ᠣᠶᠢᠷ᠎ᠠ ᠳᠤ᠂ ᠨᠡᠶᠢᠭᠡᠮ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠠᠩ ᠡᠶ᠎ᠡ | ᠵᠣᠬᠢᠴᠠᠯ ᠲᠠᠢ᠂ ᠡᠮᠬᠢ ᠵᠢᠷᠤᠮ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠶ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠬᠤ ᠶᠢᠨ ᠲᠥᠯᠥᠭᠡ᠂ ᠲᠦᠩ ᠶᠠᠩ | ᠳ᠋ᠤᠤ ᠵᠡᠭᠡᠯᠢ ᠭᠤᠳᠤᠮᠵᠢ ᠶᠢᠨ ᠰᠢᠶᠠᠩ ᠶᠦᠨ ᠨᠡᠶᠢᠭᠡᠮ ᠲᠣᠭᠤᠷᠢᠭ ᠪᠠ ᠰᠢᠩ ᠭᠤᠸᠠᠩ ᠨᠡᠶᠢᠭᠡᠮ ᠲᠣᠭᠤᠷᠢᠭ ᠤᠨ ᠬᠢᠨ ᠠᠳᠠᠯ ᠠᠬᠤᠶ ᠶᠢᠨ ᠬᠠᠮᠢᠶᠠᠷᠤᠯᠲᠠ ᠶᠢᠨ ᠵᠥᠪᠯᠡᠯ | ︵ᠳᠣᠷᠣᠭᠰᠢ ︽ ᠠᠳᠠᠯ ᠬᠠᠮᠢᠶᠠᠷᠤᠯᠲᠠ ᠶᠢᠨ ᠬᠤᠷᠠᠯ︾ ᠭᠡᠵᠦ ᠲᠣᠪᠴᠢᠯᠠᠨ᠎ᠠ︶ ᠢ ᠪᠠᠶᠢᠭᠤᠯᠬᠤ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠤᠨ | ᠱᠠᠭᠠᠷᠳᠠᠯᠭ᠎ᠠ ᠶᠣᠰᠣᠭᠠᠷ᠂ ᠡᠮᠦᠨᠡᠬᠢ ᠬᠤᠭᠤᠴᠠᠭᠠᠨ ᠤ ᠵᠣᠬᠢᠶᠠᠨ ᠪᠠᠶᠢᠭᠤᠯᠵᠤ ᠪᠡᠯᠡᠳᠬᠡᠬᠦ᠂ ᠤᠬᠠᠭᠤᠯᠤᠨ ᠳᠠᠶᠢᠴᠢᠯᠠᠬᠤ᠂ ᠭᠡᠰᠢᠭᠦᠳ ᠢ ᠪᠠᠲᠤᠯᠠᠨ ᠲᠠᠨᠢᠯᠴᠠᠭᠤᠯᠬᠤ ᠵᠡᠷᠭᠡ ᠲᠠᠰ | ᠳᠠᠷᠠᠭᠠᠯᠠᠯ ᠢᠶᠠᠷ ᠳᠡᠮᠵᠢᠨ᠂ ᠬᠠᠷᠢᠶᠠᠲᠤ ᠲᠣᠭᠤᠷᠢᠭ ᠤᠨ ᠳᠣᠲᠣᠷᠠᠬᠢ ᠡᠯ᠎ᠡ ᠰᠠᠭᠤᠭᠠᠯᠢ ᠲᠣᠭᠤᠷᠢᠭ ᠤᠨ ᠠᠳᠠᠯ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠢ ᠰᠣᠩᠭᠤᠬᠤ ᠶᠡᠭᠡ | ᠬᠤᠷᠠᠯ ᠢ ᠵᠠᠯᠭᠠᠭ᠎ᠠ ᠪᠠᠷ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠳᠠᠯ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠨ ᠢ ᠠᠮᠵᠢᠯᠲᠠ ᠲᠠᠢ ᠰᠣᠩᠭᠤᠪᠠ ᠃ | | | | | | ᠰᠠᠶ᠋ᠢᠬᠠᠨ ᠰᠣᠩᠭᠤᠭᠳᠠᠭᠰᠠᠨ ᠠᠳᠠᠯ ᠬᠠᠮᠢᠶᠠᠷᠤᠯᠲᠠ ᠶᠢᠨ ᠵᠥᠪᠯᠡᠯ ᠤᠨ ᠭᠡᠰᠢᠭᠦᠳ ᠬᠤᠶᠢᠨ᠎ᠠ ᠬᠤᠶᠢᠨ᠎ᠠ ᠠᠴᠠ ᠪᠠᠨ ᠣᠪᠣᠷ ᠢᠶᠠᠨ ᠢᠯᠡᠳᠬᠡᠵᠦ᠂ ᠬᠤᠶᠢᠰᠢᠳᠠ | ᠰᠤᠷᠤᠯᠴᠠᠯᠭ᠎ᠠ ᠪᠠᠨ ᠴᠢᠩᠭᠠᠳᠬᠠᠵᠤ᠂ ᠲᠤᠰ ᠪᠡᠶ᠎ᠡ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠥᠷᠭᠡᠨ ᠤᠯᠠᠨ | ᠰᠠᠭᠤᠭᠠᠯᠢ ᠠᠷᠠᠳ ᠤᠨ ᠥᠮᠴᠢᠲᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠪᠠᠷ ᠵᠣᠷᠢᠯᠲᠠ ᠪᠣᠯᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠤᠯᠠᠨ ᠨᠡᠶᠢᠲᠡ ᠶᠢᠨ | ᠬᠡᠷᠡᠭ ᠶᠠᠪᠤᠳᠠᠯ ᠤᠨ ᠬᠠᠮᠢᠶᠠᠷᠤᠯᠲᠠ ᠶᠢ ᠰᠠᠶᠢᠲᠤᠷ ᠬᠢᠨ᠎ᠠ ᠭᠡᠪᠡ ᠃ | | | | | | ᠠᠳᠠᠯ ᠬᠠᠮᠢᠶᠠᠷᠤᠯᠲᠠ ᠶᠢᠨ ᠵᠦᠪᠯᠡᠯ ᠪᠠᠶᠢᠭᠤᠯᠤᠭᠳᠠᠭᠰᠠᠨ ᠨᠢ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠪᠠ ᠰᠠᠭᠤᠭᠠᠯᠢ ᠠᠷᠠᠳ ᠤᠨ ᠵᠠᠰᠠᠯᠲᠠ ᠶᠢᠨ | ᠡᠴᠦᠰ ᠤᠨ ᠨᠢᠭᠡ ᠺᠢᠯᠤᠮᠧᠲᠷ ᠢ ᠨᠡᠪᠲᠡᠷᠡᠭᠦᠯᠬᠦ ᠪᠠᠷ ᠪᠠᠷᠠᠬᠤ ᠥᠬᠡᠶ᠂ ᠪᠠᠰᠠ ᠰᠠᠭᠤᠭᠠᠯᠢ ᠠᠷᠠᠳ ᠤᠨ ᠠᠮᠢᠳᠤᠷᠠᠯ ᠤᠨ ᠬᠦᠴᠢᠷ ᠠᠰᠠᠭᠤᠳᠠᠯ ᠪᠠ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ᠡᠷᠬᠡ ᠠᠰᠢᠭ ᠢ ᠬᠠᠮᠠᠭᠠᠯᠠᠨ᠂ ᠠᠳᠠᠯ ᠠᠬᠤᠶ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ | ᠲᠦᠪᠰᠢᠨ ᠢ ᠳᠡᠭᠡᠭᠰᠢᠯᠡᠭᠦᠯᠬᠦ ᠳᠤ ᠬᠢᠨᠠᠯᠲᠠ ᠲᠠᠯᠪᠢᠨ᠎ᠠ᠃ | | | | | | ᠡᠨᠡ ᠬᠤᠶᠠᠷ ᠨᠡᠶᠢᠭᠡᠮ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠵᠠᠯᠭᠠᠭᠠᠳ᠂ ᠲᠡᠳᠡ ᠵᠠᠰᠠᠯᠲᠠ ᠶᠢᠨ ᠠᠵᠢᠯᠯᠠᠭᠠᠨ ᠤ ᠲᠣᠭᠲᠠᠴᠠ ᠪᠠᠨ ᠲᠠᠰᠤᠷᠠᠯᠲᠠ ᠦᠭᠡᠢ | ᠲᠡᠭᠦᠯᠳᠡᠷᠵᠢᠭᠦᠯᠵᠦ᠂ ᠠᠳᠠᠯ ᠬᠠᠮᠢᠶᠠᠷᠤᠯᠲᠠ ᠶᠢᠨ ᠵᠦᠪᠯᠡᠯ ᠢ ᠦᠨᠡᠨ ᠬᠦ ᠤᠯᠠᠨ ᠲᠦᠮᠡᠨ ᠳᠤ ᠦᠢᠯᠡᠴᠢᠯᠡᠬᠦ᠂ ᠥᠪᠡᠷᠲᠡᠭᠡᠨ ᠵᠠᠰᠠᠬᠤ ᠶᠢ ᠴᠢᠩᠭᠠᠳᠬᠠᠬᠤ ᠶᠢᠨ ᠬᠦᠴᠦᠲᠡᠢ | ᠭᠠᠷᠳᠠᠴᠠ ᠪᠣᠯᠭᠠᠵᠤ᠂ ᠰᠠᠭᠤᠭᠠᠯᠢ ᠲᠣᠭᠤᠷᠢᠭ ᠤᠨ ᠵᠠᠰᠠᠯᠲᠠ ᠶᠢᠨ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠡᠩ | ᠴᠢᠨᠠᠷ ᠰᠠᠶᠢᠲᠠᠢ᠂ ᠳᠣᠲᠣᠨᠣ ᠦᠢᠯᠡᠴᠢᠯᠡᠭᠡ ᠬᠠᠩᠭᠠᠵᠤ᠂ ᠨᠡᠶᠢᠭᠡᠮ ᠲᠣᠭᠤᠷᠢᠭ ᠤᠨ ᠠᠮᠢᠳᠤᠷᠠᠯ ᠢ ᠨᠡᠩ ᠴᠢᠨᠠᠷ ᠰᠠᠶᠢᠲᠠᠢ ᠪᠣᠯᠭᠠᠵᠤ᠂ ᠣᠷᠣᠰᠢᠨ ᠰᠠᠭᠤᠬᠤ ᠳᠤ ᠲᠣᠬᠢᠷᠠᠮᠵᠢᠲᠠᠢ | ᠪᠠᠶ᠋ᠬᠠᠣᠪᠤᠭ᠎ᠠ ᠶᠢ ᠴᠣᠭᠴᠠᠯᠠᠬᠤ ᠶᠢᠨ ᠲᠥᠯᠥᠭᠡ ᠲᠠᠰᠤᠷᠠᠯᠲᠠ ᠦᠭᠡᠢ ᠴᠢᠷᠮᠠᠶᠢᠨ᠎ᠠ ᠭᠡᠵᠦ ᠢᠯᠡᠷᠬᠡᠶᠢᠯᠡᠪᠡ ᠃ | |