯᠠᠬᠤ ᠴᠢᠳᠠᠪᠤᠷᠢ ᠪᠠ ᠪᠠᠴᠢᠮ ᠮᠡᠳᠡᠭᠡ | ᠵᠠᠩᠭᠢ ᠶᠢ ᠮᠡᠳᠡᠭᠦᠯᠦᠨ ᠬᠦᠷᠭᠡᠬᠦ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠪᠠᠴᠢᠮ ᠮᠡᠳᠡᠭᠡ ᠵᠠᠩᠭᠢ ᠶᠢ ᠴᠠᠭ ᠲᠤᠬᠠᠶ ᠳᠤᠨᠢ ᠣᠨᠣᠪᠴᠢᠲᠠᠶ ᠳᠠᠮᠵᠢᠭᠤᠯᠬᠤ ᠶᠢ ᠦᠨᠡᠨ ᠬᠦ | ᠪᠠᠲᠤᠯᠠᠬᠤ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ᠂ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ ᠨᠥᠭᠡᠴᠡᠯᠡᠬᠦ ᠶᠢ ᠰᠠᠶᠢᠲᠤᠷ ᠬᠢᠵᠦ᠂ | ᠭᠡᠨᠡᠳᠲᠡ ᠶᠢᠨ ᠬᠡᠷᠡᠭ ᠡᠭᠦᠰᠬᠦ ᠦᠶ᠎ᠡ ᠳᠤ ᠲᠦᠷᠭᠡᠨ ᠠᠷᠭᠠᠴᠠᠭᠠᠵᠤ᠂ ᠲᠣᠬᠢᠲᠠᠶ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | |