ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠨᠢᠭᠡᠳᠦᠮᠡᠯ ᠹᠷᠣᠨᠲ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ ︽ᠨᠠᠮ ᠤᠨ ᠬᠤᠷᠢᠶ᠎ᠠ  ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠲᠣᠭᠲᠠᠭᠠᠯ︾ ᠢ ᠲᠤᠰᠬᠠᠶ ᠰᠡᠳᠦᠪ ᠢᠶᠠᠷ ᠰᠤᠷᠤᠯᠴᠠᠪᠠ
ᠨᠡᠶᠢᠲᠡᠯᠡᠭᠰᠡᠨ ᠴᠠᠭ᠄
2025/4/23
    4 ᠳ᠋ᠦ᠋ᠭᠡᠷ ᠰᠠᠷ᠎ᠠ ᠶᠢᠨ 22 ᠤᠨ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ 2025 ᠣᠨ ᠤ ᠨᠢᠭᠡᠳᠦᠮᠡᠯ ᠹᠷᠣᠨᠲ ᠤᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠬᠤ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
区委统战部召开统战工作推进会专题学习《党委(党组)落实统战工作责任制规定》.jpg
    ᠬᠤᠷᠠᠯ ᠠᠴᠠ᠂ ︽ᠲᠣᠭᠲᠠᠭᠠᠯ︾ ᠪᠣᠯ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠦᠨᠳᠦᠰᠦᠨ ᠱᠠᠭᠠᠷᠳᠠᠯᠭ᠎ᠠ ᠮᠥᠨ᠂ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠡᠭᠦᠯᠳᠡᠷᠵᠢᠭᠦᠯᠬᠦ᠂ ᠨᠢᠭᠡᠳᠦᠮᠡᠯ ᠹᠷᠣᠨᠲ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠷᠢᠮ ᠤᠨ ᠪᠠᠲᠤᠯᠠᠭ᠎ᠠ ᠪᠠ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ ᠭᠡᠵᠦ ᠵᠢᠭᠠᠵᠤ ᠭᠠᠷᠭᠠᠪᠠ ᠃    ᠬᠤᠷᠠᠯ ᠠᠴᠠ᠂ ᠨᠢᠭᠡ ᠳᠤ᠂ ᠰᠡᠳᠬᠢᠯ ᠨᠢᠭᠡᠳᠦᠨ ᠰᠦᠭ ᠰᠦᠨᠡᠰᠦ ᠶᠢ ᠱᠤᠭᠤᠬᠤ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠶᠡᠭᠡ ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠳᠡᠭᠡᠳᠦ ᠲᠤᠤᠷᠠᠳᠤ ᠱᠠᠳᠤ ᠪᠠᠷ ᠢᠶᠠᠨ ᠬᠠᠮᠲᠤ ᠪᠠᠷ ᠬᠥᠳᠡᠯᠦᠯᠴᠡᠵᠦ᠂ ᠡᠯ᠎ᠡ ᠲᠠᠯ᠎ᠠ ᠶᠢᠨ ᠬᠢᠨ ᠬᠤᠯᠪᠣᠭᠠᠯᠠᠨ ᠬᠥᠳᠡᠯᠦᠯᠴᠡᠬᠦ ᠠᠵᠢᠯ ᠤᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠨᠢᠭᠡᠳᠦᠮᠡᠯ ᠹᠷᠣᠨᠲ ᠤᠨ ᠳᠠᠪᠠᠭᠤᠯᠢᠭ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠢᠭᠡᠳᠦᠮᠡᠯ ᠹᠷᠣᠨᠲ ᠤᠨ ᠭᠡᠰᠢᠭᠦᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠭᠤᠣᠯ ᠠᠵᠢᠯ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠤᠨ ᠵᠢᠯᠣᠭᠤᠳᠴᠤ ᠪᠠᠶᠢᠭᠠᠳ ᠡᠯ᠎ᠡ ᠵᠦᠢᠯ ᠤᠨ ᠠᠵᠢᠯ ᠢ ᠠᠬᠢᠭᠤᠯᠵᠤ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠨᠢᠭᠡᠳᠦᠮᠡᠯ ᠹᠷᠣᠨᠲ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠪᠦᠬᠦ ᠲᠣᠭᠤᠷᠢᠭ ᠤᠨ ᠨᠢᠭᠡᠳᠦᠮᠡᠯ ᠹᠷᠣᠨᠲ ᠤᠨ ᠦᠢᠯᠡᠰ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠱᠠᠭᠠᠷᠳᠠᠪᠠ ᠃ 
ᠢᠷᠡᠯᠲᠡ᠄ ᠡᠬᠡ ᠪᠢᠴᠢᠭ ᠬᠠᠩᠭᠠᠭᠰᠠᠨ᠄ ᠬᠠᠨ ᠰᠢᠶᠣᠣ