ᠬᠤᠲᠠ ᠶᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢ ᠦᠨᠡᠨ ᠬᠦ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠦᠢᠯᠡ ᠠᠵᠢᠯᠯᠠᠭ᠎ᠠ ᠶᠢ | ᠤᠯᠠᠮ ᠨᠢᠭᠡ ᠠᠯᠬᠤᠮ ᠵᠢᠷᠤᠮᠵᠢᠭᠤᠯᠤᠨ᠂ ᠬᠤᠲᠠ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠬᠠᠮᠠᠭᠠᠯᠠᠬᠤ ᠶᠢᠨ ᠲᠤᠰᠠᠳᠠ᠂ ︽ᠪᠤᠭᠤᠲᠤ ᠬᠤᠲᠠ ᠶᠢᠨ ᠪᠠᠷᠢᠯᠭ᠎ᠠ ᠶᠢᠨ ᠬᠤᠭ | ᠨᠣᠪᠰᠢ ᠶᠢᠨ ᠬᠠᠮᠢᠶᠠᠷᠤᠯᠲᠠ ᠶᠢᠨ ᠳᠦᠷᠢᠮ︾᠂ ︽ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠲᠡᠷᠭᠡ | ᠬᠥᠰᠬᠡ ᠶᠢ ᠬᠠᠮᠲᠤᠷᠠᠨ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠵᠠᠷᠯᠠᠯ︾ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠡᠳᠦᠭᠡ | ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠤᠲᠠ ᠶᠢᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠨᠢᠭᠡᠴᠢ ᠵᠢᠴᠢ ᠲᠡᠷᠭᠡ ᠬᠥᠰᠬᠡ ᠶᠢ ᠬᠢᠨᠠᠨ | ᠬᠠᠷᠭᠤᠭᠤᠯᠬᠤ ᠳᠤ ᠵᠥᠪᠰᠢᠶᠡᠷᠡᠨ ᠣᠷᠣᠭᠤᠯᠬᠤ ᠨᠥᠬᠦᠴᠡᠯ ᠢ ᠳᠣᠣᠷᠠᠬᠢ ᠮᠡᠲᠦ ᠵᠠᠷᠯᠠᠶ᠎ᠠ᠄ | ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠠᠷᠢᠶ᠎ᠠ ᠲᠣᠭᠤᠷᠢᠭ ᠤᠨ ᠪᠠᠷᠢᠯᠭ᠎ᠠ ᠶᠢᠨ | ᠬᠤᠭ ᠨᠣᠪᠰᠢ ᠲᠡᠭᠡᠭᠡᠪᠦᠷᠢᠯᠡᠬᠦ ᠠᠵᠤ ᠠᠬᠤᠶᠢᠯᠠᠯ ᠵᠢᠴᠢ ᠲᠡᠷᠭᠡ ᠬᠥᠰᠬᠡ ᠳᠤ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠪᠠ ᠪᠤᠴᠠᠭᠠᠨ ᠭᠠᠷᠭᠠᠬᠤ ᠲᠦᠷᠢᠮ ᠢ | ᠬᠡᠷᠡᠭᠵᠢᠭᠦᠯᠦᠨ᠎ᠡ᠃ ᠬᠤᠪᠢ ᠬᠥᠮᠦᠨ ᠪᠤᠶᠤ ᠲᠡᠭᠡᠭᠡᠪᠦᠷᠢ ᠶᠢᠨ ᠠᠵᠤ ᠠᠬᠤᠶᠢᠯᠠᠯ ᠳᠤ ᠵᠥᠪᠰᠢᠶᠡᠷᠡᠨ ᠣᠷᠣᠭᠤᠯᠬᠤ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠦᠭᠡᠶ ᠠᠵᠤ | ᠠᠬᠤᠶᠢᠯᠠᠯ ᠵᠢᠴᠢ ᠲᠡᠷᠭᠡ ᠬᠥᠰᠬᠡ ᠪᠦᠬᠦᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠵᠦ ᠪᠣᠯᠬᠤ ᠦᠭᠡᠶ᠃ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠨᠢ᠂ ᠲᠣᠰ ᠵᠠᠷᠯᠠᠯ ᠢ | ᠪᠠᠭᠤᠯᠭᠠᠭᠰᠠᠨ ᠡᠳᠦᠷ ᠠᠴᠠ ᠡᠬᠢᠯᠡᠨ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠳᠤ ᠭᠤᠶᠤᠴᠢᠯᠠᠯ ᠭᠠᠷᠭᠠᠵᠤ᠂ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠭᠰᠠᠨ ᠤ ᠳᠠᠷᠠᠭ᠎ᠠ ᠰᠠᠶ᠋ᠢ ᠪᠠᠷᠢᠯᠭ᠎ᠠ ᠶᠢᠨ ᠬᠤᠭ | ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠬᠢᠵᠦ ᠪᠣᠯᠤᠨ᠎ᠠ᠃ | ᠨᠢᠭᠡ᠂ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠭᠰᠠᠨ ᠠᠵᠤ ᠠᠬᠤᠶᠢᠯᠠᠯ ᠵᠢᠴᠢ ᠲᠡᠷᠭᠡ ᠬᠥᠰᠬᠡ ᠨᠢ ᠡᠷᠬᠡᠪᠰᠢ ᠳᠣᠤᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠶ᠄ | ︵ᠨᠢᠭᠡ︶ ᠲᠡᠭᠡᠭᠡᠪᠦᠷᠢ ᠶᠢᠨ ᠪᠠᠶᠢᠭᠤᠯᠭ᠎ᠠ ᠨᠢᠬᠡᠴᠢ ᠡᠷᠬᠡᠪᠰᠢ ︽ᠡᠵᠡᠩᠨᠡᠯᠲᠡ ᠶᠢᠨ ᠦᠨᠡᠮᠯᠡᠯ︾ ᠲᠠᠢ ᠪᠠᠶᠢᠬᠤ ᠬᠡᠷᠡᠭᠲᠡᠢ᠂ ᠲᠣᠭᠳᠠᠭᠰᠠᠨ ᠠᠵᠢᠯᠯᠠᠬᠤ ᠭᠠᠵᠠᠷ᠂ ᠬᠠᠷᠢᠴᠠᠩᠭᠤᠢ | ᠲᠣᠭᠳᠠᠭᠰᠠᠨ ᠲᠡᠭᠡᠭᠡᠪᠦᠷᠢ ᠶᠢᠨ ᠲᠡᠷᠭᠡ ᠵᠣᠭᠰᠣᠭᠠᠬᠤ ᠭᠠᠵᠠᠷ ᠪᠠᠶᠢᠬᠤ ᠬᠡᠷᠡᠭᠲᠡᠢ︔ ᠪᠦᠷᠢᠨ ᠲᠥᠭᠦᠷ ᠲᠡᠭᠡᠭᠡᠪᠦᠷᠢ ᠶᠢᠨ ᠬᠠᠮᠢᠶᠠᠷᠤᠯᠲᠠ ᠶᠢᠨ ᠳᠦᠷᠢᠮ᠂ ᠲᠤᠬᠠᠢ ᠶᠢᠨ | ᠲᠠᠯᠠᠪᠠᠢ ᠶᠢᠨ ᠬᠠᠮᠢᠶᠠᠷᠤᠯᠲᠠ ᠶᠢᠨ ᠳᠦᠷᠢᠮ᠂ ᠡᠳᠦᠷ ᠳᠣᠲᠤᠮ ᠤᠨ ᠬᠠᠮᠢᠶᠠᠷᠤᠯᠲᠠ ᠶᠢᠨ ᠳᠦᠷᠢᠮ ᠪᠠᠶᠢᠬᠤ ᠬᠡᠷᠡᠭᠲᠡᠢ︔ | ︵ᠬᠤᠶᠠᠷ︶ ᠲᠡᠭᠡᠭᠡᠪᠦᠷᠢ ᠶᠢᠨ ᠲᠡᠷᠭᠡ ᠬᠥᠰᠬᠡ ᠡᠷᠬᠡᠪᠰᠢ ᠦᠨᠡᠮᠯᠡᠯ᠂ ᠭᠠᠷ ᠭᠦᠢᠴᠡᠳᠬᠡᠯ ᠨᠢ ᠪᠦᠷᠢᠨ ᠭᠦᠢᠴᠡᠳ ᠪᠠᠶᠢᠵᠤ᠂ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠴᠠᠭᠳᠠᠭ᠎ᠠ ᠶᠢᠨ ᠰᠠᠯᠠᠭ᠎ᠠ ᠮᠥᠴᠢᠷ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠪᠠᠶᠢᠵᠤ᠂ ᠬᠠᠤᠯᠢ ᠶᠣᠰᠣᠨ ᠤ ᠵᠠᠮ ᠲᠡᠭᠡᠭᠡᠪᠦᠷᠢ ᠶᠢᠨ ᠡᠵᠡᠩᠨᠡᠯᠲᠡ ᠶᠢᠨ | ᠵᠥᠪᠰᠢᠶᠡᠷᠡᠯ ᠤᠨ ᠦᠨᠡᠮᠯᠡᠯ ︵ᠲᠡᠷᠭᠡ ᠬᠥᠰᠬᠡ 4.5 ᠲᠣᠨ ᠠᠴᠠ ᠳᠡᠭᠡᠭᠰᠢ ᠳᠠᠭᠠᠭᠠᠨ᠎ᠠ︶᠂ ᠵᠠᠮᠨᠠᠬᠤ ᠦᠨᠡᠮᠯᠡᠯ ᠪᠠᠶᠢᠬᠤ ᠬᠡᠷᠡᠭᠲᠡᠢ︔ | ︵ᠭᠤᠷᠪᠠ︶ ᠲᠡᠭᠡᠭᠡᠪᠦᠷᠢ ᠶᠢᠨ ᠲᠡᠷᠭᠡ ᠬᠥᠰᠬᠡ ᠶᠢᠨ ᠬᠠᠶᠢᠷᠴᠠᠭ ᠨᠢᠭᠲᠠ ᠪᠢᠲᠡᠭᠦᠮᠵᠢᠯᠡᠬᠦ ᠲᠣᠨᠣᠭᠯᠠᠯ ᠲᠠᠢ ᠪᠠᠶᠢᠬᠤ ᠬᠡᠷᠡᠭᠲᠡᠢ︔ | ︵ᠲᠦᠷᠪᠡ︶ ᠬᠤᠶᠠᠷ ᠠᠴᠠ ᠲᠤᠲᠠᠭᠤ ᠦᠭᠡᠢ ᠬᠡᠪᠴᠢᠶ᠎ᠡ ᠲᠠᠢ ᠪᠦᠭᠡᠳ ᠬᠠᠮᠢᠶ᠎ᠠ ᠪᠥᠬᠦᠶ ᠪᠠᠷᠢᠮᠵᠢᠶ᠎ᠠ ᠳᠤ ᠨᠡᠶᠢᠴᠡᠬᠦ ᠬᠤᠭ ᠰᠢᠷᠣᠶ ᠶᠢᠨ ᠲᠡᠭᠡᠭᠡᠪᠦᠷᠢ ᠶᠢᠨ ᠲᠡᠷᠭᠡ ᠬᠥᠰᠬᠡ | ᠪᠠᠶᠢᠬᠤ ᠬᠡᠷᠡᠭᠲᠡᠶ︔ ᠲᠡᠷᠭᠡ ᠬᠥᠰᠬᠡ ᠲᠡᠭᠡᠭᠡᠪᠦᠷᠢ ᠶᠢᠨ ᠪᠠᠷᠢᠯᠭ᠎ᠠ ᠶᠢᠨ ᠬᠤᠭ ᠨᠣᠪᠰᠢ ᠶᠢᠨ ᠵᠢᠷᠤᠭ ᠢ ᠰᠦᠷᠴᠢᠨ ᠰᠢᠷᠳᠡᠬᠦ ᠬᠡᠷᠡᠭᠲᠡᠶ᠂ ᠲᠡᠷᠭᠡᠨ ᠤ ᠡᠭᠦᠳᠡᠨ ᠤ ᠬᠤᠶᠠᠷ ᠲᠠᠯ᠎ᠠ ᠪᠠᠷ | ᠠᠵᠤ ᠠᠬᠤᠶᠢᠯᠠᠯ ᠤᠨ ᠨᠡᠷᠡᠶᠢᠳᠦᠯ᠂ ᠳ᠋ᠤᠭᠠᠷᠯᠠᠯ ᠬᠠᠳᠠᠬᠤ ᠪᠥᠭᠡᠳ ᠬᠥᠳᠡᠯᠭᠡᠭᠦᠷ ᠤᠨ ᠬᠠᠪᠬᠠᠭᠠᠰᠤ ᠶᠢᠨ ᠡᠮᠦᠨ᠎ᠡ ᠲᠠᠯ᠎ᠠ ᠳᠤ ᠨᠢᠭᠡᠴᠢ ᠶᠢᠨ ᠳᠥᠭᠦᠮ ᠨᠡᠷᠡᠶᠢᠳᠦᠯ ᠢ ᠪᠢᠴᠢᠵᠦ᠂ | ᠲᠡᠭᠡᠭᠡᠪᠦᠷᠢ ᠶᠢᠨ ᠲᠡᠷᠭᠡ ᠬᠥᠰᠬᠡ ᠶᠢᠨ ᠡᠮᠦᠨ᠎ᠡ ᠲᠠᠯ᠎ᠠ ᠶᠢᠨ ᠨᠣᠮᠧᠷ ᠤᠨ ᠫᠠᠶᠢᠰᠠ᠂ ᠠᠷᠤ ᠲᠠᠯ᠎ᠠ ᠶᠢᠨ ᠬᠠᠯᠬᠠᠪᠴᠢ ᠬᠠᠪᠲᠠᠰᠤ ᠪᠠ ᠡᠭᠦᠳᠡᠨ ᠰᠦᠯᠳᠡ ᠨᠢ ᠪᠦᠷᠢᠨ ᠲᠣᠳᠣᠷᠬᠠᠶ | ᠪᠠᠶᠢᠬᠤ ᠬᠡᠷᠡᠭᠲᠡᠶ᠃ | ︵ᠲᠠᠪᠤ︶ ᠨᠥᠬᠦᠴᠡᠯ ᠳᠤ ᠨᠡᠶᠢᠴᠡᠬᠦ ᠵᠢᠯᠣᠭᠤᠴᠢ ᠪᠠᠶᠢᠬᠤ ᠬᠡᠷᠡᠭᠲᠡᠢ᠃ | ᠬᠤᠶᠠᠷ᠂ ᠲᠡᠭᠡᠭᠡᠪᠦᠷᠢ ᠶᠢᠨ ᠨᠢᠭᠡᠴᠢ ᠵᠢᠴᠢ ᠲᠡᠷᠭᠡ ᠬᠥᠰᠬᠡ ᠶᠢ ᠬᠢᠨᠠᠨ ᠬᠠᠷᠭᠤᠭᠤᠯᠵᠤ ᠵᠥᠪᠰᠢᠶᠡᠷᠡᠨ ᠣᠷᠣᠭᠤᠯᠬᠤ ᠳᠤ ᠲᠤᠰᠢᠶᠠᠬᠤ ᠮᠠᠲ᠋ᠧᠷᠢᠶᠠᠯ ᠤᠨ ᠱᠠᠭᠠᠷᠳᠠᠯᠭ᠎ᠠ | ︵ᠨᠢᠭᠡ︶ ᠲᠣᠰ ᠠᠵᠤ ᠠᠬᠤᠶᠢᠯᠠᠯ ᠤᠨ ᠠᠯᠪᠠᠨ ᠲᠠᠮᠠᠭ᠎ᠠ ᠶᠢ ᠳᠠᠷᠤᠭᠰᠠᠨ ︽ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠨᠢᠭᠡᠴᠢ ᠶᠢᠨ ᠲᠡᠷᠭᠡ ᠬᠥᠰᠬᠡ ᠶᠢ ᠬᠢᠨᠠᠨ | ᠬᠠᠷᠭᠤᠭᠤᠯᠬᠤ ᠳᠤ ᠵᠥᠪᠰᠢᠶᠡᠷᠡᠨ ᠣᠷᠣᠭᠤᠯᠬᠤ ᠭᠤᠶᠤᠴᠢᠯᠠᠯ ᠤᠨ ᠬᠦᠰᠦᠨᠦᠭᠲᠦ︾᠃ ︵ᠬᠤᠶᠠᠷ︶ ︽ᠡᠵᠡᠩᠨᠡᠯᠲᠡ ᠶᠢᠨ ᠦᠨᠡᠮᠯᠡᠯ︾ ᠪᠣᠯᠤᠨ ︽ᠵᠠᠮ ᠲᠡᠭᠡᠭᠡᠪᠦᠷᠢ ᠶᠢᠨ | ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ︾ ︵ᠤᠭ ᠮᠠᠲ᠋ᠧᠷᠢᠶᠠᠯ ᠢ ᠰᠢᠯᠭᠠᠨ ᠪᠠᠶᠢᠴᠠᠭᠠᠵᠤ᠂ ᠬᠠᠭᠤᠯᠪᠤᠷᠢ ᠶᠢ ᠦᠯᠡᠳᠡᠭᠡᠨ᠎ᠡ︶᠃ ︵ᠭᠤᠷᠪᠠ︶ ᠲᠡᠭᠡᠭᠡᠪᠦᠷᠢ ᠶᠢᠨ ᠲᠡᠷᠭᠡ | ᠬᠥᠰᠬᠡ ᠶᠢᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠳᠦᠷᠢᠮ᠃ ︵ᠳᠥᠷᠪᠡ︶ ᠲᠡᠭᠡᠭᠡᠪᠦᠷᠢ ᠶᠢᠨ ᠨᠢᠭᠡᠴᠢ ᠶᠢᠨ ᠬᠠᠷᠢᠶ᠎ᠠ ᠪᠦᠬᠦᠢ ᠲᠡᠷᠭᠡ ᠬᠥᠰᠬᠡ ᠶᠢᠨ | ᠵᠢᠯᠣᠭᠤᠴᠢ ᠶᠢᠨ ᠮᠡᠳᠡᠭᠡ ᠵᠠᠩᠭᠢ ᠶᠢᠨ ᠬᠤᠷᠢᠶᠠᠩᠭᠤᠶ ᠬᠦᠰᠦᠨᠦᠭᠲᠦ᠃ ︵ᠲᠠᠪᠤ︶ ᠬᠠᠷᠢᠶ᠎ᠠ ᠪᠦᠬᠦᠢ ᠲᠡᠷᠭᠡ ᠬᠥᠰᠬᠡ ᠶᠢᠨ ᠵᠠᠮᠨᠠᠬᠤ ᠦᠨᠡᠮᠯᠡᠯ᠂ ᠲᠡᠷᠭᠡᠨ ᠤ ᠡᠵᠡᠨ ᠤ ᠪᠡᠶ᠎ᠡ ᠶᠢᠨ | ᠦᠨᠡᠮᠯᠡᠯ᠂ ᠮᠠᠰᠢᠨᠲᠤ ᠲᠡᠷᠭᠡ ᠵᠢᠯᠣᠭᠤᠳᠬᠤ ᠦᠨᠡᠮᠯᠡᠯ᠂ ᠵᠠᠮ ᠲᠡᠭᠡᠭᠡᠪᠦᠷᠢ ᠶᠢᠨ ᠠᠵᠢᠯ ᠡᠷᠬᠢᠯᠡᠬᠦ ᠬᠢᠷᠢ ᠭᠡᠮ ᠤᠨ ᠦᠨᠡᠮᠯᠡᠯ ︵ᠤᠭ ᠮᠠᠲ᠋ᠧᠷᠢᠶᠠᠯ ᠢ ᠰᠢᠯᠭᠠᠨ ᠪᠠᠶᠢᠴᠠᠭᠠᠵᠤ᠂ | ᠬᠠᠭᠤᠯᠪᠤᠷᠢ ᠪᠠᠨ ᠦᠯᠡᠳᠡᠭᠡᠨ᠎ᠡ︶᠃ ︵ᠵᠢᠷᠭᠤᠭ᠎ᠠ︶ ᠲᠡᠷᠭᠡ ᠬᠥᠰᠬᠡ ᠶᠢᠨ ᠣᠨ ᠤ ᠰᠢᠯᠭᠠᠨ ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠬᠢᠭᠡᠳ ᠮᠠᠰᠢᠨᠲᠤ ᠲᠡᠷᠭᠡᠨ ᠤ ᠵᠠᠮ | ᠬᠠᠷᠢᠯᠴᠠᠭᠠᠨ ᠤ ᠠᠳᠡᠯ ᠤᠨ ᠬᠠᠷᠢᠭᠤᠴᠠᠯᠭ᠎ᠠ ᠶᠢᠨ ᠠᠯᠪᠠᠳᠠᠯᠭᠠᠲᠤ ᠳᠠᠭᠠᠳᠬᠠᠯ ︵ᠠᠯᠪᠠᠳᠠᠯᠭ᠎ᠠ ᠶᠢᠨ ᠳᠠᠭᠠᠳᠬᠠᠯ ᠭᠡᠵᠦ ᠲᠣᠪᠴᠢᠯᠠᠨ᠎ᠠ︶ ᠤᠨ ᠭᠡᠷᠡᠴᠢ ︵ᠤᠭ ᠮᠠᠲ᠋ᠧᠷᠢᠶᠠᠯ ᠢ | ᠰᠢᠯᠭᠠᠨ ᠪᠠᠶᠢᠴᠠᠭᠠᠵᠤ᠂ ᠬᠠᠭᠤᠯᠪᠤᠷᠢ ᠶᠢ ᠦᠯᠡᠳᠡᠭᠡᠨ᠎ᠡ︶᠃ | ᠭᠤᠷᠪᠠ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠪᠠ | ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠪᠠᠷᠢᠯᠭ᠎ᠠ ᠶᠢᠨ ᠬᠤᠭ ᠨᠣᠪᠰᠢ ᠶᠢᠨ ᠬᠠᠮᠢᠶᠠᠷᠤᠯᠲᠠ ᠶᠢᠨ | ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠪᠣᠯᠤᠭᠰᠠᠨ ᠤ ᠬᠤᠪᠢ ᠳᠤ᠂ ᠪᠦᠬᠦ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠨᠢᠭᠡᠴᠢ ᠵᠢᠴᠢ ᠲᠡᠷᠭᠡ ᠬᠥᠰᠬᠡ ᠶᠢ | ᠬᠢᠨᠠᠨ ᠬᠠᠷᠭᠤᠭᠤᠯᠵᠤ ᠵᠥᠪᠰᠢᠶᠡᠷᠡᠨ ᠣᠷᠣᠭᠤᠯᠬᠤ ᠵᠡᠷᠭᠡ ᠠᠵᠢᠯ ᠢ ᠬᠠᠷᠢᠭᠤᠴᠠᠵᠤ᠂ ᠪᠥᠬᠦ ᠲᠣᠭᠤᠷᠢᠭ ᠤᠨ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠨᠢᠭᠡᠴᠢ ᠵᠢᠴᠢ ᠲᠡᠷᠭᠡ | ᠬᠥᠰᠬᠡ ᠳᠤ ᠡᠳᠦᠷ ᠲᠤᠲᠤᠮ ᠤᠨ ᠬᠢᠨᠠᠨ ᠰᠢᠯᠭᠠᠯᠲᠠ ᠬᠢᠬᠦ ᠶᠢ ᠬᠠᠷᠢᠭᠤᠴᠠᠨ᠎ᠠ︔ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠨᠢᠭᠡᠴᠢ ᠵᠢᠴᠢ ᠲᠡᠷᠭᠡ ᠬᠥᠰᠬᠡ ᠶᠢ | ᠭᠤᠭᠤᠵᠢᠭᠤᠯᠬᠤ᠂ ᠳᠤᠷ᠎ᠠ ᠪᠠᠷ ᠢᠶᠠᠨ ᠬᠠᠶᠠᠬᠤ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ︔ ᠲᠣᠭᠲᠠᠭᠠᠯ ᠠᠴᠠ ᠵᠥᠷᠢᠴᠡᠨ | ᠬᠤᠪᠢ ᠲᠡᠮᠳᠡᠭᠯᠡᠭᠰᠡᠨ ᠪᠠᠶᠢᠳᠠᠯ ᠢ ᠴᠤᠭᠯᠠᠭᠤᠯᠬᠤ ᠪᠠ ᠳᠡᠭᠡᠭᠰᠢ ᠮᠡᠳᠡᠭᠦᠯᠵᠦ᠂ ᠨᠥᠬᠦᠴᠡᠯ ᠳᠤ ᠨᠡᠶᠢᠴᠡᠬᠦ ᠲᠡᠷᠭᠡ ᠬᠥᠰᠬᠡ ᠳᠤ ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ | ᠲᠡᠷᠭᠡ ᠬᠥᠰᠬᠡ ᠶᠢᠨ ᠬᠤᠲᠠ ᠶᠢᠨ ᠪᠠᠶᠢᠭᠤᠯᠤᠯᠲᠠ ᠶᠢᠨ ᠫᠠᠶᠢᠰᠠ ᠣᠯᠭᠤᠨ᠎ᠠ᠃ | ᠪᠤᠭᠤᠲᠤ ᠬᠤᠲᠠ ᠶᠢᠨ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠣᠷᠣᠨ ᠰᠠᠭᠤᠴᠠ ᠶᠢᠨ ᠪᠦᠲᠦᠭᠡᠨ ᠪᠠᠢᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ | ᠪᠤᠭᠤᠲᠤ ᠬᠤᠲᠠ ᠶᠢᠨ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠤᠲᠠ ᠶᠢᠨ ᠬᠠᠮᠢᠶᠠᠷᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ | 2025 ᠣᠨ ᠤ 2 ᠳ᠋ᠤᠭᠠᠷ ᠰᠠᠷ᠎ᠠ ᠶᠢᠨ 26 ᠤ ᠡᠳᠦᠷ | | |