ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠤᠭᠴᠢᠳ ᠤᠨ ᠪᠠᠶᠢᠷᠢᠯᠠᠬᠤ ᠠᠮᠤᠷ ᠲᠦᠪᠰᠢᠨ ᠢ | ᠦᠨᠡᠨ ᠬᠦ ᠪᠠᠲᠤᠯᠠᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠪᠣᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ | ᠪᠠᠶᠢᠷᠢ ᠶᠢᠨ ᠬᠠᠮᠢᠶᠠᠷᠤᠯᠲᠠ ᠶᠢᠨ ᠠᠮᠤᠷ ᠲᠦᠪᠰᠢᠨ ᠤ ᠠᠵᠢᠯ ᠤᠨ ᠲᠤᠰᠬᠠᠢ ᠰᠡᠳᠦᠪᠲᠦ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠬᠤ ᠶᠢᠨ ᠬᠠᠮᠲᠤ ᠲᠤᠬᠠᠢ ᠶᠢᠨ | ᠡᠳᠦᠷ ᠤᠨ ᠣᠷᠣᠢ ᠪᠦᠬᠦ ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠶᠡᠭᠡ ᠪᠠᠶᠢᠴᠠᠭᠠᠯᠲᠠ ᠶᠢ ᠥᠷᠨᠢᠭᠦᠯᠵᠦ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ | ᠬᠦᠮᠦᠵᠢᠭᠦᠯᠬᠦ ᠶᠢ ᠤᠷᠢᠳᠠᠪᠠᠷ ᠬᠡᠷᠡᠭᠵᠢᠭᠦᠯᠬᠦ︾ ᠵᠠᠷᠴᠢᠮ ᠢᠶᠠᠷ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠦᠬᠦ ᠲᠠᠯ᠎ᠠ ᠪᠠᠷ | ᠪᠠᠬᠢᠵᠢᠭᠦᠯᠪᠡ᠃ | | | | | | ᠲᠤᠰᠬᠠᠶ ᠰᠡᠳᠦᠪᠲᠦ ᠬᠤᠷᠠᠯ ᠳᠡᠭᠡᠷ᠎ᠡ᠂ ᠳᠡᠳ᠋ ᠵᠠᠬᠢᠷᠤᠯ ᠶᠠᠩ ᠱᠦᠸᠧ ᠳᠡᠭᠡᠳᠦ ᠱᠠᠲᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠬᠤ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ︽ᠠᠮᠤᠷ ᠲᠦᠪᠰᠢᠨ ᠳᠤ ᠪᠠᠭ᠎ᠠ ᠶᠠᠪᠤᠳᠠᠯ ᠭᠡᠵᠦ ᠥᠬᠡᠶ᠂ ᠬᠠᠷᠢᠭᠤᠴᠠᠯᠭ᠎ᠠ ᠨᠢ | ᠬᠠᠮᠤᠭ ᠠᠴᠠ ᠴᠢᠬᠤᠯᠠ︾ ᠭᠡᠵᠦ ᠴᠢᠬᠤᠯᠠᠴᠢᠯᠠᠪᠠ᠃ ᠬᠤᠷᠠᠯ ᠠᠴᠠ ︽ᠰᠤᠷᠭᠠᠭᠤᠯᠢ ᠶᠢᠨ ᠤᠳᠤᠷᠢᠳᠤᠯᠭ᠎ᠠ — ᠠᠩᠭᠢ ᠶᠢᠨ ᠡᠷᠬᠢᠯᠡᠭᠴᠢ — ᠪᠠᠶᠢᠷᠢ ᠶᠢᠨ ᠬᠠᠮᠢᠶᠠᠷᠤᠭᠴᠢ ᠶᠢᠨ | ᠭᠤᠷᠪᠠᠨ ᠱᠠᠲᠤᠨ ᠤ ᠬᠠᠷᠢᠭᠤᠴᠠᠯᠭ᠎ᠠ ᠶᠢᠨ ᠲᠣᠭᠲᠠᠯᠴᠠᠭ᠎ᠠ ᠶᠢ ᠲᠣᠳᠣᠷᠬᠠᠶ ᠪᠠᠶᠢᠭᠤᠯᠵᠤ᠂ ᠪᠥᠬᠦ ᠪᠠᠭᠰᠢ ᠠᠵᠢᠯᠴᠢᠳ ᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ ᠶᠠᠩ ᠱᠦᠸᠧ ᠪᠠᠶᠢᠷᠢ ᠶᠢᠨ ᠠᠮᠤᠷ | ᠲᠦᠪᠰᠢᠨ ᠤ ᠬᠠᠮᠢᠶᠠᠷᠤᠯᠲᠠ ᠶᠢᠨ ᠠᠵᠢᠯ ᠳᠤ ᠪᠣᠳᠠᠲᠠᠶ ᠪᠠᠶᠢᠷᠢᠯᠠᠭᠤᠯᠤᠯᠲᠠ ᠬᠢᠪᠡ᠄ ᠠᠮᠤᠷ ᠲᠦᠪᠰᠢᠨ ᠤ ᠳᠠᠯᠳᠠ ᠬᠡᠮ ᠤᠨ ᠡᠬᠡ ᠲᠠᠩᠰᠠ ᠶᠢᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠵᠤ᠂ ᠬᠠᠭᠠᠰ ᠰᠠᠷ᠎ᠠ ᠪᠦᠷᠢ ᠭᠠᠯ ᠤᠨᠲᠠᠷᠠᠭᠠᠬᠤ ᠲᠥᠬᠦᠭᠡᠷᠦᠮᠵᠢ ᠶᠢᠨ ᠲᠣᠭᠤᠷᠢᠨ ᠪᠠᠶᠢᠴᠠᠭᠠᠯᠲᠠ ᠶᠢ ᠥᠷᠨᠢᠭᠦᠯᠦᠨ᠎ᠡ︔ ᠪᠠᠶᠢᠷᠢ ᠶᠢᠨ ᠬᠠᠮᠢᠶᠠᠷᠤᠯᠲᠠ ᠶᠢᠨ ᠠᠵᠢᠯᠴᠢᠳ ᠢ | ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠣᠯᠪᠠᠰᠤᠷᠠᠯ ᠳᠤ ᠣᠷᠤᠯᠴᠠᠭᠤᠯᠤᠨ᠎ᠠ ︔ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠭᠠᠬᠤ ᠪᠡᠯᠡᠳᠬᠡᠯ ᠲᠥᠰᠦᠯ ᠢ ᠲᠡᠭᠦᠯᠳᠡᠷᠵᠢᠭᠦᠯᠦᠨ᠎ᠡ︔ ᠠᠩᠭᠢ ᠶᠢᠨ ᠡᠷᠬᠢᠯᠡᠭᠴᠢ ᠭᠠᠷᠠᠭ ᠪᠦᠷᠢ ᠪᠠᠶᠢᠷᠢ ᠳᠤ ᠣᠷᠣᠵᠤ ᠰᠤᠷᠤᠭᠴᠢᠳ ᠢ ᠬᠠᠯᠠᠮᠵᠢᠯᠠᠨ ᠬᠠᠶᠢᠷᠠᠯᠠᠵᠤ᠂ ᠳ᠋ᠢᠩ | ᠳ᠋ᠢᠩ ᠲᠠᠪᠴᠠᠩ ᠢᠶᠠᠷ ᠳᠠᠮᠵᠢᠭᠤᠯᠤᠨ ᠪᠠᠶᠢᠷᠢ ᠶᠢᠨ ᠳᠣᠲᠣᠭᠠᠳᠤ ᠶᠢᠨ ᠰᠤᠷᠤᠭᠴᠢᠳ ᠤᠨ ᠪᠠᠶᠢᠷᠢ ᠳᠤ ᠪᠠᠶᠢᠭ᠎ᠠ ᠪᠠᠶᠢᠳᠠᠯ ᠢ ᠴᠠᠭ ᠲᠤᠬᠠᠶ ᠳᠤᠨᠢ ᠡᠵᠡᠮᠰᠢᠨ᠎ᠡ᠃ | | | | | | ᠲᠤᠰ ᠣᠷᠣᠶ ᠶᠢᠨ 22 ᠴᠠᠭ ᠲᠤ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ ᠬᠠᠮᠵᠢᠯᠴᠠᠨ ᠵᠢᠯᠣᠭᠤᠳᠴᠤ᠂ ᠰᠤᠷᠭᠠᠭᠤᠯᠢ ᠶᠢᠨ ᠤᠳᠤᠷᠢᠳᠬᠤ ᠪᠠᠭ | ᠳᠠᠭᠠᠭᠤᠯᠵᠤ᠂ ᠪᠥᠬᠦ ᠠᠩᠭᠢ ᠶᠢᠨ ᠡᠷᠬᠢᠯᠡᠭᠴᠢ ᠵᠢᠴᠢ ᠤᠯᠤᠰ ᠲᠥᠷᠥ ᠰᠤᠷᠭᠠᠨ ᠬᠥᠮᠦᠵᠢᠯ ᠤᠨ ᠭᠠᠵᠠᠷ ᠤᠨ ᠬᠥᠮᠦᠰ 2 ᠪᠠᠶᠢᠴᠠᠭᠠᠬᠤ ᠳᠤᠭᠤᠶᠢᠯᠠᠩ ᠬᠤᠪᠢᠶᠠᠵᠤ᠂ | ᠰᠤᠷᠤᠭᠴᠢᠳ ᠤᠨ ᠪᠠᠶᠢᠷᠢ ᠳᠤ ︽ᠭᠤᠷᠪᠠ ᠶᠢ ᠪᠠᠶᠢᠴᠠᠭᠠᠵᠤ ᠭᠤᠷᠪᠠ ᠶᠢ ᠥᠭᠡᠷᠡᠴᠢᠯᠡᠬᠦ︾ ᠶᠢ ᠭᠤᠤᠯᠳᠠᠯᠭ᠎ᠠ ᠲᠠᠢ ᠶᠠᠪᠤᠭᠳᠠᠭᠤᠯᠤᠨ᠎ᠠ᠃ ᠡᠯ᠎ᠡ ᠠᠩᠭᠢ ᠶᠢᠨ ᠡᠷᠬᠢᠯᠡᠭᠴᠢ | ᠴᠠᠭᠠᠵᠠᠯᠠᠯ ᠢ ᠵᠥᠷᠢᠴᠡᠭᠰᠡᠨ ᠴᠠᠬᠢᠯᠭᠠᠨ ᠬᠡᠷᠡᠭᠰᠡᠯ᠂ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠬᠤ ᠦᠵᠡᠭᠳᠡᠯ ᠢ ᠪᠠᠶᠢᠷᠢ ᠳᠠᠷᠠᠭᠠᠯᠠᠨ ᠪᠠᠶᠢᠴᠠᠭᠠᠵᠤ᠂ ᠣᠷᠣ ᠶᠢᠨ ᠬᠠᠯᠬᠠᠪᠴᠢ | ᠬᠡᠷᠡᠰᠬᠡ ᠶᠢᠨ ᠲᠣᠭᠲᠠᠭᠤᠨ ᠴᠢᠨᠠᠷ ᠢ ᠰᠢᠯᠭᠠᠨ ᠪᠠᠶᠢᠴᠠᠭᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠪᠠᠶᠢᠷᠢ ᠶᠢᠨ ᠳᠣᠲᠣᠭᠠᠳᠤ ᠳᠤ ᠵᠠᠬᠢᠷᠤᠨ ᠬᠠᠮᠢᠶᠠᠷᠬᠤ ᠢᠷᠲᠦ ᠪᠠᠭᠠᠵᠢ | ᠪᠠᠶᠢᠬᠤ ᠡᠰᠡᠬᠦ ᠶᠢ ᠪᠠᠶᠢᠴᠠᠭᠠᠪᠠ᠃ ᠢᠯᠡᠷᠡᠭᠦᠯᠦᠭᠰᠡᠨ ᠬᠡᠰᠡᠭ ᠴᠠᠬᠢᠯᠭᠠᠨ ᠴᠡᠨᠡᠭᠯᠡᠬᠦ ᠲᠥᠬᠦᠭᠡᠷᠦᠮᠵᠢ ᠨᠢ ᠴᠠᠭ ᠲᠤᠬᠠᠶ ᠳᠤᠨᠢ ᠴᠠᠬᠢᠯᠭᠠᠨ ᠲᠠᠰᠤᠷᠠᠭᠰᠠᠨ ᠦᠭᠡᠢ᠂ ᠠᠶᠤᠯ ᠥᠬᠡᠶ | ᠨᠡᠪᠲᠡᠷᠡᠬᠦ ᠵᠠᠮ ᠳᠤ ᠡᠯᠳᠡᠪ ᠪᠣᠳᠠᠰ ᠢ ᠣᠪᠣᠭᠠᠯᠠᠵᠤ ᠲᠠᠯᠪᠢᠭᠰᠠᠨ ᠵᠡᠷᠭᠡ ᠪᠠᠶᠢᠳᠠᠯ ᠳᠤ ᠴᠢᠭᠯᠡᠭᠦᠯᠦᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠤᠬᠠᠶ ᠶᠢᠨ | ᠲᠠᠯᠠᠪᠤᠷ ᠲᠤᠨᠢ ᠨᠠᠶᠢᠳᠠᠪᠤᠷᠢᠵᠢᠭᠤᠯᠵᠤ᠂ ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ ᠢ 3 ᠬᠤᠪᠢ ᠬᠤᠷᠢᠶᠠᠨ ᠠᠪᠴᠤ᠂ 5 ᠭᠠᠵᠠᠷ ᠤᠨ ᠵᠠᠮ ᠨᠡᠪᠲᠡᠷᠡᠯᠭᠡ ᠶᠢᠨ ᠬᠠᠷᠰᠢ | ᠰᠠᠭᠠᠳ ᠢ ᠠᠷᠢᠯᠭᠠᠪᠠ᠃ ᠪᠠᠶᠢᠴᠠᠭᠠᠬᠤ ᠶᠠᠪᠤᠴᠠ ᠳᠤ᠂ ᠠᠩᠭᠢ ᠶᠢᠨ ᠡᠷᠬᠢᠯᠡᠭᠴᠢ ᠠᠮᠤᠷ ᠲᠦᠪᠰᠢᠨ ᠤ ᠬᠥᠮᠦᠵᠢᠯ ᠢ ᠵᠡᠷᠭᠡ ᠪᠠᠷ ᠥᠷᠨᠢᠭᠦᠯᠵᠦ᠂ ᠦᠨᠡᠨ ᠪᠣᠳᠠᠲᠠᠶ ᠬᠡᠷᠡᠭ ᠤᠨ | ᠵᠢᠱᠢᠶ᠎ᠡ ᠪᠠᠷ ᠳᠠᠮᠵᠢᠭᠤᠯᠤᠨ ᠪᠠᠶᠢᠷᠢ ᠶᠢᠨ ᠠᠮᠤᠷ ᠲᠦᠪᠰᠢᠨ ᠤ ᠵᠢᠷᠤᠮᠵᠢᠯ ᠢ ᠴᠢᠬᠤᠯᠠᠴᠢᠯᠠᠪᠠ᠃ | | | | | | ︽ᠲᠤᠰ ᠤᠳᠠᠭᠠᠨ ᠤ ᠠᠵᠢᠯᠯᠠᠭ᠎ᠠ ᠨᠢ ᠡᠴᠦᠰ ᠤᠨ ᠴᠡᠭ ᠪᠢᠰᠢ᠂ ᠬᠠᠷᠢᠨ ᠪᠠᠶᠢᠩᠭᠤ ᠶᠢᠨ ᠬᠠᠮᠢᠶᠠᠷᠤᠯᠲᠠ ᠶᠢᠨ ᠰᠢᠨ᠎ᠡ ᠡᠬᠢᠯᠡᠯᠲᠡ ᠪᠣᠯᠤᠨ᠎ᠠ︾᠃ ᠤᠯᠤᠰ ᠲᠥᠷᠥ ᠰᠤᠷᠭᠠᠨ | ᠬᠥᠮᠦᠵᠢᠯ ᠤᠨ ᠭᠠᠵᠠᠷ ᠤᠨ ᠡᠷᠬᠢᠯᠡᠭᠴᠢ ᠰᠦᠨ ᠹᠠᠨ ᠂ ᠰᠤᠷᠭᠠᠭᠤᠯᠢ ︽ᠠᠮᠤᠷ ᠲᠦᠪᠰᠢᠨ ᠤ ᠪᠠᠶᠢᠷᠢ︾ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠣᠶᠢᠷ᠎ᠠ ᠶᠢᠨ ᠬᠤᠭᠤᠴᠠᠭᠠᠨ ᠳᠤ ᠪᠠᠶᠢᠷᠢ ᠶᠢᠨ ᠠᠰᠠᠷ ᠤᠨ ᠤᠶᠤᠨᠲᠤ ᠲᠠᠮᠠᠬᠢᠨ ᠤ ᠰᠡᠷᠡᠯ ᠤᠨ ᠲᠦᠭᠰᠢᠭᠦᠷᠢ ᠮᠡᠳᠡᠭᠡᠯᠡᠬᠦ ᠰᠢᠰᠲ᠋ᠧᠮ ᠢ ᠨᠡᠮᠡᠨ ᠪᠠᠶᠢᠭᠤᠯᠵᠤ᠂ ᠬᠠᠭᠤᠴᠢᠨ ᠴᠠᠬᠢᠯᠭᠠᠨ | ᠬᠡᠯᠬᠢᠶ᠎ᠡ ᠶᠢᠨ ᠲᠥᠬᠦᠭᠡᠷᠦᠮᠵᠢ ᠶᠢ ᠥᠭᠡᠷᠡᠴᠢᠯᠡᠬᠦ ᠶᠢᠨ ᠬᠠᠮᠲᠤ ᠰᠤᠷᠤᠭᠴᠢᠳ ᠤᠨ ᠠᠮᠤᠷ ᠲᠦᠪᠰᠢᠨ ᠤ ᠬᠢᠨᠠᠯᠲᠠ ᠲᠠᠯᠪᠢᠭᠴᠢ ᠶᠢᠨ ᠲᠦᠷᠢᠮ ᠢ ᠪᠠᠶᠢᠭᠤᠯᠤᠨ᠎ᠠ᠃ ᠲᠦᠷᠢᠮ ᠢ | ᠲᠡᠭᠦᠯᠳᠡᠷᠵᠢᠭᠦᠯᠬᠦ᠂ ᠲᠥᠬᠦᠭᠡᠷᠦᠮᠵᠢ ᠶᠢ ᠲᠠᠰ ᠳᠡᠪᠰᠢᠭᠦᠯᠬᠦ᠂ ᠰᠤᠷᠭᠠᠨ ᠬᠥᠮᠦᠵᠢᠯ ᠤᠨ ᠴᠢᠩᠭᠠᠳᠬᠠᠯ ︽ᠭᠤᠷᠪᠠ ᠶᠢ ᠵᠡᠷᠭᠡ ᠪᠠᠷ ᠠᠳᠬᠤᠬᠤ︾ ᠪᠠᠷ ᠳᠠᠮᠵᠢᠭᠤᠯᠤᠨ᠂ | ᠰᠤᠷᠤᠭᠴᠢᠳ ᠲᠤ ᠠᠮᠤᠷ ᠲᠦᠪᠰᠢᠨ᠂ ᠲᠠᠭᠠᠯᠠᠮᠵᠢᠲᠠᠶ ᠰᠤᠷᠤᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠵᠤ ᠥᠭᠭᠦᠨ᠎ᠡ ᠭᠡᠵᠦ ᠢᠯᠡᠷᠬᠡᠶᠢᠯᠡᠪᠡ᠃ | ᠲᠣᠰ ᠤᠳᠠᠭᠠᠨ ᠤ ᠠᠮᠤᠷ ᠲᠦᠪᠰᠢᠨ ᠤ ᠲᠤᠰᠬᠠᠶ ᠠᠵᠢᠯᠯᠠᠭ᠎ᠠ ᠨᠢ ᠪᠤᠭᠤᠲᠤ ᠶᠢᠨ ᠠᠷᠪᠠᠨ ᠨᠠᠢᠮᠠᠳᠤᠭᠠᠷ ᠳᠤᠮᠳᠠᠳᠤ ᠰᠤᠷᠭᠠᠭᠤᠯᠢ ᠶᠢᠨ ︽ᠰᠤᠷᠤᠭᠴᠢ ᠪᠠᠷ ᠦᠨᠳᠦᠰᠦ | ᠪᠣᠯᠭᠠᠬᠤ︾ ᠰᠤᠷᠭᠠᠭᠤᠯᠢ ᠡᠷᠭᠢᠯᠡᠬᠦ ᠣᠶᠢᠯᠠᠭᠠᠭᠳᠠᠬᠤᠨ ᠢ ᠭᠦᠢᠴᠡᠳ ᠢᠯᠡᠷᠡᠭᠦᠯᠵᠦ᠂ ︽ᠬᠤᠷᠠᠯ ᠤᠨ ᠪᠠᠶᠢᠷᠢᠯᠠᠭᠤᠯᠤᠯᠲᠠ + ᠲᠤᠬᠠᠶ ᠶᠢᠨ ᠲᠠᠯᠠᠪᠤᠷ ᠲᠤ ᠵᠢᠭᠰᠠᠭᠠᠨ ᠪᠠᠶᠢᠴᠠᠭᠠᠬᠤ | + ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ︾ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢᠨ ᠵᠠᠭᠪᠤᠷ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠢᠯᠡᠳᠬᠡᠮᠵᠢ ᠶᠢ ᠪᠦᠲᠦᠮᠵᠢᠲᠡᠶ ᠳᠡᠭᠡᠭᠰᠢᠯᠡᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠬᠦ ᠳᠤ ᠪᠠᠲᠤ ᠴᠢᠩᠭ᠎ᠠ | ᠪᠠᠲᠤᠯᠠᠭ᠎ᠠ ᠬᠠᠩᠭᠠᠭᠰᠠᠨ ᠪᠠᠶᠢᠨ᠎ᠠ᠃ | |