ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ  ᠪᠠ  ᠵᠠᠮ ᠬᠠᠷᠢᠯᠴᠠᠭᠠᠨ ᠤ ᠲᠣᠪᠴᠢᠶ᠎ᠠ᠄ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠡᠮᠬᠢ ᠵᠢᠷᠤᠮ ᠲᠠᠢ ᠥᠷᠨᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠪᠠ
ᠨᠡᠶᠢᠲᠡᠯᠡᠭᠰᠡᠨ ᠴᠠᠭ᠄
2025/3/28
    3 ᠳ᠋ᠤᠭᠠᠷ ᠰᠠᠷ᠎ᠠ ᠶᠢᠨ 26 ᠤ ᠡᠳᠦᠷ᠂ ᠪᠥᠬᠦ ᠲᠣᠭᠤᠷᠢᠭ ᠤᠨ ᠬᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠮᠤᠷ ᠲᠦᠪᠰᠢᠨ ᠡᠮᠬᠢ ᠵᠢᠷᠤᠮ ᠲᠠᠢ ᠪᠠᠷ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠶᠢᠨ ᠲᠥᠯᠥᠭᠡ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠣᠯᠤᠨ ᠵᠠᠮ ᠬᠠᠷᠢᠯᠴᠠᠭᠠᠨ ᠤ ᠲᠣᠪᠴᠢᠶ᠎ᠠ 2025 ᠣᠨ ᠤ ᠬᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠷᠠᠯ ᠵᠢᠴᠢ ᠠᠶᠤᠯ ᠦᠭᠡᠢ ᠦᠢᠯᠡᠳᠪᠦᠷᠢᠯᠡᠯ ᠤᠨ ᠲᠤᠰᠬᠠᠶ ᠰᠡᠳᠦᠪᠲᠦ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃    ᠬᠤᠷᠠᠯ ᠠᠴᠠ᠂ ᠨᠢᠭᠡ ᠳᠤ᠂ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂  ︽ᠠᠮᠤᠷ ᠲᠦᠪᠰᠢᠨ ᠪᠣᠰᠤ ᠪᠣᠯ ᠦᠢᠯᠡᠳᠪᠦᠷᠢᠯᠡᠬᠦ ᠥᠬᠡᠶ︾ ︽ᠠᠮᠤᠷ ᠲᠦᠪᠰᠢᠨ ᠪᠤᠰᠤ ᠪᠣᠯ ᠠᠵᠢᠯ ᠢᠶᠠᠨ ᠰᠡᠷᠭᠦᠭᠡᠬᠦ ᠥᠬᠡᠶ︾ ᠪᠠᠶᠢᠬᠤ ᠬᠤᠷᠢᠭ᠎ᠠ ᠱᠤᠭᠤᠮ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠥᠮᠦᠰ ᠤᠨ ᠠᠵᠢᠯ ᠤᠨ ᠪᠠᠶᠢᠷᠢ ᠳᠤ ᠭᠠᠷᠬᠤ᠂ ᠠᠮᠤᠷ ᠲᠦᠪᠰᠢᠨ ᠤ ᠲᠥᠬᠦᠭᠡᠷᠦᠮᠵᠢ ᠶᠢ ᠪᠠᠶᠢᠴᠠᠭᠠᠨ ᠵᠠᠰᠠᠬᠤ᠂ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠵᠢᠴᠢ ᠬᠡᠮ ᠰᠣᠭᠤᠭ ᠢ ᠴᠡᠭᠴᠡᠯᠡᠨ ᠰᠠᠶᠢᠵᠢᠷᠠᠭᠤᠯᠬᠤ︽ᠳᠥᠷᠪᠡ ᠶᠢ ᠪᠣᠳᠠᠲᠠᠶᠢᠵᠢᠭᠤᠯᠬᠤ︾ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠵᠢᠷᠭᠤᠭᠠᠨ ᠪᠠᠲᠤᠯᠠᠭ᠎ᠠ ︾ ᠶᠢ ᠴᠢᠩᠭ᠎ᠠ ᠨᠠᠶᠢᠳᠠᠪᠤᠷᠢᠵᠢᠭᠤᠯᠵᠤ᠂ ᠥᠨᠳᠥᠷ ᠭᠠᠵᠠᠷ ᠲᠤ ᠠᠵᠢᠯᠯᠠᠬᠤ᠂ ᠪᠠᠷᠢᠯᠭ᠎ᠠ ᠶᠢᠨ ᠢᠨᠵᠧᠨᠧᠷᠢᠩ ᠤᠨ ᠬᠦᠨᠳᠦ ᠶᠢ ᠡᠷᠭᠦᠬᠦ ᠮᠠᠰᠢᠨ᠂ ᠭᠦᠨ ᠰᠠᠭᠤᠷᠢ ᠶᠢᠨ ᠨᠦᠬᠡ᠂ ᠥᠨᠳᠥᠷ ᠰᠠᠯᠪᠤᠷᠢ ᠵᠠᠭᠪᠤᠷ᠂ ᠴᠠᠬᠤᠯᠠᠭᠤᠷ᠂ ᠪᠠᠷᠢᠯᠭ᠎ᠠ ᠪᠠᠷᠢᠬᠤ ᠳᠤ ᠬᠡᠷᠡᠭᠯᠡᠬᠦ ᠴᠠᠬᠢᠯᠭᠠᠨ᠂ ᠳᠥᠷᠪᠡᠨ ᠠᠮᠠᠰᠠᠷ ᠲᠠᠪᠤᠨ ᠬᠥᠪᠡᠭᠡ ᠳᠠᠭᠠᠤ ᠵᠡᠷᠭᠡ ᠴᠢᠬᠤᠯᠠ ᠶᠡᠭᠡ ᠬᠡᠰᠡᠭ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠶᠢ ᠳᠣᠪᠤᠶᠢᠯᠭᠠᠨ ᠴᠢᠩᠭᠠᠳᠬᠠᠵᠤ᠂ ᠥᠨᠴᠥᠭ ᠪᠤᠯᠤᠩ ᠦᠯᠡᠳᠡᠭᠡᠬᠦ ᠥᠬᠡᠶ᠂ ᠪᠠᠯᠠᠶ ᠣᠷᠣᠨ ᠦᠯᠡᠳᠡᠭᠡᠬᠦ ᠥᠬᠡᠶ ᠪᠠᠶᠢᠬᠤ ᠬᠡᠷᠡᠭᠲᠡᠶ᠃ ᠭᠤᠷᠪᠠ ᠳᠤ᠂ ᠲᠣᠭᠤᠰᠣ ᠰᠢᠷᠣᠢ ᠶᠢᠨ ᠵᠠᠰᠠᠯᠲᠠ ᠶᠢ ᠨᠠᠶᠢᠳᠠᠪᠤᠷᠢᠵᠢᠭᠤᠯᠵᠤ᠂ ᠪᠣᠬᠢᠷᠲᠤᠯ ᠦᠭᠡᠢ ᠪᠠᠷᠢᠯᠭ᠎ᠠ ᠶᠢᠨ ᠠᠵᠢᠯ ᠢ ᠠᠬᠢᠭᠤᠯᠬᠤ ᠬᠡᠷᠡᠭᠲᠡᠢ᠃ ᠪᠠᠷᠢᠯᠭ᠎ᠠ ᠶᠢᠨ ᠲᠤᠬᠠᠢ ᠶᠢᠨ ᠭᠠᠵᠠᠷ ᠤᠨ ︽ᠵᠢᠷᠭᠤᠭᠠᠨ ᠵᠠᠭᠤᠨ ᠤ ᠵᠠᠭᠤ︾ ᠶᠢᠨ ᠪᠣᠯᠪᠠᠰᠤᠨ ᠢᠶᠠᠷ ᠪᠠᠷᠢᠯᠭ᠎ᠠ ᠪᠠᠷᠢᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠪᠠᠭᠠᠰᠬᠠᠬᠤ ᠬᠡᠷᠡᠭᠲᠡᠢ᠃ ᠳᠥᠷᠪᠡ ᠳᠤ ᠂ ᠲᠠᠷᠢᠶᠠᠴᠢᠨ ᠬᠦᠴᠦ ᠶᠠᠪᠤᠭᠰᠠᠳ ᠤᠨ ᠡᠷᠬᠡ ᠠᠰᠢᠭ ᠢ ᠪᠠᠲᠤᠯᠠᠵᠤ᠂ ᠠᠵᠢᠯ ᠲᠥᠷᠥᠯ ᠤᠨ ᠲᠣᠭᠲᠠᠭᠤᠨ ᠢ ᠬᠠᠮᠠᠭᠠᠯᠠᠬᠤ ᠬᠡᠷᠡᠭᠲᠡᠶ᠃ ᠦᠨᠡᠨ ᠨᠡᠷ᠎ᠡ ᠶᠢᠨ ᠳᠦᠷᠢᠮ ᠤᠨ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂︽ᠬᠤᠶᠠᠷ ᠢ ᠰᠠᠭᠤᠯᠭᠠᠵᠤ ᠬᠤᠶᠠᠷ ᠢ ᠪᠠᠶᠢᠴᠠᠭᠠᠬᠤ︾ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠵᠤ᠂ ᠬᠥᠯᠥᠰᠥᠨ ᠠᠵᠢᠯᠴᠢᠨ ᠤ ᠴᠠᠯᠢᠩ ᠬᠥᠯᠥᠰᠥ ᠶᠢᠨ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠵᠦ  ᠱᠠᠭᠠᠷᠳᠠᠪᠠ ᠃    ᠵᠠᠯᠭᠠᠭᠠᠳ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠣᠯᠤᠨ ᠵᠠᠮ ᠬᠠᠷᠢᠯᠴᠠᠭᠠᠨ ᠤ ᠲᠣᠪᠴᠢᠶ᠎ᠠ ᠲᠥᠷᠥᠯ ᠵᠦᠢᠯ ᠤᠨ ᠤᠷᠤᠭᠰᠢᠲᠠᠶ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠳᠥᠯᠭᠢᠨ ᠠᠬᠢᠭᠤᠯᠬᠤ ᠶᠢ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠤᠨ ᠡᠭᠦᠷᠭᠡ ᠪᠣᠯᠭᠠᠵᠤ᠂ ᠵᠣᠬᠢᠶᠠᠨ ᠪᠠᠶᠢᠭᠤᠯᠵᠤ ᠬᠥᠲᠥᠯᠦᠨ ᠵᠢᠯᠣᠭᠤᠳᠬᠤ ᠪᠠᠨ ᠴᠢᠩᠭᠠᠳᠬᠠᠨ᠂ ᠨᠠᠷᠢᠯᠢᠭ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠨ᠂ ᠡᠯ᠎ᠡ ᠵᠦᠢᠯ ᠤᠨ ᠠᠵᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠥᠷᠨᠢᠬᠦ ᠶᠢ ᠦᠨᠡᠨ ᠬᠦ ᠪᠠᠲᠤᠯᠠᠨ᠎ᠠ᠃ 
ᠢᠷᠡᠯᠲᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ