ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡᠨ ᠤ ᠪᠠᠷᠢᠮᠵᠢᠶᠠᠵᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ | 2025 ᠣᠨ ᠤ 3 ᠳ᠋ᠤᠭᠠᠷ ᠰᠠᠷ᠎ᠠ ᠶᠢᠨ 21 ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︽ᠰᠠᠭᠤᠷᠢ ᠶᠢ ᠴᠢᠩᠭᠠᠳᠬᠠᠨ ᠴᠢᠳᠠᠪᠤᠷᠢ ᠶᠢ ᠳᠡᠭᠡᠭᠰᠢᠯᠡᠭᠦᠯᠬᠦ︾ | ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ ᠂ ᠵᠣᠷᠢᠯᠭ᠎ᠠ ᠨᠢ ᠰᠢᠰᠲ᠋ᠧᠮᠵᠢᠭᠦᠯᠦᠭᠰᠡᠨ ᠪᠣᠯᠪᠠᠰᠤᠷᠠᠯ ᠢᠶᠠᠷ ᠳᠠᠮᠵᠢᠭᠤᠯᠤᠨ ᠭᠠᠷᠳᠠᠨ ᠭᠦᠢᠴᠡᠳᠬᠡᠬᠦ | ᠡᠩᠨᠡᠭᠡ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠬᠤ ᠶᠢᠨ ᠲᠥᠯᠥᠭᠡ ᠶᠤᠮ᠃ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ ᠰᠢᠤᠸᠠᠢ ᠶᠤᠸᠠᠢ ᠵᠥᠩ ᠪᠥᠬᠦ ᠶᠠᠪᠤᠴᠠ ᠶᠢ ᠬᠢᠨᠠᠨ ᠵᠢᠯᠣᠭᠤᠳᠬᠤ ᠲᠥᠪ ᠤᠨ ᠪᠥᠬᠦ ᠺᠠᠳ᠋ᠷ ᠠᠵᠢᠯᠲᠠᠨ ᠠᠵᠢᠯᠴᠢᠨ ᠣᠷᠣᠯᠴᠠᠵᠠᠶ᠃ | | | | | | | ᠪᠣᠯᠪᠠᠰᠤᠷᠠᠯ ᠤᠨ ᠬᠤᠷᠠᠯ ᠨᠢ ︽ᠲᠥᠷᠥ ᠶᠢᠨ ᠪᠣᠳᠣᠯᠭ᠎ᠠ ᠶᠢᠨ ᠲᠠᠶᠢᠯᠤᠮᠵᠢ + ᠴᠤᠪᠤᠷᠠᠯ ᠤᠨ ᠦᠵᠡᠭᠦᠯᠦᠯᠭᠡ + ᠠᠬᠤᠢ ᠪᠠᠶᠢᠳᠠᠯ ᠢ ᠳᠠᠭᠤᠷᠢᠶᠠᠬᠤ︾ ᠭᠤᠷᠪᠠᠨ ᠬᠡᠮᠵᠢᠯᠳᠦ | ᠵᠢᠭᠠᠨ ᠰᠤᠷᠭᠠᠯᠲᠠ ᠶᠢᠨ ᠵᠠᠭᠪᠤᠷ ᠢ ᠬᠡᠷᠡᠭᠯᠡᠨ ᠥᠷᠨᠢᠭᠦᠯᠪᠡ᠃ ︽ᠬᠡᠷᠡᠭ ᠤᠨ ᠵᠢᠱᠢᠶ᠎ᠡ ᠮᠠᠶ᠋ᠢᠭ ᠤᠨ ᠵᠢᠭᠠᠨ ᠰᠤᠷᠭᠠᠯᠲᠠ ︾ ᠪᠠᠷ ᠳᠠᠮᠵᠢᠨ ᠠᠵᠢᠯ ᠤᠯᠬᠤ ᠳᠤ ᠬᠦᠴᠢᠷᠲᠡᠶ | ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢᠨ ᠬᠥᠮᠦᠰ ᠤᠨ ᠬᠥᠳᠡᠯᠦᠩᠭᠦᠶ ᠬᠠᠮᠢᠶᠠᠷᠤᠯᠲᠠ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠶᠠᠰᠤ ᠴᠢᠨᠠᠷ ᠢ ᠬᠢᠨᠠᠨ ᠬᠠᠮᠢᠶᠠᠷᠬᠤ ᠵᠡᠷᠭᠡ ᠭᠤᠤᠯ ᠲᠤᠬᠠᠶᠢᠯᠠᠭᠰᠠᠨ | ᠠᠵᠢᠯ ᠤᠨ ᠵᠠᠭᠪᠤᠷ ᠢ ᠭᠦᠨᠵᠡᠭᠡᠶ ᠵᠠᠳᠠᠯᠵᠤ᠂ ︽ᠰᠢᠰᠲ᠋ᠧᠮ ᠤᠨ ᠪᠣᠳᠠᠲᠤ ᠪᠣᠯᠪᠠᠰᠤᠷᠠᠯ + ᠰᠢᠷᠡᠭᠡᠨ ᠨᠢᠭᠤᠷ ᠤᠨ ᠵᠦᠢᠴᠢᠯᠡᠯ ︾ ᠤᠨ ᠠᠷᠭ᠎ᠠ ᠮᠠᠶ᠋ᠢᠭ ᠢ ᠬᠡᠷᠡᠭᠯᠡᠨ ᠠᠵᠢᠯ | ᠠᠯᠳᠠᠯᠲᠠ ᠶᠢᠨ ᠳᠠᠭᠠᠳᠬᠠᠯ ᠤᠨ ᠮᠥᠩᠭᠦ ᠶᠢ ᠲᠠᠷᠬᠠᠭᠠᠬᠤ᠂ ᠠᠵᠢᠯ ᠠᠯᠳᠠᠯᠲᠠ ᠶᠢᠨ ᠳᠡᠩᠰᠡᠯᠡᠯᠲᠡ᠂ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠥᠷᠢ ᠵᠡᠷᠭᠡ ᠰᠦᠯᠵᠢᠶᠡᠨ | ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠪᠠ᠃ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠳᠤᠮᠳᠠᠬᠢ 10 ᠨᠡᠶᠢᠲᠡᠯᠢᠭ ᠠᠰᠠᠭᠤᠳᠠᠯ ᠳᠤ ᠴᠢᠭᠯᠡᠭᠦᠯᠦᠨ᠂ | ᠪᠣᠯᠪᠠᠰᠤᠷᠠᠯ ᠳᠤ ᠣᠷᠣᠯᠴᠠᠭᠰᠠᠳ ᠳᠤᠭᠤᠶᠢᠯᠠᠩ ᠬᠤᠪᠢᠶᠠᠨ ᠰᠤᠳᠤᠯᠤᠨ ᠶᠠᠷᠢᠯᠴᠠᠬᠤ᠂ ᠪᠠᠶᠢᠳᠠᠯ ᠢ ᠳᠠᠭᠤᠷᠢᠶᠠᠬᠤ ᠵᠡᠷᠭᠡ ᠠᠷᠭ᠎ᠠ ᠮᠠᠶ᠋ᠢᠭ ᠢᠶᠠᠷ ᠶᠠᠷᠢᠯᠴᠠᠭ᠎ᠠ ᠦᠷᠨᠢᠭᠦᠯᠬᠦ ᠪᠠᠷ | ᠳᠠᠮᠵᠢᠭᠤᠯᠤᠨ ᠂ ᠰᠢᠢᠳᠪᠦᠷᠢᠯᠡᠬᠦ ᠲᠥᠰᠦᠯ ᠢ ᠰᠤᠳᠤᠯᠪᠠ᠃ | | | | | | ᠳᠡᠳ᠋ ᠲᠣᠪᠴᠢᠶᠠᠨ ᠳᠠᠷᠤᠭ᠎ᠠ ᠰᠢᠤᠸᠠᠢ ᠶᠤᠸᠠᠢ ᠵᠥᠩ ᠪᠣᠯᠪᠠᠰᠤᠷᠠᠯ ᠤᠨ ᠳ᠋ᠦᠩᠨᠡᠯᠲᠡ ᠳᠡᠭᠡᠨ᠂ ︽ᠡᠳᠦᠷ ᠤᠨ ᠰᠤᠷᠤᠯᠭ᠎ᠠ ᠭᠠᠷᠠᠭ ᠤᠨ ᠰᠢᠯᠭᠠᠯᠲᠠ ᠰᠠᠷ᠎ᠠ ᠶᠢᠨ ᠦᠨᠡᠯᠡᠯᠲᠡ︾ | ᠶᠢᠨ ᠣᠷᠳᠣ ᠬᠤᠭᠤᠴᠠᠭᠠᠨ ᠤ ᠪᠦᠲᠦᠮᠵᠢᠲᠡᠶ ᠰᠤᠷᠤᠯᠴᠠᠬᠤ ᠲᠣᠭᠲᠠᠴᠠ ᠶᠢ ᠪᠠᠶᠢᠭᠤᠯᠬᠤ ᠶᠢ ᠴᠢᠬᠤᠯᠠᠴᠢᠯᠠᠵᠤ ᠂ ᠪᠥᠬᠦ ᠬᠥᠮᠦᠰ ᠢ ᠲᠤᠬᠠᠶᠢᠯᠠᠭᠰᠠᠨ ᠠᠵᠢᠯ ᠤᠨ ᠲᠥᠷᠥ ᠶᠢᠨ | ᠪᠣᠳᠣᠯᠭ᠎ᠠ ᠶᠢᠨ ︽ᠠᠮᠢᠳᠤ ᠲᠣᠯᠢ︾ ᠪᠣᠯᠬᠤ ᠪᠠᠷ ᠪᠠᠷᠠᠬᠤ ᠥᠬᠡᠶ᠂ ᠨᠠᠩ ᠴᠤ ᠣᠯᠠᠨ ᠲᠦᠮᠡᠨ ᠳᠤ ᠦᠢᠯᠡᠴᠢᠯᠡᠬᠦ ︽ᠳᠣᠲᠣᠨᠣ ᠬᠥᠮᠦᠨ︾ ᠪᠣᠯᠬᠤ ᠬᠡᠷᠡᠭᠲᠡᠶ ᠭᠡᠵᠦ | ᠱᠠᠭᠠᠷᠳᠠᠪᠠ᠃ | ᠲᠠᠷᠠᠭᠠᠴᠢ ᠶᠢᠨ ᠠᠯᠬᠤᠮ ᠳᠤ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠥᠳᠡᠯᠮᠦᠷᠢ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠲᠣᠰ ᠤᠳᠠᠭᠠᠨ ᠤ ᠪᠣᠯᠪᠠᠰᠤᠷᠠᠯ ᠢᠶᠠᠷ ᠠᠵᠠ ᠲᠣᠬᠢᠶᠠᠯ ᠪᠣᠯᠭᠠᠵᠤ᠂ ᠠᠵᠢᠯ ᠣᠯᠭᠤᠯᠲᠠ ᠶᠢᠨ ᠭᠠᠷᠲᠠᠨ ᠭᠦᠢᠴᠡᠳᠬᠡᠬᠦ | ᠦᠢᠯᠡᠴᠢᠯᠡᠭᠡᠨ ᠤ ᠴᠢᠳᠠᠪᠤᠷᠢ ᠶᠢᠨ ᠪᠣᠯᠪᠠᠰᠤᠷᠠᠯ ᠢ ᠪᠠᠶᠢᠩᠭᠤᠵᠢᠭᠤᠯᠬᠤ ᠶᠢ ᠦᠷᠭᠦᠯᠵᠢᠯᠡᠨ ᠠᠬᠢᠭᠤᠯᠵᠤ᠂ ᠭᠠᠷᠲᠠᠨ ᠭᠦᠢᠴᠡᠳᠬᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ | ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠨᠢᠭᠡ ᠪᠦᠯᠦᠭ ︽ᠠᠵᠢᠯ ᠣᠯᠭᠤᠯᠲᠠ ᠶᠢᠨ ᠮᠡᠷᠭᠡᠨ ᠬᠥᠮᠦᠨ︾ ᠢ ᠪᠣᠶ ᠪᠣᠯᠭᠠᠵᠤ᠂ ᠨᠢᠭᠡ ᠪᠦᠯᠦᠭ ︽ᠠᠵᠢᠯ | ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠨᠡᠪᠲᠡᠷᠡᠭᠦᠯᠬᠦ︾ ᠶᠢ ᠬᠥᠮᠦᠵᠢᠭᠦᠯᠵᠦ᠂ ᠥᠷᠭᠡᠨ ᠣᠯᠠᠨ ᠲᠦᠮᠡᠨ ᠳᠤ ᠥᠨᠳᠥᠷ ᠪᠦᠲᠦᠮᠵᠢᠲᠡᠶ ᠪᠥᠭᠡᠳ ᠳᠥᠭᠦᠮ ᠳᠥᠲᠡ ᠠᠵᠢᠯ | ᠣᠯᠭᠤᠬᠤ ᠦᠢᠯᠡᠴᠢᠯᠡᠭᠡ ᠶᠢ ᠨᠠᠩ ᠰᠠᠶᠢᠲᠤᠷ ᠬᠠᠩᠭᠠᠨ᠎ᠠ᠃ | |