︽ᠵᠠᠯᠠᠭᠤ ᠨᠠᠰᠤ ᠬᠦᠰᠡᠯ ᠵᠡᠭᠦᠳᠦ  ᠶᠢ ᠲᠡᠷᠭᠡᠯᠰᠢᠭᠦᠯᠵᠦ  ᠠᠵᠢᠯ ᠤᠨ ᠪᠠᠶᠢᠷᠢ ᠲᠠᠨ ᠢ  ᠬᠦᠯᠢᠶᠡᠨ᠎ᠡ︾ — ᠡᠪᠯᠡᠯ ᠤᠨ ᠬᠤᠷᠢᠶ᠎ᠠ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠤᠰᠬᠠᠶ ᠠᠵᠢᠯᠲᠠᠨ ᠡᠯᠰᠡᠬᠦ ᠬᠤᠷᠠᠯ ᠢ ᠥᠷᠨᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2025/4/21
    ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠯᠠᠭᠤᠴᠤᠳ ᠢ ᠬᠦᠳᠦᠯᠥᠨ ᠳᠠᠭᠠᠭᠤᠯᠬᠤ᠂ ᠵᠠᠯᠠᠭᠤᠴᠤᠳ ᠢ ᠵᠣᠬᠢᠶᠠᠨ ᠪᠠᠶᠢᠭᠤᠯᠬᠤ᠂ ᠵᠠᠯᠠᠭᠤᠴᠤᠳ ᠲᠤ ᠦᠢᠯᠡᠴᠢᠯᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠣᠨᠤᠪᠴᠢᠲᠠᠢ ᠥᠨᠳᠥᠷ ᠪᠦᠲᠦᠮᠵᠢᠲᠡᠢ ᠪᠠᠷ ᠥᠷᠨᠢᠭᠦᠯᠵᠦ᠂ ᠮᠠᠨ ᠤ ᠲᠤᠭᠤᠷᠢᠭ ᠤᠨ ᠵᠠᠯᠠᠭᠤᠴᠤᠳ ᠤᠨ ᠠᠵᠢᠯ ᠣᠯᠭᠤᠯᠲᠠ ᠶᠢᠨ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠶᠢᠨ ᠲᠥᠯᠥᠭᠡ᠂ 4  ᠳ᠋ᠦ᠋ᠭᠡᠷ ᠰᠠᠷ᠎ᠠ ᠶᠢᠨ 18 ᠤ ᠡᠳᠦᠷ᠂ ᠡᠪᠯᠡᠯ ᠤᠨ ᠬᠤᠷᠢᠶ᠎ᠠ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠲᠦᠩ ᠶᠠᠩ ᠳ᠋ᠤᠤ ᠵᠡᠭᠡᠯᠢ ᠭᠤᠳᠤᠮᠵᠢ ᠶᠢᠨ ᠰᠢᠶᠠᠩ ᠶᠦᠨ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠠᠢ ᠬᠠᠮᠲᠤᠷᠠᠨ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠤᠰᠬᠠᠢ ᠠᠵᠢᠯᠲᠠᠨ ᠡᠯᠰᠡᠬᠦ ᠬᠤᠷᠠᠯ ᠢ ᠡᠷᠬᠢᠯᠡᠪᠡ᠃
“青春筑梦 职等你来”——团区委助力开展高校毕业生专场招聘会11.png
    ᠠᠵᠢᠯᠲᠠᠨ ᠡᠯᠰᠡᠬᠦ ᠬᠤᠷᠠᠯ ᠤᠨ ᠠᠬᠤᠶ ᠲᠠᠯᠠᠪᠠᠶ ᠳᠤ᠂ ᠰᠠᠶᠢᠨ ᠳᠤᠷᠠᠴᠤᠳ ᠰᠠᠨᠠᠭᠠᠴᠢᠯᠠᠭ᠎ᠠ ᠠᠴᠠ ᠪᠠᠨ ᠠᠵᠢᠯ ᠡᠷᠢᠭᠰᠡᠳ ᠲᠤ ᠠᠵᠢᠯ ᠤᠨ ᠪᠠᠶᠢᠷᠢ ᠶᠢᠨ ᠬᠡᠷᠡᠭᠴᠡᠭᠡ᠂ ᠠᠰᠠᠷᠠᠮᠵᠢ ᠬᠠᠷᠠᠭᠠᠯᠵᠠᠯ ᠵᠡᠷᠭᠡ ᠨᠠᠷᠢᠨ ᠪᠠᠶᠢᠳᠠᠯ ᠢ ᠲᠠᠶᠢᠯᠪᠤᠷᠢᠯᠠᠵᠤ᠂ ︽ᠪᠠᠷᠠᠭᠤᠨ ᠣᠷᠣᠨ ᠤ ᠲᠥᠯᠥᠪᠯᠡᠭᠡ︾᠂ ︽ᠠᠵᠢᠯ ᠣᠯᠭᠤᠯᠲᠠ ᠶᠢᠨ ᠳᠠᠳᠤᠯᠭ᠎ᠠ︾ ᠵᠡᠷᠭᠡ ᠵᠠᠯᠠᠭᠤᠴᠤᠳ ᠤᠨ ᠠᠵᠢᠯ ᠣᠯᠭᠤᠯᠲᠠ ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠨᠢᠭᠤᠷᠲᠠᠨ ᠶᠠᠷᠢᠯᠴᠠᠵᠤ ᠰᠣᠯᠢᠯᠴᠠᠬᠤ ᠪᠠᠷ ᠳᠠᠮᠵᠢᠭᠤᠯᠤᠨ ᠠᠵᠢᠯ ᠡᠷᠢᠭᠰᠡᠳ ᠢ ᠬᠠᠪᠰᠤᠷᠤᠨ ᠠᠵᠢᠯ ᠤᠨ ᠪᠠᠶᠢᠷᠢ ᠶᠢ ᠦᠳᠲᠡᠷ ᠲᠦᠷᠭᠡᠨ ᠲᠣᠭᠲᠠᠭᠠᠵᠤ ᠥᠭᠪᠡ᠃
“青春筑梦 职等你来”——团区委助力开展高校毕业生专场招聘会22.png
    ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ᠪᠤᠭᠤᠲᠤ ᠬᠤᠲᠠ ᠶᠢᠨ ᠸᠧ ᠡᠯ ᠲᠧ ᠠᠭᠤᠷᠬᠠᠶ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠺᠧ ᠺᠧ ︵ᠪᠤᠭᠤᠲᠤ︶ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 8 ᠠᠵᠤ ᠠᠬᠤᠶᠢᠯᠠᠯ᠂ 30 ᠭᠠᠷᠤᠶ ᠬᠠᠯᠠᠭᠤᠨ ᠠᠵᠢᠯ ᠤᠨ ᠪᠠᠶᠢᠷᠢ ᠶᠢ ᠲᠠᠲᠠᠵᠠᠶ᠃ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠡᠮᠬᠢᠳᠬᠡᠯ ᠤᠨ ᠭᠠᠷ ᠳᠡᠪᠲᠡᠷ ᠢ ᠨᠡᠶᠢᠲᠡ 80 ᠭᠠᠷᠤᠶ ᠬᠤᠪᠢ ᠲᠠᠷᠬᠠᠭᠠᠵᠤ᠂ 50 ᠭᠠᠷᠤᠶ ᠠᠵᠢᠯ ᠡᠷᠢᠭᠰᠡᠳ ᠠᠰᠠᠭᠤᠨ ᠯᠠᠪᠯᠠᠵᠤ ᠵᠥᠪᠳᠡᠯᠴᠡᠵᠦ᠂ 8 ᠬᠥᠮᠦᠨ ᠲᠤᠬᠠᠶ ᠶᠢᠨ ᠲᠠᠯᠠᠪᠤᠷ ᠲᠤ ᠠᠩᠬ᠎ᠠ ᠠᠯᠬᠤᠮ ᠤᠨ ᠠᠵᠢᠯ ᠤᠯᠬᠤ ᠰᠠᠨᠠᠮᠵᠢ ᠲᠣᠭᠲᠠᠪᠠ ᠃    ᠳᠠᠷᠠᠭᠠᠴᠢ ᠶᠢᠨ ᠠᠯᠬᠤᠮ ᠳᠤ᠂ ᠡᠪᠯᠡᠯ ᠤᠨ ᠬᠤᠷᠢᠶ᠎ᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠦᠢᠯᠡᠴᠢᠯᠡᠭᠡᠨ ᠤ ᠠᠷᠭ᠎ᠠ ᠵᠠᠮ ᠢᠶᠠᠨ ᠥᠷᠭᠡᠳᠬᠡᠵᠦ᠂ ᠡᠯ᠎ᠡ ᠲᠠᠯ᠎ᠠ ᠶᠢᠨ ᠠᠵᠢᠯ ᠣᠯᠭᠤᠯᠲᠠ ᠶᠢᠨ ᠡᠬᠢ ᠪᠠᠶᠠᠯᠢᠭ ᠢ ᠢᠳᠡᠪᠬᠢᠲᠡᠢ ᠨᠡᠶᠢᠳᠬᠡᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠥᠷᠭᠡᠨ ᠤᠯᠠᠨ ᠵᠠᠯᠠᠭᠤᠴᠤᠳ ᠤᠨ ᠪᠠᠶ᠋ᠬᠠᠣᠪᠤᠭ᠎ᠠ ᠳᠤ ᠦᠨᠳᠦᠰᠦ ᠬᠠᠳᠬᠤᠬᠤ ᠳᠤ ᠬᠦᠴᠦᠲᠡᠢ ᠲᠤᠯᠭᠠᠭᠤᠷᠢᠯᠠᠯ ᠬᠠᠩᠭᠠᠵᠤ᠂ ᠮᠠᠨ ᠤ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠯᠠᠭᠤ ᠨᠠᠰᠤᠨ ᠤ ᠬᠦᠴᠦᠨ ᠴᠢᠳᠠᠯ ᠡᠷᠭᠦᠨ᠎ᠡ ᠃ 
ᠢᠷᠡᠯᠲᠡ᠄ ᠡᠪᠯᠡᠯ ᠤᠨ ᠬᠤᠷᠢᠶ᠎ᠠ