ᠰᠢᠨ᠎ᠡ ᠬᠦᠴᠦᠨ ᠢ ᠨᠢᠭᠲᠠᠷᠠᠭᠤᠯᠵᠤ᠂ ᠰᠢᠨ᠎ᠡ ᠠᠶᠠᠨ ᠢ ᠬᠠᠮᠲᠤᠪᠠᠷ ᠡᠬᠢᠯᠡᠭᠦᠯᠦᠶ᠎ᠡ — ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠰᠢᠨ᠎ᠡ ᠨᠦᠬᠦᠷᠯᠡᠯ ᠤᠨ ᠬᠤᠷᠠᠯ ᠤᠨ  ᠠᠩᠬᠠᠳᠤᠭᠠᠷ ᠬᠤᠭᠤᠴᠠᠭᠠᠨ ᠤ ᠳᠥᠷᠪᠡᠳᠦᠭᠡᠷ ᠤᠳᠠᠭ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2025/4/2
    2025 ᠣᠨ ᠤ 4 ᠳ᠋ᠦ᠋ᠭᠡᠷ ᠰᠠᠷ᠎ᠠ ᠶᠢᠨ 1 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ ᠭᠤᠤ ᠺᠧ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠨᠥᠬᠦᠷᠯᠡᠯ ᠤᠨ ᠬᠤᠷᠠᠯ ︵ᠳᠥᠭᠦᠮᠴᠢᠯᠡᠭᠡᠳ ︽ᠰᠢᠨ᠎ᠡ ᠨᠦᠬᠦᠷᠯᠡᠯ ᠤᠨ ᠬᠤᠷᠠᠯ︾ ᠭᠡᠳᠡᠭ︶ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠥᠷᠪᠡᠳᠦᠭᠡᠷ ᠪᠦᠬᠦᠳᠡ ᠬᠤᠷᠠᠯ ᠢ ᠡᠷᠬᠢᠯᠡᠨ ᠬᠤᠷᠠᠯᠳᠤᠭᠤᠯᠪᠠ᠃
凝聚新力量,共启新征程——白云鄂博矿区新联会一届四次理事会成功召开11.jpg
    ᠬᠤᠷᠠᠯ ᠠᠴᠠ ᠪᠦᠬᠦ ᠤᠯᠤᠰ ᠤᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠭᠤᠣᠯ ᠰᠡᠳᠦᠪᠲᠦ ᠰᠠᠭᠤᠳᠠᠯ ᠤᠨ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠨᠦᠬᠦᠷᠯᠡᠯ ᠤᠨ ᠬᠤᠷᠠᠯ ᠤᠨ ᠳᠠᠷᠤᠭ᠎ᠠ ᠰᠢᠤᠢ ᠸᠧᠢ ᠭᠦᠸᠧ ᠲᠣᠭᠤᠷᠢᠭ ᠤᠨ ᠰᠢᠨ᠎ᠡ ᠨᠦᠬᠦᠷᠯᠡᠯ ᠤᠨ ᠬᠤᠷᠠᠯ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠢ ᠲᠥᠯᠥᠭᠡᠯᠡᠨ 2024 ᠣᠨ ᠤ ᠠᠵᠢᠯ ᠢ ᠪᠦᠬᠦ ᠲᠠᠯ᠎ᠠ ᠪᠠᠷ ᠡᠷᠭᠢᠴᠡᠭᠦᠯᠬᠦ ᠶᠢᠨ ᠬᠠᠮᠲᠤ 2025 ᠣᠨ ᠤ ᠠᠵᠢᠯ ᠳᠤ ᠰᠢᠨᠵᠢᠯᠡᠬᠦ ᠤᠬᠠᠭᠠᠨᠴᠢ᠂ ᠨᠠᠷᠢᠨ ᠨᠢᠮᠪᠠᠢ ᠲᠤᠬᠢᠷᠠᠭᠤᠯᠤᠯᠳᠠ ᠪᠠᠶᠢᠷᠢᠯᠠᠭᠤᠯᠤᠯᠲᠠ ᠬᠢᠵᠡᠢ᠃
凝聚新力量,共启新征程——白云鄂博矿区新联会一届四次理事会成功召开22.jpg
    ᠬᠤᠷᠠᠯ ᠠᠴᠠ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ ᠪᠦᠬᠦᠢ ᠱᠠᠭᠠᠷᠳᠠᠯᠭ᠎ᠠ ᠵᠢᠴᠢ ︽ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠰᠢᠨ᠎ᠡ ᠨᠡᠶᠢᠭᠡᠮ ᠤᠨ ᠳᠠᠪᠬᠤᠷᠭ᠎ᠠ ᠶᠢᠨ ᠬᠥᠮᠦᠰ ᠤᠨ ᠨᠥᠬᠦᠷᠯᠡᠯ ᠤᠨ ᠬᠤᠷᠠᠯ ᠤᠨ ᠳᠦᠷᠢᠮ︾ ᠢ ᠴᠢᠩᠭ᠎ᠠ ᠵᠢᠷᠤᠮᠯᠠᠨ᠂ ︽ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠰᠢᠨ᠎ᠡ ᠨᠦᠬᠦᠷᠯᠡᠯ ᠤᠨ ᠬᠤᠷᠠᠯ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠳᠥᠷᠪᠡᠳᠦᠭᠡᠷ ᠤᠳᠠᠭᠠᠨ ᠤ ᠪᠥᠬᠦᠳᠡ ︵ᠥᠷᠭᠡᠳᠬᠡᠭᠰᠡᠨ︶ ᠬᠤᠷᠠᠯ ᠤᠨ ᠰᠣᠩᠭᠤᠭᠤᠯᠢ ᠶᠢᠨ ᠠᠷᠭ᠎ᠠ︾ ︵ᠲᠥᠰᠦᠯ︶ ᠵᠢᠴᠢ ᠰᠢᠷᠢᠰ ᠣᠷᠣᠯᠠᠬᠤ ᠰᠠᠨᠠᠭᠤᠯᠭ᠎ᠠ ᠶᠢᠨ ᠬᠥᠮᠦᠰ ᠤᠨ ᠨᠡᠷᠡᠰ ᠢ ᠪᠠᠲᠤᠯᠠᠪᠠ᠃ ᠲᠥᠪ ᠭᠤᠣᠯᠴᠢ᠂ ᠴᠢᠩᠭ᠎ᠠ ᠨᠢᠮᠪᠠᠢ ᠪᠢᠯᠧᠲ ᠥᠭᠬᠦ ᠪᠠᠷ ᠲᠠᠮᠵᠢᠨ᠂ ᠪᠦᠦ ᠱᠤᠸᠠᠩ ᠯᠦᠩ᠂ ᠭᠤᠤ ᠺᠧ ᠪᠦᠷᠢᠨ ᠪᠢᠯᠧᠲ ᠢᠶᠠᠷ ᠣᠷᠣᠯᠠᠭᠴᠢ ᠲᠣᠭᠤᠷᠢᠭ ᠤᠨ ᠰᠢᠨ᠎ᠡ ᠨᠦᠬᠦᠷᠯᠡᠯ ᠤᠨ  ᠬᠤᠷᠠᠯ ᠤᠨ ᠠᠩᠬᠠᠳᠤᠭᠠᠷ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠬᠡᠷᠡᠭ ᠡᠷᠬᠢᠯᠡᠭᠴᠢ ᠪᠠᠷ ᠰᠣᠩᠭᠤᠭᠳᠠᠪᠠ︔ ᠴᠢᠨ ᠯᠢᠩ᠂ ᠵᠠᠩ ᠰᠢᠨ᠂ ᠭᠤᠤ ᠺᠧ ᠲᠤᠰ ᠲᠤᠰ ᠪᠦᠷᠢᠨ ᠪᠢᠯᠧᠲ ᠢᠶᠠᠷ ᠡᠷᠬᠢᠯᠡᠭᠴᠢ᠂ ᠳᠡᠳ᠋ ᠡᠷᠬᠢᠯᠡᠭᠴᠢ ᠂ ᠨᠠᠷᠢᠨ ᠪᠢᠴᠢᠭ ᠤᠨ ᠳᠠᠷᠤᠭ᠎ᠠ ᠪᠠᠷ ᠰᠣᠩᠭᠤᠭᠳᠠᠪᠠ᠃    ᠰᠢᠨ᠎ᠡ ᠪᠠᠷ ᠰᠣᠩᠭᠤᠭᠳᠠᠭᠰᠠᠨ ᠡᠷᠬᠢᠯᠡᠭᠴᠢ ᠴᠢᠨ ᠯᠢᠩ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠵᠣᠬᠢᠶᠠᠨ ᠪᠠᠶᠢᠭᠤᠯᠤᠯᠲᠠ ᠶᠢᠨ ᠢᠲᠡᠭᠡᠯ ᠪᠣᠯᠤᠨ ᠭᠡᠰᠢᠭᠦᠳ ᠤᠨ ᠳᠡᠮᠵᠢᠯᠭᠡ ᠳᠤ ᠴᠢᠩ ᠰᠡᠳᠬᠢᠯ ᠠᠴᠠ ᠪᠠᠨ ᠲᠠᠯᠠᠷᠬᠠᠵᠤ᠂ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨ ᠣᠶᠢᠯᠠᠭᠠᠪᠠ᠃ ᠲᠡᠷᠡ᠂ ᠰᠢᠨ᠎ᠡ ᠨᠦᠬᠦᠷᠯᠡᠯ ᠤᠨ ᠬᠤᠷᠠᠯ ᠪᠣᠯ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠬᠤᠷᠠᠮᠳᠤᠭᠤᠯᠬᠤ ᠴᠢᠬᠤᠯᠠ ᠲᠠᠪᠴᠠᠩ ᠮᠥᠨ᠂ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠵᠡᠷᠭᠡ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠃ ᠢᠷᠡᠭᠡᠳᠦᠢ ᠳᠤ᠂ ᠲᠡᠷᠡ ᠪᠡᠶ᠎ᠡ ᠪᠠᠷ ᠢᠶᠠᠨ ᠬᠡᠪ ᠳᠠᠭᠤᠷᠢᠶᠠᠯ ᠪᠤᠯᠵᠤ᠂ ᠪᠦᠯᠬᠦᠮ ᠤᠨ ᠪᠠᠶᠢᠭᠤᠯᠤᠯᠲᠠ ᠶᠢ ᠴᠢᠩᠭᠠᠳᠬᠠᠨ᠂ ᠭᠡᠰᠢᠭᠦᠳ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ︔ ᠰᠢᠨ᠎ᠡ ᠨᠦᠬᠦᠷᠯᠡᠯ ᠤᠨ ᠬᠤᠷᠠᠯ ᠤᠨ ᠬᠦᠭᠦᠷᠭᠡ ᠬᠤᠯᠪᠤᠭᠠᠰᠤ ᠶᠢᠨ ᠦᠢᠯᠡᠳᠦᠯ ᠢ  ᠭᠦᠢᠴᠡᠳ ᠪᠠᠳᠠᠷᠠᠭᠤᠯᠵᠤ᠂ ᠰᠢᠨ᠎ᠡ ᠳᠠᠪᠬᠤᠷᠭ᠎ᠠ ᠶᠢᠨ ᠬᠥᠮᠦᠰ ᠪᠣᠯᠤᠨ ᠡᠯ᠎ᠡ ᠡᠲᠡᠭᠡᠳ ᠤᠨ ᠭᠦᠨᠵᠡᠭᠡᠶ ᠵᠣᠯᠭᠠᠯᠴᠠᠭ᠎ᠠ ᠶᠢ ᠠᠬᠢᠭᠤᠯᠤᠨ᠎ᠠ︔ ᠰᠢᠨ᠎ᠡ ᠠᠵᠢᠯ ᠤᠨ ᠵᠠᠭᠪᠤᠷ ᠪᠣᠯᠤᠨ ᠠᠵᠢᠯᠯᠠᠭ᠎ᠠ ᠶᠢᠨ ᠬᠡᠯᠪᠡᠷᠢ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠦᠢᠯᠡᠴᠢᠯᠡᠭᠡᠨ ᠤ ᠠᠭᠤᠯᠭ᠎ᠠ ᠶᠢ ᠪᠠᠶᠠᠯᠢᠭᠵᠢᠭᠤᠯᠵᠤ᠂ ᠰᠢᠨ᠎ᠡ ᠨᠦᠬᠦᠷᠯᠡᠯ ᠤᠨ ᠬᠤᠯᠪᠣᠭ᠎ᠠ ᠶᠢᠨ ᠨᠥᠯᠥᠭᠡᠯᠡᠬᠦ ᠬᠦᠴᠦᠨ ᠪᠣᠯᠤᠨ ᠨᠢᠭᠲᠠᠷᠠᠯ ᠤᠨ ᠬᠦᠴᠦᠨ ᠢ ᠳᠡᠭᠡᠭᠰᠢᠯᠡᠭᠦᠯᠦᠨ᠎ᠡ ᠭᠡᠵᠦ ᠢᠯᠡᠳᠭᠡᠪᠡ ᠃ᠰᠣᠯᠢᠯᠴᠠᠭ᠎ᠠ ᠬᠢᠵᠦ ᠶᠠᠷᠢᠯᠴᠠᠬᠤ ᠭᠤᠭᠴᠤᠭ᠎ᠠ ᠳᠤ ᠬᠤᠷᠠᠯ ᠳᠤ ᠣᠷᠣᠯᠴᠠᠭᠰᠠᠳ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠲᠤᠰ ᠵᠢᠯ ᠤᠨ ᠭᠤᠣᠯᠳᠠᠯᠭ᠎ᠠ ᠪᠣᠯᠬᠤ ᠠᠵᠢᠯᠯᠠᠭ᠎ᠠ ᠶᠢᠨ ᠲᠥᠯᠥᠪᠯᠡᠭᠡ ᠶᠢᠨ ᠲᠣᠭᠤᠷᠢᠨ ᠳᠤ ᠢᠳᠡᠪᠬᠢᠲᠡᠢ ᠪᠠᠷ ᠶᠠᠷᠢᠶ᠎ᠠ ᠲᠠᠯᠪᠢᠪᠠ᠃ ᠤᠯᠠᠨ ᠢᠶᠠᠷ ᠢᠶᠠᠨ ᠥᠪᠡᠷ ᠥᠪᠡᠷ ᠤᠨ ᠰᠠᠨᠠᠯ ᠢᠶᠠᠨ ᠶᠠᠷᠢᠵᠤ ᠂ 2025 ᠣᠨ ᠤ ᠭᠤᠣᠯᠳᠠᠯᠭ᠎ᠠ ᠪᠣᠯᠬᠤ ᠠᠵᠢᠯ ᠤᠨ ᠰᠢᠨ᠎ᠡ ᠶᠢ ᠡᠭᠦᠳᠬᠦ ᠰᠡᠳᠬᠢᠴᠡ ᠪᠠᠨ ᠬᠤᠪᠢᠶᠠᠯᠴᠠᠬᠤ ᠶᠢᠨ ᠬᠠᠮᠲᠤ ᠰᠢᠨ᠎ᠡ ᠨᠦᠬᠦᠷᠯᠡᠯ ᠤᠨ ᠬᠤᠷᠠᠯ ᠤᠨ ᠰᠢᠨ᠎ᠡ ᠶᠢ ᠡᠭᠦᠳᠦᠨ ᠬᠥᠭᠵᠢᠬᠦ ᠲᠤᠬᠠᠢ ᠮᠠᠰᠢ ᠤᠯᠠᠨ ᠵᠦᠢ ᠵᠣᠬᠢᠰᠲᠠᠢ ᠪᠥᠭᠡᠳ ᠪᠣᠯᠤᠮᠵᠢᠲᠠᠢ ᠰᠠᠨᠠᠯ ᠰᠠᠨᠠᠭᠤᠯᠭ᠎ᠠ ᠳᠤᠷᠠᠳᠴᠠᠢ᠃    ᠬᠤᠷᠠᠯ ᠠᠴᠠ᠂ ᠨᠢᠭᠡ ᠳᠤ ᠂ ᠦᠵᠡᠯ ᠰᠠᠨᠠᠭᠠᠨ ᠤ ᠵᠢᠯᠣᠭᠤᠳᠤᠮᠵᠢ ᠶᠢ ᠴᠢᠩᠭᠠᠳᠬᠠᠬᠤ ᠬᠡᠷᠡᠭᠲᠡᠢ᠃ ᠪᠦᠬᠦ ᠤᠯᠤᠰ ᠤᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠥᠰ ᠤᠨ ᠭᠤᠣᠯ ᠰᠡᠳᠦᠪᠲᠦ ᠰᠠᠭᠤᠳᠠᠯ ᠤᠨ ᠬᠤᠷᠠᠯ ᠤᠨ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠡᠭᠦᠷᠭᠡ ᠪᠣᠯᠭᠠᠵᠤ᠂ ᠲᠥᠪᠯᠡᠷᠡᠭᠦᠯᠦᠨ ᠰᠤᠷᠤᠯᠴᠠᠬᠤ᠂ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠭᠡᠰᠢᠭᠦᠳ ᠢ ᠬᠦᠲᠦᠯᠦᠨ ᠳᠠᠭᠠᠭᠤᠯᠵᠤ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠭᠤᠯᠵᠤ᠂ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠨ᠂ ᠭᠠᠵᠠᠷ ᠣᠷᠣᠨ ᠤ ᠬᠥᠭᠵᠢᠯᠲᠡ ᠳᠤ ᠠᠭᠤᠰᠬᠠᠨ ᠣᠷᠣᠭᠤᠯᠤᠨ᠎ᠠ᠃ ᠬᠤᠶᠠᠷ ᠲᠤ᠂ ᠴᠢᠳᠠᠪᠤᠷᠢᠲᠠᠨ ᠤ ᠲᠣᠭᠲᠠᠴᠠ ᠶᠢ ᠰᠢᠯᠢᠳᠡᠭᠵᠢᠭᠦᠯᠬᠦ ᠬᠡᠷᠡᠭᠲᠡᠢ᠃ ᠳᠦᠷᠢᠮ ᠲᠣᠭᠲᠠᠭᠠᠯ ᠶᠣᠰᠣᠭᠠᠷ ᠴᠢᠳᠠᠪᠤᠷᠢᠲᠠᠨ ᠢ ᠰᠢᠯᠢᠨ ᠰᠣᠩᠭᠤᠵᠤ ᠭᠤᠤᠯ ᠠᠵᠢᠯ ᠤᠨ ᠪᠠᠶᠢᠷᠢ ᠶᠢ ᠲᠡᠭᠦᠯᠳᠡᠷᠵᠢᠭᠦᠯᠵᠦ᠂ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠵᠦ᠂ ᠭᠡᠰᠢᠭᠦᠳ ᠤᠨ ᠢᠳᠡᠪᠬᠢᠵᠢᠯ ᠢ ᠬᠥᠭᠵᠢᠭᠡᠬᠦ ᠬᠡᠷᠡᠭᠲᠡᠶ᠃ ᠭᠤᠷᠪᠠ ᠳᠤ ᠂ ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠬᠤ ᠬᠡᠷᠡᠭᠲᠡᠶ᠃ ᠭᠤᠤᠯ ᠰᠡᠳᠦᠪᠲᠦ ᠬᠥᠮᠦᠵᠢᠯ᠂ ᠰᠤᠷᠪᠤᠯᠵᠢᠯᠠᠨ ᠪᠠᠶᠢᠴᠠᠭᠠᠨ ᠰᠤᠳᠤᠯᠤᠯᠲᠠ ᠬᠢᠬᠦ ᠵᠡᠷᠭᠡ ᠣᠯᠠᠨ ᠶᠠᠩᠵᠤ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠰᠢᠨ᠎ᠡ ᠨᠦᠬᠦᠷᠯᠡᠯ ᠤᠨ ᠬᠤᠷᠠᠯ ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃    ᠲᠣᠰ ᠤᠳᠠᠭᠠᠨ ᠤ ᠬᠤᠷᠠᠯ ᠬᠤᠷᠠᠯᠳᠤᠭᠰᠠᠨ ᠨᠢ ᠰᠢᠨ᠎ᠡ ᠨᠦᠬᠦᠷᠯᠡᠯ ᠤᠨ ᠬᠤᠷᠠᠯ ᠤᠨ ᠭᠡᠰᠢᠭᠦᠨ ᠤ ᠬᠠᠮᠲᠤ ᠶᠢᠨ ᠲᠠᠨᠢᠯᠲᠠ ᠶᠢ ᠤᠯᠠᠮ ᠨᠢᠭᠡ ᠠᠯᠬᠤᠮ ᠨᠢᠭᠲᠠᠷᠠᠭᠤᠯᠪᠠ ᠂ ᠰᠢᠨ᠎ᠡ ᠨᠦᠬᠦᠷᠯᠡᠯ ᠤᠨ ᠬᠤᠷᠠᠯ ᠲᠣᠰ ᠤᠳᠠᠭᠠᠨ ᠤ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠥᠷᠭᠡᠨ ᠣᠯᠠᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠪᠦᠯᠬᠦᠮᠳᠡᠭᠦᠯᠦᠨ ᠳᠠᠭᠠᠭᠤᠯᠵᠤ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠬᠥᠭᠵᠢᠯᠲᠡ ᠳᠤ ᠬᠦᠴᠦᠷᠬᠡᠭ ᠶᠡᠭᠡ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃ 
ᠢᠷᠡᠯᠲᠡ᠄ ᠪᠠᠶ᠋ᠬᠠᠣᠪᠤᠭ᠎ᠠ ᠶᠢᠨ ᠨᠢᠭᠡᠳᠦᠮᠡᠯ ᠹᠷᠣᠨᠲ