ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠭᠦᠨᠵᠡᠭᠡᠶᠢᠷᠡᠨ ᠴᠠᠬᠢᠯᠭᠠᠨ ᠤ ᠬᠡᠮᠵᠢᠶ᠎ᠡ ᠴᠠᠬᠢᠯᠭᠠᠨ ᠤ ᠦᠨ᠎ᠡ ᠶᠢ ᠲᠠᠶᠢᠯᠪᠤᠷᠢᠯᠠᠵᠤ ᠠᠵᠤ ᠠᠬᠤᠶᠢᠯᠠᠯ ᠤᠨ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/17
    ᠣᠶᠢᠷ᠎ᠠ ᠳᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢ ᠬᠠᠪᠰᠤᠷᠤᠨ ᠴᠠᠬᠢᠯᠭᠠᠨ ᠤ ᠬᠡᠮᠵᠢᠶ᠎ᠡ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠭᠦᠨᠵᠡᠭᠡᠶ ᠣᠶᠢᠯᠠᠭᠠᠭᠤᠯᠵᠤ᠂ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠰᠢᠯᠢᠳᠡᠭᠵᠢᠭᠦᠯᠬᠦ ᠶᠢᠨ ᠲᠥᠯᠥᠭᠡ᠂ ᠪᠠᠶ᠋ᠬᠠᠣᠪᠤᠭ᠎ᠠ ᠴᠠᠬᠢᠯᠭᠠᠨ ᠬᠠᠩᠭᠠᠬᠤ ᠬᠤᠪᠢᠶᠠᠷᠢ ᠲᠣᠪᠴᠢᠶ᠎ᠠ ᠠᠴᠠ ᠨᠢᠭᠡᠨ ᠤᠳᠠᠭᠠᠨ ᠤ ᠬᠠᠨᠳᠤᠯᠭᠠᠲᠤ ᠴᠢᠨᠠᠷ ᠢᠶᠠᠷ ᠴᠢᠩᠭ᠎ᠠ᠂ ᠠᠭᠤᠯᠭ᠎ᠠ ᠪᠠᠷ ᠪᠠᠶᠠᠯᠢᠭ ᠴᠠᠬᠢᠯᠭᠠᠨ ᠤ ᠦᠨ᠎ᠡ ᠶᠢ ᠲᠠᠶᠢᠯᠪᠤᠷᠢᠯᠠᠨ ᠵᠠᠳᠠᠯᠬᠤ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠥᠷᠭᠡᠨ ᠠᠩᠬᠠᠷᠤᠯ ᠪᠠ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
深入工业园区解读电量电价,助力企业降本增效11.png
    ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠨ ᠠᠵᠢᠯᠲᠠᠨ ᠲᠤᠭ᠎ᠠ ᠪᠠᠷᠢᠮᠲᠠ ᠪᠠ ᠵᠢᠷᠤᠭ ᠬᠦᠰᠦᠨᠦᠭᠲᠦ ᠪᠠᠷ ᠴᠠᠬᠢᠯᠭᠠᠨ ᠤ ᠬᠡᠮᠵᠢᠶ᠎ᠡ ᠴᠠᠬᠢᠯᠭᠠᠨ ᠤ ᠦᠨ᠎ᠡ ᠶᠢᠨ ᠲᠣᠭᠲᠠᠯᠴᠠᠭ᠎ᠠ ᠶᠢ ᠲᠠᠶᠢᠯᠪᠤᠷᠢᠯᠠᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠣᠨᠴᠠᠯᠢᠭ ᠲᠤ ᠴᠢᠭᠯᠡᠭᠦᠯᠦᠨ᠂ ᠴᠠᠬᠢᠯᠭᠠᠨ ᠬᠡᠷᠡᠭᠯᠡᠬᠦ ᠣᠷᠭᠢᠯ ᠤᠨ ᠦᠶ᠎ᠡ ᠶᠢᠨ ᠡᠩ ᠤᠨ ᠴᠠᠬᠢᠯᠭᠠᠨ ᠤ ᠦᠨ᠎ᠡ ᠶᠢᠨ ᠵᠥᠷᠢᠶ᠎ᠡ ᠵᠢᠴᠢ ᠦᠨᠳᠦᠰᠦᠨ ᠴᠠᠬᠢᠯᠭᠠᠨ ᠤ ᠵᠠᠷᠤᠳᠠᠯ᠂ ᠬᠦᠴᠦᠨ ᠤ  ᠲᠣᠬᠢᠷᠠᠭᠤᠯᠤᠯᠲᠠ ᠶᠢᠨ ᠴᠠᠬᠢᠯᠭᠠᠨ ᠤ ᠵᠠᠷᠤᠳᠠᠯ ᠢ ᠪᠣᠳᠣᠬᠤ ᠵᠡᠷᠭᠡ ᠠᠵᠢᠯ ᠢ ᠵᠠᠳᠠᠯᠵᠤ᠂ ᠠᠵᠤ ᠠᠬᠤᠶᠢᠯᠠᠯ ᠢ ᠬᠠᠪᠰᠤᠷᠤᠨ ᠴᠠᠬᠢᠯᠭᠠᠨ ᠤ ᠵᠠᠷᠤᠳᠠᠯ ᠢ ᠪᠤᠳᠤᠬᠤ ᠯᠣᠭᠢᠭ ᠢ ᠡᠵᠡᠮᠰᠢᠭᠦᠯᠪᠡ︔ ᠪᠠᠰᠠ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠲᠤᠭ᠎ᠠ ᠪᠠᠷᠢᠮᠲᠠ ᠶᠢ ᠵᠠᠳᠠᠯᠵᠤ᠂ ᠴᠠᠬᠢᠯᠭᠠᠨ ᠬᠡᠷᠡᠭᠯᠡᠬᠦ ᠬᠠᠨᠳᠤᠰᠢ ᠶᠢ ᠳᠡᠯᠭᠡᠨ ᠦᠵᠡᠭᠦᠯᠵᠦ᠂ ᠡᠨᠧᠷᠭᠢ ᠶᠡᠭᠡ ᠬᠤᠷᠣᠭᠳᠠᠭᠤᠯᠬᠤ ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠤ ᠴᠠᠭ ᠨᠢ ᠵᠦᠶ ᠵᠣᠬᠢᠰ ᠥᠬᠡᠶ᠂ ᠴᠢᠳᠠᠮᠵᠢ ᠨᠢ ᠳᠣᠤᠷ᠎ᠠ ᠵᠡᠷᠭᠡ ᠴᠠᠬᠢᠯᠭᠠᠨ ᠬᠡᠷᠡᠭᠯᠡᠬᠦ ᠠᠰᠠᠭᠤᠳᠠᠯ ᠢ ᠵᠢᠭᠠᠨ ᠭᠠᠷᠭᠠᠵᠤ᠂ ᠰᠢᠯᠢᠳᠡᠭᠵᠢᠭᠦᠯᠬᠦ ᠠᠷᠭ᠎ᠠ ᠪᠣᠳᠣᠯᠭ᠎ᠠ ᠭᠠᠷᠭᠠᠵᠤ᠂ ᠠᠵᠤ ᠠᠬᠤᠶᠢᠯᠠᠯ ᠢ ᠴᠠᠬᠢᠯᠭᠠᠨ ᠬᠡᠷᠡᠭᠯᠡᠬᠦ ᠣᠷᠭᠢᠯ ᠤᠨ ᠬᠤᠭᠤᠴᠠᠭ᠎ᠠ ᠶᠢ ᠦᠨᠳᠦᠰᠦᠯᠡᠨ ᠡᠭᠡᠯᠵᠢ ᠲᠣᠬᠢᠷᠠᠭᠤᠯᠬᠤ᠂ ᠡᠨᠧᠷᠭᠢ ᠠᠷᠪᠢᠯᠠᠬᠤ ᠲᠥᠬᠦᠭᠡᠷᠦᠮᠵᠢ ᠤᠭᠰᠠᠷᠠᠬᠤ ᠂ ᠨᠥᠬᠦᠪᠥᠷᠢ ᠥᠭᠬᠦ ᠲᠥᠬᠦᠭᠡᠷᠦᠮᠵᠢ ᠶᠢ ᠰᠢᠯᠢᠳᠡᠭᠵᠢᠭᠦᠯᠬᠦ ᠵᠡᠷᠭᠡ ᠪᠠᠷ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠬᠤ ᠶᠢ ᠰᠠᠨᠠᠭᠤᠯᠪᠠ᠃ ᠡᠭᠦᠨ ᠤ ᠬᠠᠮᠲᠤ ᠪᠠᠰᠠ ᠰᠠᠨᠠᠯ ᠪᠤᠳᠤᠯ ᠢᠶᠠᠨ ᠰᠣᠯᠢᠯᠴᠠᠬᠤ ᠭᠤᠭᠴᠤᠭ᠎ᠠ ᠲᠣᠬᠢᠷᠠᠭᠤᠯᠵᠤ᠂ ᠠᠵᠤ ᠠᠬᠤᠶᠢᠯᠠᠯ ᠤᠨ ᠲᠥᠯᠥᠭᠡᠯᠡᠭᠴᠢ ᠢᠳᠡᠪᠬᠢᠲᠡᠶ ᠪᠠᠷ ᠠᠰᠠᠭᠤᠯᠲᠠ ᠠᠰᠠᠭᠤᠵᠤ᠂ ᠴᠠᠬᠢᠯᠭᠠᠨ ᠬᠠᠩᠭᠠᠬᠤ ᠲᠤᠰᠬᠠᠶ ᠮᠡᠷᠭᠡᠵᠢᠯᠲᠡᠨ ᠲᠠᠢ ᠴᠠᠬᠢᠯᠭᠠᠨ ᠤ ᠬᠡᠮᠵᠢᠶ᠎ᠡ ᠴᠠᠬᠢᠯᠭᠠᠨ ᠤ ᠦᠨ᠎ᠡ ᠶᠢᠨ ᠠᠰᠠᠭᠤᠳᠠᠯ ᠢ ᠬᠠᠯᠠᠭᠤᠨ ᠢᠶᠠᠷ ᠶᠠᠷᠢᠯᠴᠠᠵᠤ᠂ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠨ ᠠᠵᠢᠯᠲᠠᠳ ᠬᠦᠯᠢᠴᠡᠩᠭᠦᠶ ᠪᠠᠷ ᠬᠠᠷᠢᠭᠤᠯᠲᠠ ᠥᠭᠴᠦ᠂ ᠥᠪᠡᠷᠮᠢᠴᠡ ᠠᠰᠠᠭᠤᠳᠠᠯ ᠳᠤ ᠨᠢᠭᠡ ᠨᠢᠭᠡ ᠪᠠᠷ ᠵᠢᠯᠣᠭᠤᠳᠣᠯᠭ᠎ᠠ ᠬᠢᠵᠦ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠵᠤ᠂ ᠥᠪᠡᠷ ᠤᠨ ᠥᠷᠲᠡᠭ ᠢᠶᠠᠨ ᠪᠠᠭᠤᠷᠠᠭᠤᠯᠬᠤ ᠠᠷᠭ᠎ᠠ ᠵᠠᠮ ᠢ ᠲᠣᠳᠣᠷᠬᠠᠶ ᠪᠣᠯᠭᠠᠬᠤ ᠶᠢ ᠦᠨᠡᠨ ᠬᠦ ᠪᠠᠲᠤᠯᠠᠪᠠ᠃
深入工业园区解读电量电价,助力企业降本增效22.png
    ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠢ ᠴᠠᠬᠢᠯᠭᠠᠨ ᠤ ᠬᠡᠮᠵᠢᠶ᠎ᠡ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠨᠠᠩ ᠲᠣᠳᠣᠷᠬᠠᠶ ᠲᠠᠨᠢᠯᠲᠠ ᠲᠠᠢ ᠪᠣᠯᠭᠠᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ᠂ ᠡᠵᠡᠩᠨᠡᠯᠲᠡ ᠶᠢᠨ ᠥᠪᠡᠷ ᠤᠨ ᠥᠷᠲᠡᠭ ᠢᠶᠠᠨ ᠪᠠᠭᠤᠷᠠᠭᠤᠯᠬᠤ ᠳᠤ ᠬᠦᠴᠦᠲᠡᠶ ᠳᠡᠮᠵᠢᠯᠭᠡ ᠬᠠᠩᠭᠠᠭᠰᠠᠨ ᠪᠠᠶᠢᠨ᠎ᠠ᠃ ᠴᠠᠬᠢᠯᠭᠠᠨ ᠬᠠᠩᠭᠠᠬᠤ ᠰᠠᠯᠠᠭ᠎ᠠ ᠮᠥᠴᠢᠷ᠂ ᠵᠠᠯᠭᠠᠭᠠᠳ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠦᠷᠭᠦᠯᠵᠢᠯᠡᠨ ᠠᠩᠬᠠᠷᠴᠤ᠂ ᠲᠣᠭᠲᠠᠮᠠᠯ ᠬᠤᠭᠤᠴᠠᠭ᠎ᠠ ᠲᠠᠢ ᠪᠠᠷ ᠡᠶᠢᠮᠦᠷᠬᠦᠦ ᠲᠠᠶᠢᠯᠪᠤᠷᠢᠯᠠᠨ ᠵᠠᠳᠠᠯᠬᠤ ᠠᠵᠢᠯᠯᠠᠭ᠎ᠠ ᠶᠢ ᠥᠷᠨᠢᠭᠦᠯᠵᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ ᠃ 
ᠢᠷᠡᠯᠲᠡ᠄ ᠪᠠᠶ᠋ᠬᠠᠣᠪᠤᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠦᠢᠯᠡᠴᠢᠯᠡᠭᠡᠨ ᠤ ᠲᠥᠪ