3 ᠳ᠋ᠤᠭᠠᠷ ᠰᠠᠷ᠎ᠠ ᠶᠢᠨ 29 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠺᠠᠶ ᠪᠦᠯᠬᠦᠮ ᠳᠠᠭᠠᠭᠤᠯᠤᠨ ᠠᠭᠤᠷᠬᠠᠢ ᠶᠢᠨ ᠵᠠᠮ ᠵᠡᠭᠡᠯᠢ ᠭᠤᠳᠤᠮᠵᠢ ᠶᠢᠨ | ᠪᠦᠦ ᠱᠠᠨ ᠨᠡᠶᠢᠭᠡᠮ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ᠂ ᠨᠣᠣᠯᠣᠭᠤᠷ ᠢᠮᠠᠭᠠᠨ ᠤ ᠰᠠᠭᠤᠷᠢᠨ ᠭᠠᠵᠠᠷ ᠪᠣᠯᠤᠨ ᠥᠷᠭᠡᠨ ᠵᠣᠯᠠ ᠲᠡᠵᠢᠭᠡᠨ ᠦᠷᠡᠵᠢᠭᠦᠯᠬᠦ ᠲᠤᠰᠬᠠᠶ | ᠬᠤᠷᠰᠢᠶ᠎ᠠ ᠵᠡᠷᠭᠡ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠪᠡ᠃ | ᠶᠡᠷᠦᠩᠬᠡᠶᠢᠯᠡᠨ ᠵᠠᠰᠠᠬᠤ ᠲᠥᠪ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠡᠬᠢ ᠪᠠᠶᠠᠯᠢᠭ ᠢ ᠨᠡᠶᠢᠳᠬᠡᠬᠦ ᠦᠢᠯᠡᠳᠦᠯ ᠴᠢᠳᠠᠪᠤᠷᠢ ᠶᠢ ᠭᠦᠨᠵᠡᠭᠡᠶᠢᠷᠡᠭᠦᠯᠵᠦ᠂ ︽ᠶᠡᠭᠡ | ᠶᠡᠷᠦᠩᠬᠡᠶᠢᠯᠡᠨ ᠵᠠᠰᠠᠬᠤ︾ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠳᠣᠲᠣᠭᠠᠳᠤ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠬᠠᠤᠯᠢ | ᠴᠠᠭᠠᠵᠠ ᠵᠡᠷᠭᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠤᠨ ᠬᠦᠴᠦᠨ ᠤ ᠰᠢᠰᠲ᠋ᠧᠮ ᠤᠨ ᠬᠤᠷᠠᠮᠳᠤᠯ᠂ ᠲᠤᠬᠠᠶᠢᠯᠠᠭᠰᠠᠨ ᠠᠵᠢᠯ ᠤᠨ ᠬᠠᠮᠵᠢᠯᠴᠠᠨ ᠠᠵᠢᠯᠯᠠᠬᠤ ᠶᠢ ᠠᠬᠢᠭᠤᠯᠵᠤ᠂ | ︽ᠭᠤᠯᠳᠤ ᠴᠢᠭᠯᠡᠯ ᠢᠶᠠᠷ ᠨᠡᠪᠲᠡᠷᠡᠭᠰᠡᠨ᠂ ᠬᠥᠨᠳᠡᠯᠡᠨ ᠢᠶᠠᠷ ᠬᠤᠯᠪᠣᠭᠠᠯᠠᠨ ᠬᠥᠳᠡᠯᠦᠯᠴᠡᠭᠰᠡᠨ︾ ᠦᠨᠳᠦᠰᠦᠨ ᠱᠠᠲᠤᠨ ᠤ ᠵᠠᠰᠠᠯᠲᠠ ᠶᠢᠨ ᠰᠦᠯᠵᠢᠶ᠎ᠡ ᠶᠢ ᠪᠦᠷᠢᠯᠳᠦᠭᠦᠯᠬᠦ ᠬᠡᠷᠡᠭᠲᠡᠶ᠃ | ᠨᠡᠶᠢᠭᠡᠮ ᠤᠨ ᠵᠠᠰᠠᠯᠲᠠ ᠶᠢ ᠬᠦᠳᠡᠯᠦᠩᠭᠦᠢ ᠪᠣᠰᠤ ᠪᠠᠷ ᠠᠷᠭᠠᠴᠠᠭᠠᠬᠤ ᠠᠴᠠ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠰᠡᠷᠭᠡᠶᠢᠯᠡᠬᠦ ᠲᠡᠶᠢᠰᠢ ᠬᠤᠪᠢᠷᠠᠭᠤᠯᠬᠤ ᠶᠢ ᠠᠬᠢᠭᠤᠯᠵᠤ᠂ | ᠵᠥᠷᠢᠴᠡᠯ ᠵᠢᠭᠤᠷᠠᠯᠳᠤᠭᠠᠨ ᠤ ᠳᠠᠯᠳᠠ ᠭᠡᠮ ᠢ ᠪᠦᠬᠦ ᠦᠶᠡᠯᠡᠯ ᠤᠨ ᠬᠤᠭᠤᠴᠠᠭᠠᠨ ᠳᠤ ᠬᠢᠨᠠᠨ ᠬᠡᠮᠵᠢᠬᠦ᠂ ᠪᠦᠬᠦ ᠡᠯᠧᠮᠧᠨ᠋ᠲ ᠢ ᠵᠠᠳᠠᠯᠬᠤ᠂ ᠪᠦᠬᠦ ᠬᠡᠯᠬᠢᠶ᠎ᠡ ᠪᠠᠷ ᠰᠢᠢᠳᠪᠦᠷᠢᠯᠡᠬᠦ ᠶᠢ | ᠪᠡᠶᠡᠯᠡᠭᠦᠯᠬᠦ ᠬᠡᠷᠡᠭᠲᠡᠢ᠃ ︽ᠪᠦᠬᠦ ᠰᠢᠨᠵᠢᠯᠡᠬᠦ ᠤᠬᠠᠭᠠᠨ ᠤ ᠬᠡᠯᠪᠡᠷᠢ︾ ᠶᠢᠨ ᠶᠡᠷᠦᠩᠬᠡᠶᠢᠯᠡᠨ ᠵᠠᠰᠠᠬᠤ ᠦᠢᠯᠡᠴᠢᠯᠡᠭᠡᠨ ᠤ ᠲᠠᠪᠴᠠᠩ ᠢ ᠰᠢᠨ᠎ᠡ ᠪᠠᠷ ᠡᠭᠦᠳᠦᠨ ᠪᠠᠶᠢᠭᠤᠯᠵᠤ᠂ | ᠴᠤᠪᠤᠷᠠᠯ ᠢ ᠳᠠᠬᠢᠨ ᠵᠣᠬᠢᠶᠠᠬᠤ ᠪᠠ ᠦᠢᠯᠡᠴᠢᠯᠡᠭᠡ ᠶᠢ ᠤᠷᠤᠭᠰᠢ ᠰᠢᠯᠵᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ︽ᠨᠢᠭᠡ ᠴᠣᠩᠬᠤᠪᠴᠢ ᠪᠠᠷ | ᠭᠥᠯᠢᠶᠡᠨ ᠠᠪᠴᠤ ᠰᠢᠢᠳᠪᠦᠷᠢᠯᠡᠬᠦ᠂ ᠲᠥᠪᠯᠡᠷᠡᠭᠦᠯᠦᠨ ᠰᠢᠢᠳᠪᠦᠷᠢᠯᠡᠬᠦ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ︾ ᠶᠢ ᠪᠡᠶᠡᠯᠡᠭᠦᠯᠵᠦ᠂ ᠵᠠᠰᠠᠯᠲᠠ ᠶᠢᠨ ᠦᠷ᠎ᠡ | ᠪᠦᠲᠦᠮᠵᠢ ᠶᠢ ᠦᠨᠡᠨ ᠬᠦ ᠣᠯᠠᠨ ᠲᠦᠮᠡᠨ ᠤ ᠰᠠᠨᠠᠭᠠᠨ ᠳᠤ ᠨᠡᠶᠢᠴᠡᠬᠦ ᠠᠮᠤᠷ ᠲᠦᠪᠰᠢᠨ ᠤ ᠣᠶᠢᠯᠠᠭᠠᠯᠲᠠ ᠪᠣᠯᠭᠠᠨ ᠬᠤᠪᠢᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ ᠃ | ᠨᠣᠣᠯᠣᠭᠤᠷ ᠢᠮᠠᠭᠠᠨ ᠤ ᠰᠠᠭᠤᠷᠢᠨ ᠭᠠᠵᠠᠷ ᠪᠣᠯᠤᠨ ᠥᠷᠭᠡᠨ ᠵᠣᠯᠠ ᠲᠡᠵᠢᠭᠡᠨ ᠦᠷᠡᠵᠢᠭᠦᠯᠬᠦ ᠲᠤᠰᠬᠠᠶ ᠬᠤᠷᠰᠢᠶ᠎ᠠ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ | ᠬᠢᠬᠦ ᠳᠡᠭᠡᠨ᠂ ︽ᠠᠷᠠᠳ ᠤᠨ ᠠᠮᠢᠳᠤᠷᠠᠯ ᠢ ᠲᠡᠷᠢᠭᠦᠨ ᠳᠤ ᠲᠠᠯᠪᠢᠬᠤ︾ ᠠᠵᠢᠯ ᠤᠨ ᠤᠳᠤᠷᠢᠳᠤᠮᠵᠢ ᠶᠢ ᠪᠠᠲᠤ ᠪᠣᠶ ᠪᠣᠯᠭᠠᠵᠤ᠂ ᠲᠥᠯᠥᠪᠵᠢᠭᠦᠯᠭᠡ ᠪᠠᠷ ᠬᠥᠲᠥᠯᠦᠨ | ᠳᠠᠭᠠᠭᠤᠯᠬᠤ ᠪᠠ ᠬᠡᠷᠡᠭᠴᠡᠭᠡ ᠱᠠᠭᠠᠷᠳᠠᠯᠭ᠎ᠠ ᠶᠢᠨ ᠤᠳᠤᠷᠢᠳᠤᠮᠵᠢ ᠶᠢ ᠬᠠᠷᠢᠯᠴᠠᠨ ᠨᠢᠭᠡᠳᠬᠡᠬᠦ ᠶᠢ ᠳᠣᠪᠤᠶᠢᠯᠭᠠᠨ᠂ ᠨᠠᠷᠢᠯᠢᠭ ᠣᠨᠤᠪᠴᠢᠲᠠᠢ ᠪᠣᠯᠭᠠᠬᠤ᠂ ᠲᠥᠷᠥᠯ ᠵᠦᠢᠯᠵᠢᠭᠦᠯᠬᠦ | ᠠᠷᠭ᠎ᠠ ᠮᠠᠶ᠋ᠢᠭ ᠢᠶᠠᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠢᠨᠵᠧᠨᠧᠷᠢᠩ ᠢ ᠠᠬᠢᠭᠤᠯᠬᠤ ᠬᠡᠷᠡᠭᠲᠡᠶ ᠃ ᠠᠷᠠᠳ ᠤᠨ ᠠᠮᠢᠳᠤᠷᠠᠯ ᠤᠨ ᠬᠦᠴᠢᠷᠳᠡᠯ ᠳᠤ | ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠬᠵᠢᠭᠤᠯᠤᠨ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠦᠷᠡᠵᠢᠭᠦᠯᠦᠨ ᠪᠤᠶᠢᠵᠢᠭᠤᠯᠬᠤ ᠵᠡᠷᠭᠡ ᠠᠷᠭ᠎ᠠ | ᠬᠡᠮᠵᠢᠶ᠎ᠡ ᠶᠢᠨ ᠲᠠᠯ᠎ᠠ ᠪᠠᠷ ᠰᠢᠰᠲ᠋ᠧᠮᠲᠦ ᠴᠢᠨᠠᠷᠲᠠᠢ ᠰᠢᠢᠳᠪᠦᠷᠢᠯᠡᠬᠦ ᠲᠥᠰᠦᠯ ᠢ ᠪᠦᠷᠢᠯᠳᠦᠭᠦᠯᠬᠦ ᠬᠡᠷᠡᠭᠲᠡᠢ᠃ ᠤᠯᠠᠨ ᠲᠦᠮᠡᠨ ᠤ ᠬᠡᠷᠡᠭᠴᠡᠭᠡ ᠠᠴᠠ ᠡᠭᠦᠰᠬᠦ ᠶᠢ ᠢᠮᠠᠭᠲᠠ | ᠪᠠᠷᠢᠮᠲᠠᠯᠠᠵᠤ᠂ ᠤᠯᠠᠨ ᠲᠦᠮᠡᠨ ᠤ ᠪᠣᠳᠠᠲᠠᠢ ᠠᠰᠢᠭ ᠲᠤᠰᠠ ᠪᠣᠯᠤᠨ ᠠᠮᠢᠳᠤᠷᠠᠯ ᠳᠤ ᠲᠦᠬᠦᠮ ᠦᠵᠡᠭᠦᠯᠬᠦ ᠴᠢᠨᠠᠷ ᠢ ᠭᠦᠢᠴᠡᠳ ᠪᠣᠳᠣᠯᠬᠢᠯᠠᠵᠤ᠂ ᠤᠯᠠᠨ ᠲᠦᠮᠡᠨ ᠳᠤ ᠠᠮᠤᠷ | ᠲᠦᠪᠰᠢᠨ᠂ ᠳᠥᠭᠦᠮ ᠳᠥᠲᠡ᠂ ᠲᠠᠭᠠᠯᠠᠮᠵᠢᠲᠠᠢ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠤ᠂ ᠤᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠪᠣᠯᠤᠨ ᠵᠣᠯ | ᠵᠢᠷᠭᠠᠯ ᠤᠨ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠲᠣᠭᠤᠷᠢᠭ ᠤᠨ ᠤᠳᠤᠷᠢᠳᠤᠯᠭ᠎ᠠ ᠮᠦᠩᠬᠡᠪᠠᠭᠠᠲᠤᠷ᠂ ᠵᠠᠩ ᠷᠦᠢ᠂ ᠪᠢᠯᠢᠭᠲᠦ ᠪᠠᠷ᠎ᠠ ᠪᠣᠯᠪᠠ᠃ | |