4 ᠳ᠋ᠦ᠋ᠭᠡᠷ ᠰᠠᠷ᠎ᠠ ᠶᠢᠨ 15 ᠤ ᠡᠳᠦᠷ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ ᠪᠠᠳᠠᠷᠠᠭᠤᠯᠵᠤ᠂ ᠬᠠᠷᠢᠶ᠎ᠠ | ᠲᠣᠭᠤᠷᠢᠭ ᠤᠨ ᠨᠠᠰᠤᠲᠠᠶᠢᠴᠤᠳ ᠤᠨ ᠠᠮᠢᠳᠤᠷᠠᠯ ᠢ ᠬᠠᠯᠠᠮᠵᠢᠯᠠᠬᠤ ᠶᠢᠨ ᠲᠥᠯᠥᠭᠡ᠂ ᠠᠭᠤᠷᠬᠠᠢ ᠶᠢᠨ ᠵᠠᠮ ᠵᠡᠭᠡᠯᠢ ᠭᠤᠳᠤᠮᠵᠢ ᠶᠢᠨ ᠪᠠᠢ ᠯᠢᠩ ᠨᠡᠶᠢᠭᠡᠮ ᠲᠣᠭᠤᠷᠢᠭ ᠬᠠᠷᠢᠶ᠎ᠠ | ᠲᠣᠭᠤᠷᠢᠭ ᠤᠨ ᠡᠾᠦ᠋ᠢ ᠳ᠋ᠧ ᠨᠠᠰᠤᠲᠠᠨ ᠢ ᠠᠰᠠᠷᠠᠬᠤ ᠬᠦᠷᠢᠶᠡᠯᠡᠩ ᠳᠤ ᠰᠠᠷ᠎ᠠ ᠪᠦᠷᠢ ᠨᠢᠭᠡ ᠤᠳᠠᠭ᠎ᠠ ᠶᠢᠨ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠬᠠᠶᠢᠴᠢᠯᠠᠯ︾ ᠤᠨ | ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠳᠤ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ ᠠᠴᠠ 20 ᠭᠠᠷᠤᠶ | ᠨᠠᠰᠤᠲᠠᠨ ᠳᠤ ᠰᠦᠢᠳᠬᠡᠯ ᠬᠤᠷᠢᠶᠠᠬᠤ ᠥᠬᠡᠶ ᠪᠠᠷ ᠦᠰᠦ ᠵᠠᠰᠠᠬᠤ ᠦᠢᠯᠡᠴᠢᠯᠡᠭᠡ ᠬᠠᠩᠭᠠᠵᠤ᠂ ᠲᠡᠳᠡᠨ ᠳᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠮᠡᠳᠡᠷᠡᠭᠦᠯᠪᠡ᠃ | | | | | | ᠬᠠᠪᠤᠷ ᠰᠢᠭ ᠤᠷᠢᠨ ᠳᠤᠯᠠᠭᠠᠨ ᠾᠦᠢ ᠳ᠋ᠧ ᠨᠠᠰᠤᠲᠠᠨ ᠢ ᠠᠰᠠᠷᠠᠬᠤ ᠬᠦᠷᠢᠶᠡᠯᠡᠩ ᠤᠨ ᠶᠡᠭᠡ ᠲᠢᠩᠬᠢᠮ ᠳᠤ ᠨᠠᠰᠤᠲᠠᠶᠢᠴᠤᠳ ᠪᠠᠶᠠᠷ ᠬᠥᠷ ᠲᠠᠢ ᠪᠠᠷ ᠬᠠᠮᠲᠤ ᠰᠠᠭᠤᠵᠤ᠂ | ᠰᠠᠶᠢᠨ ᠳᠤᠷ᠎ᠠ ᠶᠢᠨ ᠠᠵᠢᠯᠯᠠᠭᠴᠢᠳ ᠤᠨ ᠵᠠᠷᠢᠮ ᠨᠢ ᠨᠠᠰᠤᠲᠠᠶᠢᠴᠤᠳ ᠲᠤ ᠭᠡᠵᠢᠭᠡ ᠶᠢ ᠨᠢ ᠤᠬᠢᠶᠠᠵᠤ ᠥᠭᠬᠦ ᠪᠠᠷ ᠶᠠᠭᠠᠷᠠᠵᠤ᠂ ᠵᠠᠷᠢᠮ ᠨᠢ ᠭᠠᠷ ᠲᠤ ᠪᠠᠨ ᠦᠰᠦ ᠵᠠᠰᠠᠬᠤ ᠬᠠᠶᠢᠴᠢ | ᠪᠠᠷᠢᠵᠤ᠂ ᠨᠠᠷᠢᠨ ᠨᠢᠮᠪᠠᠢ ᠨᠠᠰᠤᠲᠠᠳ ᠤᠨ ᠭᠡᠵᠢᠭᠡ ᠶᠢ ᠨᠢ ᠵᠠᠰᠠᠨ ᠰᠠᠬᠠᠯ ᠢ ᠨᠢ ᠬᠤᠰᠤᠵᠤ᠂ ᠲᠤᠬᠠᠢ ᠶᠢᠨ ᠲᠠᠯᠠᠪᠠᠢ ᠳᠤ ᠡᠶ᠎ᠡ ᠨᠠᠶᠢᠷᠠᠮᠳᠠᠭᠤ ᠪᠠᠷ ᠪᠢᠯᠬᠠᠵᠤ ᠪᠠᠶᠢᠯ᠎ᠠ᠃ | | | | | | ︽ᠠᠯᠢ ᠡᠷᠲᠡ ᠲᠠ ᠨᠠᠷ ᠤᠨ ᠢᠷᠡᠬᠦ ᠶᠢ ᠬᠦᠯᠢᠶᠡᠵᠦ ᠪᠠᠶᠢᠭᠰᠠᠨ ᠶᠤᠮ︕ ᠲᠠ ᠨᠠᠷ ᠲᠤ ᠲᠠᠯᠠᠷᠬᠠᠵᠤ ᠪᠠᠶᠢᠨ᠎ᠠ᠂ ᠤᠳᠠᠭ᠎ᠠ ᠪᠦᠷᠢ ᠢᠷᠡᠵᠦ ᠨᠠᠮ᠎ᠠ ᠶᠢ ᠬᠠᠪᠰᠤᠷᠤᠨ ᠦᠰᠦ | ᠶᠢ ᠵᠠᠰᠠᠵᠤ ᠂ ᠪᠠᠰᠠ ᠨᠠᠳᠠ ᠳᠤ ᠬᠠᠨᠢ ᠪᠣᠯᠵᠤ ᠵᠣᠭᠤᠭᠲᠠᠨᠠ ᠂ ᠮᠠᠰᠢ ᠪᠠᠶᠠᠷᠲᠠᠢ ᠪᠠᠶᠢᠨ᠎ᠠ ︾ ᠭᠡᠵᠦ ᠨᠢᠭᠡ ᠨᠠᠰᠤᠲᠠᠨ ᠬᠡᠯᠡᠪᠡ᠃ | ᠰᠠᠷ᠎ᠠ ᠪᠦᠷᠢ ᠥᠷᠨᠢᠭᠦᠯᠦᠭᠰᠡᠨ ᠦᠰᠦ ᠵᠠᠰᠠᠬᠤ ᠠᠵᠢᠯᠯᠠᠭ᠎ᠠ ᠨᠢ ᠨᠠᠰᠤᠲᠠᠶᠢᠴᠤᠳ ᠤᠨ ᠳᠤᠷ᠎ᠠ ᠪᠠᠬ᠎ᠠ ᠶᠢ ᠶᠡᠬᠡᠳᠡ ᠲᠠᠲᠠᠵᠤ᠂ ᠲᠡᠳᠡᠨ ᠤ ᠥᠨᠳᠥᠷ ᠦᠨᠡᠯᠡᠯᠲᠡ ᠶᠢ ᠣᠯᠤᠭᠰᠠᠨ | ᠪᠠᠶᠢᠨ᠎ᠠ᠃ ᠲᠡᠳᠡ᠂ ᠡᠶᠢᠮᠦᠷᠬᠦᠦ ᠠᠵᠢᠯᠯᠠᠭ᠎ᠠ ᠨᠢ ᠲᠡᠳᠡᠨ ᠳᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠢᠶᠠᠷ ᠪᠠᠷᠠᠬᠤ ᠦᠭᠡᠢ ᠪᠠᠰᠠ ᠲᠡᠳᠡᠨ ᠤ ᠥᠲᠡᠯᠦᠭᠡ | ᠨᠠᠰᠤᠨ ᠤ ᠠᠮᠢᠳᠤᠷᠠᠯ ᠢ ᠨᠡᠩ ᠪᠠᠶᠠᠯᠢᠭ ᠰᠠᠶᠢᠬᠠᠨ ᠪᠣᠯᠭᠠᠪᠠ ᠭᠡᠵᠦ ᠢᠯᠡᠳᠬᠡᠵᠡᠭᠡᠪᠡ᠃ ᠾᠦᠢ ᠳ᠋ᠧ ᠨᠠᠰᠤᠲᠠᠨ ᠢ ᠠᠰᠠᠷᠠᠬᠤ ᠬᠦᠷᠢᠶᠡᠯᠡᠩ ᠪᠠᠰᠠ ᠨᠡᠶᠢᠭᠡᠮ ᠲᠣᠭᠤᠷᠢᠭ ᠤᠨ ᠰᠠᠶᠢᠨ | ᠳᠤᠷ᠎ᠠ ᠶᠢᠨ ᠠᠵᠢᠯᠯᠠᠭᠴᠢ ᠶᠢᠨ ᠰᠢᠷᠭᠠᠭᠤ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠢᠷᠡᠭᠡᠳᠦᠢ ᠳᠤ ᠨᠡᠩ ᠤᠯᠠᠨ ᠡᠶᠢᠮᠦ ᠨᠡᠶᠢᠲᠡ ᠶᠢᠨ ᠠᠰᠠᠷᠠᠮᠵᠢ ᠶᠢᠨ | ᠠᠵᠢᠯᠯᠠᠭ᠎ᠠ ᠥᠷᠨᠢᠭᠦᠯᠵᠦ᠂ ᠨᠠᠰᠤᠲᠠᠶᠢᠴᠤᠳ ᠲᠤ ᠨᠡᠩ ᠤᠯᠠᠨ ᠬᠠᠶᠢᠷ᠎ᠠ ᠬᠠᠯᠠᠮᠵᠢ ᠬᠦᠷᠭᠡᠬᠦ ᠶᠢ ᠬᠦᠰᠡᠪᠡ᠃ | ᠲᠣᠰ ᠤᠳᠠᠭᠠᠨ ᠤ ︽ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠬᠠᠶᠢᠴᠢᠯᠠᠯ︾ ᠤᠨ ᠠᠵᠢᠯᠯᠠᠭ᠎ᠠ ᠨᠢ ᠪᠠᠶ ᠯᠢᠩ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ | ᠦᠵᠡᠭᠦᠯᠦᠭᠰᠡᠨ ᠬᠠᠶᠢᠷ᠎ᠠ ᠬᠠᠯᠠᠮᠵᠢ ᠶᠢ ᠢᠯᠡᠷᠡᠭᠦᠯᠦᠭᠰᠡᠨ ᠢᠶᠠᠷ ᠪᠠᠷᠠᠬᠤ ᠥᠬᠡᠶ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠬᠠᠶᠢᠷᠠᠯᠠᠬᠤ ᠤᠯᠠᠮᠵᠢᠯᠠᠯᠲᠤ ᠰᠠᠶᠢᠬᠠᠨ ᠰᠤᠷᠲᠠᠯ ᠢ | ᠪᠠᠳᠠᠷᠠᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ ᠡᠶ᠎ᠡ ᠵᠣᠬᠢᠴᠠᠯ ᠲᠠᠢ ᠠᠭᠤᠷ ᠠᠮᠢᠰᠬᠤᠯ ᠢ ᠤᠯᠠᠮ ᠨᠢᠭᠡ ᠠᠯᠬᠤᠮ ᠴᠢᠩᠭᠠᠷᠠᠭᠤᠯᠪᠠ᠃ | |