ᠦᠨᠡᠨᠴᠢ ᠢᠲᠡᠭᠡᠮᠵᠢ ᠶᠢ ᠰᠤᠷᠭᠠᠭᠤᠯᠢ ᠶᠢᠨ ᠬᠦᠷᠢᠶᠡᠨ ᠳᠤ  ᠣᠷᠣᠭᠤᠯᠵᠤ ᠪᠣᠯᠪᠠᠰᠤᠨ ᠰᠠᠶᠢᠬᠠᠨ ᠢᠶᠠᠷ ᠬᠠᠮᠲᠤ ᠣᠷᠣᠭᠰᠢᠯᠠᠶ᠎ᠠ
ᠨᠡᠶᠢᠲᠡᠯᠡᠭᠰᠡᠨ ᠴᠠᠭ᠄
2025/3/21
    ︽ ᠦᠨᠡᠨᠴᠢ ᠶᠠᠪᠤᠪᠠᠰᠤ ᠦᠬᠡᠷ ᠲᠡᠷᠭᠡ ᠲᠠᠤᠯᠠᠢ ᠶᠢ ᠬᠦᠭᠡᠭᠡᠵᠦ ᠭᠦᠢᠴᠡᠨ᠎ᠡ ︾ ᠃ ᠦᠨᠡᠨᠴᠢ ᠢᠲᠡᠭᠡᠮᠵᠢ ᠶᠢᠨ ᠬᠥᠮᠦᠵᠢᠯ ᠢ ᠭᠦᠨᠵᠡᠭᠡᠶᠢᠷᠡᠭᠦᠯᠵᠦ᠂ ᠪᠠᠭᠰᠢ ᠪᠣᠯᠤᠨ ᠰᠤᠷᠤᠭᠴᠢᠳ ᠤᠨ ᠦᠨᠡᠨᠴᠢ ᠢᠲᠡᠭᠡᠮᠵᠢ ᠶᠢᠨ ᠤᠬᠠᠮᠰᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠦᠨᠡᠨᠴᠢ ᠢᠲᠡᠭᠡᠮᠵᠢ ᠶᠢᠨ ᠰᠤᠷᠭᠠᠭᠤᠯᠢ ᠶᠢᠨ ᠬᠦᠷᠢᠶ᠎ᠡ ᠶᠢ ᠪᠠᠶᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ︵ᠬᠠᠤᠯᠢ ᠴᠠᠭᠠᠵᠠ ᠶᠢᠨ ᠲᠣᠪᠴᠢᠶ᠎ᠠ︶᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠠᠢ ᠬᠠᠮᠲᠤᠷᠠᠨ᠂ ᠪᠤᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠨ ︽ᠦᠨᠡᠨᠴᠢ ᠢᠲᠡᠭᠡᠮᠵᠢ ᠶᠢ ᠰᠤᠷᠭᠠᠭᠤᠯᠢ ᠶᠢᠨ ᠬᠦᠷᠢᠶᠡᠨ ᠳᠤ  ᠣᠷᠣᠭᠤᠯᠵᠤ ᠪᠣᠯᠪᠠᠰᠤᠨ ᠰᠠᠶᠢᠬᠠᠨ ᠢᠶᠠᠷ  ᠬᠠᠮᠲᠤ ᠣᠷᠣᠭᠰᠢᠯᠠᠶ᠎ᠠ︾ ᠭᠡᠬᠦ ᠭᠤᠣᠯ ᠰᠡᠳᠦᠪ ᠢᠶᠠᠷ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ᠃
我区两社区各小区相继推选出物管会成员11.png
    ᠠᠵᠢᠯᠯᠠᠭ᠎ᠠ ᠶᠢᠨ ᠳᠤᠮᠳᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠶᠢᠨ ᠠᠵᠢᠯᠲᠠᠳ ᠭᠤᠤᠯ ᠰᠡᠳᠦᠪᠲᠦ ᠲᠠᠶᠢᠯᠤᠮᠵᠢ ᠬᠢᠬᠦ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠭᠰᠢ᠂ ᠰᠤᠷᠤᠭᠴᠢᠳ ᠲᠤ ᠢᠲᠡᠭᠡᠮᠵᠢ ᠶᠢᠨ ᠲᠣᠭᠲᠠᠯᠴᠠᠭ᠎ᠠ ᠵᠢᠴᠢ ᠢᠲᠡᠭᠡᠯ ᠢᠶᠠᠨ ᠠᠯᠳᠠᠭᠰᠠᠨ ᠦᠷ᠎ᠡ ᠳ᠋ᠦᠩ ᠢ ᠲᠣᠳᠣᠷᠬᠠᠶᠢᠯᠠᠨ ᠥᠭᠦᠯᠡᠬᠦ ᠶᠢᠨ ᠬᠠᠮᠲᠤ ᠰᠤᠷᠤᠭᠴᠢᠳ ᠤᠨ ᠰᠤᠷᠭᠠᠭᠤᠯᠢ ᠶᠢᠨ ᠬᠦᠷᠢᠶᠡᠨ ᠤ ᠠᠮᠢᠳᠤᠷᠠᠯ ᠲᠠᠢ ᠤᠶᠠᠯᠳᠤᠭᠤᠯᠤᠨ᠂ ᠦᠨᠡᠨᠴᠢ ᠢᠲᠡᠭᠡᠮᠵᠢ ᠶᠢᠨ ᠬᠡᠷᠡᠭ ᠤᠨ ᠵᠢᠱᠢᠶ᠎ᠡ ᠶᠢ ᠤᠩᠰᠢᠨ ᠶᠠᠷᠢᠵᠤ ᠂ ᠪᠠᠭᠰᠢ ᠰᠤᠷᠤᠭᠴᠢᠳ ᠤᠨ ᠦᠨᠡᠨᠴᠢ ᠢᠲᠡᠭᠡᠮᠵᠢ ᠶᠢᠨ ᠣᠶᠢᠯᠠᠭᠠᠭᠳᠠᠬᠤᠨ ᠢ ᠪᠣᠶ ᠪᠣᠯᠭᠠᠵᠤ᠂ ᠡᠳᠦᠷ ᠲᠤᠲᠤᠮ ᠤᠨ ᠠᠮᠢᠳᠤᠷᠠᠯ ᠤᠨ ᠳᠤᠮᠳᠠ ᠦᠨᠡᠨᠴᠢ ᠢᠲᠡᠭᠡᠮᠵᠢ ᠲᠠᠢ ᠪᠠᠶᠢᠬᠤ ᠶᠢ ᠦᠢᠯᠡᠳᠦᠯᠭᠡᠵᠢᠭᠦᠯᠵᠦ᠂ ᠢᠲᠡᠭᠡᠯ ᠬᠦᠨᠳᠦ ᠶᠢ ᠴᠢᠬᠤᠯᠠᠴᠢᠯᠠᠭᠰᠠᠨ᠂ ᠢᠲᠡᠭᠡᠮᠵᠢ ᠲᠠᠢ ᠪᠠᠶᠢᠬᠤ᠂ ᠢᠲᠡᠭᠡᠮᠵᠢ ᠶᠢᠨ ᠵᠢᠷᠤᠮ ᠢ ᠡᠷᠬᠢᠮᠯᠡᠳᠡᠭ ᠰᠠᠶᠢᠨ ᠠᠷᠠᠳ ᠢᠷᠭᠡᠨ ᠪᠣᠯᠬᠤ ᠶᠢ ᠬᠦᠲᠦᠯᠦᠨ ᠵᠢᠯᠤᠭᠤᠳᠪᠠ ᠃
我区两社区各小区相继推选出物管会成员22.png
    ᠲᠣᠰ ᠤᠳᠠᠭᠠᠨ ᠤ ᠦᠨᠡᠨᠴᠢ ᠢᠲᠡᠭᠡᠮᠵᠢ ᠶᠢᠨ ᠬᠥᠮᠦᠵᠢᠯ ᠤᠨ ᠠᠵᠢᠯᠯᠠᠭ᠎ᠠ ᠪᠠᠷ ᠳᠠᠮᠵᠢᠭᠤᠯᠤᠨ᠂ ᠪᠠᠭᠰᠢ ᠪᠠ ᠰᠤᠷᠤᠭᠴᠢᠳ ᠲᠤ ᠠᠮᠠᠯᠠᠯᠲᠠ ᠪᠠᠨ ᠭᠦᠢᠴᠡᠳᠭᠡᠬᠦ ᠶᠢᠨ ᠴᠢᠬᠤᠯᠠ ᠴᠢᠨᠠᠷ ᠢ ᠣᠶᠢᠯᠠᠭᠠᠭᠤᠯᠤᠭᠰᠠᠨ ᠢᠶᠠᠷ ᠪᠠᠷᠠᠬᠤ ᠥᠬᠡᠶ᠂ ᠬᠡᠯᠡᠭᠰᠡᠨ ᠢᠶᠠᠨ ᠵᠠᠪᠠᠯ ᠬᠢᠬᠦ ᠠᠭᠤᠯᠭ᠎ᠠ ᠶᠢ ᠮᠡᠳᠡᠭᠦᠯᠵᠦ ᠂ ᠨᠠᠩ ᠴᠤ ᠲᠡᠳᠡᠨ ᠤ ᠰᠡᠳᠬᠢᠯ ᠳᠤ ᠦᠨᠡᠨᠴᠢ ᠢᠲᠡᠭᠡᠮᠵᠢ ᠶᠢᠨ ᠦᠷ᠎ᠡ ᠶᠢ ᠳᠠᠷᠢᠵᠤ᠂ ᠢᠷᠡᠭᠡᠳᠦᠶ ᠶᠢᠨ ᠨᠡᠶᠢᠭᠡᠮ ᠤᠨ ᠦᠨᠡᠨᠴᠢ ᠢᠲᠡᠭᠡᠮᠵᠢ ᠶᠢᠨ ᠲᠣᠭᠲᠠᠯᠴᠠᠭ᠎ᠠ ᠶᠢᠨ ᠪᠠᠶᠢᠭᠤᠯᠤᠯᠲᠠ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠭᠦᠭᠰᠡᠨ ᠪᠠᠶᠢᠨ᠎ᠠ᠃  
ᠢᠷᠡᠯᠲᠡ᠄ ᠲᠣᠭᠤᠷᠢᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ