ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠣᠯᠤᠨ ᠵᠠᠮ ᠬᠠᠷᠢᠯᠴᠠᠭᠠᠨ ᠤ ᠲᠣᠪᠴᠢᠶ᠎ᠠ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠠᠵᠢᠯ ᠢᠶᠠᠨ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/4/10
    4 ᠳ᠋ᠦ᠋ᠭᠡᠷ ᠰᠠᠷ᠎ᠠ ᠶᠢᠨ 9 ᠤ ᠡᠳᠦᠷ᠂ ᠪᠥᠬᠦ ᠲᠣᠭᠤᠷᠢᠭ ᠤᠨ ᠪᠠᠷᠢᠯᠭ᠎ᠠ ᠶᠢᠨ ᠭᠠᠵᠠᠷ ᠤᠨ ᠠᠶᠤᠯ ᠦᠭᠡᠢ ᠦᠢᠯᠡᠳᠪᠦᠷᠢᠯᠡᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ ᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠤ ᠳᠠᠷᠠᠭᠠᠬᠢ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠶᠢᠨ  ᠲᠦᠯᠦᠭᠡ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠣᠯᠤᠨ ᠵᠠᠮ ᠬᠠᠷᠢᠯᠴᠠᠭᠠᠨ ᠤ ᠲᠣᠪᠴᠢᠶ᠎ᠠ ᠳᠣᠭᠤᠶᠢᠯᠠᠩ ᠪᠠᠶᠢᠭᠤᠯᠤᠨ ᠬᠠᠷᠢᠶ᠎ᠠ ᠲᠣᠭᠤᠷᠢᠭ ᠤᠨ ᠢᠶᠠᠨ ᠳᠣᠲᠣᠷᠠᠬᠢ ᠠᠵᠢᠯ ᠡᠬᠢᠯᠡᠭᠦᠯᠦᠭᠰᠡᠨ ᠲᠥᠷᠥᠯ ᠵᠦᠢᠯ ᠳᠤ ᠪᠥᠬᠦ ᠲᠠᠯ᠎ᠠ ᠶᠢᠨ᠂ ᠨᠠᠷᠢᠨ ᠨᠢᠮᠪᠠᠶ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠪᠡ᠃    ᠪᠠᠶᠢᠴᠠᠭᠠᠬᠤ ᠳᠤᠭᠤᠶᠢᠯᠠᠩ ᠺᠧ ᠯᠠᠢ ᠪᠣᠸ᠋ ᠥᠨᠳᠥᠷ ᠴᠢᠳᠠᠪᠬᠢᠲᠤ ᠨᠠᠷᠢᠯᠢᠭ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠪᠠᠷᠢᠯᠭ᠎ᠠ ᠶᠢᠨ ᠭᠠᠵᠠᠷ ᠲᠤ ᠭᠦᠨᠵᠡᠭᠡᠶᠢᠷᠡᠵᠦ᠂ ᠠᠵᠤ ᠦᠢᠯᠡᠳᠪᠦᠷᠢ ᠶᠢᠨ ᠦᠢᠯᠡᠳᠪᠦᠷᠢ ᠶᠢᠨ ᠭᠡᠷ ᠪᠠᠶᠢᠰᠢᠩ ᠤᠨ ᠪᠠᠷᠢᠯᠭ᠎ᠠ ᠶᠢᠨ ᠪᠣᠯᠣᠳ ᠪᠦᠲᠦᠴᠡ ᠨᠢ ᠪᠠᠲᠤ ᠪᠠᠬᠢ ᠪᠠᠶᠢᠬᠤ ᠡᠰᠡᠬᠦ᠂ ᠮᠠᠰᠢᠨ ᠲᠥᠬᠦᠭᠡᠷᠦᠮᠵᠢ ᠶᠢ ᠤᠭᠰᠠᠷᠠᠭᠰᠠᠨ ᠪᠠ ᠬᠡᠷᠡᠭᠯᠡᠭᠰᠡᠨ ᠲᠠᠯ᠎ᠠ ᠪᠠᠷ ᠲᠣᠭᠲᠠᠭᠠᠯ ᠳᠤ ᠨᠡᠶᠢᠴᠡᠬᠦ ᠡᠰᠡᠬᠦ᠂ ᠭᠡᠮ ᠰᠣᠭᠤᠭ ᠪᠠ ᠡᠪᠳᠡᠭᠳᠡᠭᠰᠡᠨ ᠡᠰᠡᠬᠦ ᠵᠡᠷᠭᠡ ᠶᠢ ᠭᠤᠣᠯᠳᠠᠯᠭ᠎ᠠ ᠲᠠᠢ ᠬᠢᠨᠠᠨ ᠪᠠᠶᠢᠴᠠᠭᠠᠪᠠ ︔ ᠡᠭᠦᠨ ᠤ ᠬᠠᠮᠲᠤ᠂ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠬᠢᠭᠡᠳ ᠠᠮᠢᠳᠤᠷᠠᠯ ᠤᠨ ᠣᠷᠣᠨ ᠪᠦᠰᠡ ᠶᠢᠨ ᠬᠤᠪᠢᠶᠠᠷᠢᠯᠠᠯ᠂ ᠮᠠᠲ᠋ᠧᠷᠢᠶᠠᠯ ᠤᠨ ᠬᠠᠮᠢᠶᠠᠷᠤᠯᠲᠠ᠂ ᠪᠢᠲᠡᠭᠦᠮᠵᠢᠯᠡᠭᠰᠡᠨ ᠬᠠᠮᠢᠶᠠᠷᠤᠯᠲᠠ ᠵᠡᠷᠭᠡ ᠪᠠᠷᠢᠯᠭ᠎ᠠ ᠶᠢᠨ ᠠᠵᠢᠯ ᠤᠨ ᠪᠣᠯᠪᠠᠰᠤᠨ ᠬᠠᠮᠢᠶᠠᠷᠤᠯᠲᠠ ᠶᠢᠨ ᠲᠥᠰᠦᠯ ᠢ ᠨᠠᠶᠢᠷᠠᠭᠤᠯᠤᠨ ᠵᠣᠬᠢᠶᠠᠭᠰᠠᠨ᠂ ᠬᠡᠷᠡᠭᠵᠢᠭᠦᠯᠦᠭᠰᠡᠨ ᠵᠡᠷᠭᠡ ᠪᠠᠶᠢᠳᠠᠯ᠂ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠪᠠᠷᠢᠯᠭ᠎ᠠ ᠶᠢᠨ ᠠᠵᠢᠯ ᠳᠤ ᠬᠡᠷᠡᠭᠯᠡᠬᠦ ᠴᠠᠬᠢᠯᠭᠠᠨ᠂ ᠥᠨᠳᠥᠷ ᠭᠠᠵᠠᠷ ᠲᠤ ᠠᠵᠢᠯᠯᠠᠬᠤ ᠰᠡᠷᠭᠡᠶᠢᠯᠡᠯᠲᠡ ᠬᠠᠮᠠᠭᠠᠯᠠᠯᠲᠠ ᠵᠡᠷᠭᠡ ᠪᠠᠶᠢᠳᠠᠯ ᠢ ᠴᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠪᠠ᠃    ᠪᠠᠶᠢᠴᠠᠭᠠᠬᠤ ᠳᠤᠭᠤᠶᠢᠯᠠᠩ ᠠᠴᠠ ᠂ ᠡᠯ᠎ᠡ ᠠᠵᠤ ᠠᠬᠤᠶᠢᠯᠠᠯ ᠠᠶᠤᠯ ᠦᠭᠡᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠷᠲᠡ ᠪᠠᠶᠢᠷᠢᠯᠠᠭᠤᠯᠵᠤ᠂ ᠡᠷᠲᠡ ᠲᠤᠬᠢᠷᠠᠭᠤᠯᠵᠤ᠂ ᠡᠷᠲᠡ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠬᠠᠷᠢᠭᠤᠴᠠᠯᠭᠠᠲᠠᠨ ᠭᠡᠮ ᠰᠣᠭᠤᠭ ᠢ ᠨᠠᠷᠢᠨ ᠬᠢᠨᠠᠮᠠᠭᠠᠢ ᠪᠠᠶᠢᠴᠠᠭᠠᠵᠤ᠂ ᠠᠯᠳᠠᠰᠢ ᠭᠠᠷᠬᠤ ᠶᠢᠬᠤᠷᠢᠭᠯᠠᠵᠤ᠂ ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠵᠦ᠂ ᠳᠠᠯᠳᠠ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ ᠃ 
ᠢᠷᠡᠯᠲᠡ᠄ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠵᠠᠮ ᠬᠠᠷᠢᠯᠴᠠᠭᠠᠨ ᠤ ᠲᠣᠪᠴᠢᠶ᠎ᠠ