ᠲᠦᠩ ᠶᠠᠩ ᠳ᠋ᠤᠤ ᠵᠡᠭᠡᠯᠢ ᠭᠤᠳᠤᠮᠵᠢ ᠶᠢᠨ ᠰᠢᠶᠠᠩ ᠶᠦᠨ ᠨᠡᠶᠢᠭᠡᠮ ᠲᠣᠭᠤᠷᠢᠭ ᠲᠤ᠂ 82 ᠨᠠᠰᠤᠲᠠᠶ ᠸᠠᠩ ᠡᠵᠢ ᠰᠠᠷ᠎ᠠ ᠪᠦᠷᠢ ᠴᠠᠭ ᠲᠤ ᠪᠠᠨ ᠨᠡᠶᠢᠭᠡᠮ ᠲᠣᠭᠤᠷᠢᠭ ᠤᠨ | ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠲᠣᠣᠷᠵᠢᠯ ᠤᠨ ᠠᠵᠢᠯᠲᠠᠨ ᠳᠠᠭᠤᠯᠠ ᠶᠢ ᠡᠷᠢᠵᠦ ᠥᠨᠳᠥᠷ ᠨᠠᠰᠤᠨ ᠤ ᠭᠡᠷᠡᠴᠢᠯᠡᠯ ᠬᠢᠯᠭᠡᠨ᠎ᠡ᠃ ᠡᠨᠡ ᠬᠦ | ᠬᠤᠶᠠᠷ ᠵᠢᠯ ᠦᠷᠭᠦᠯᠵᠢᠯᠡᠭᠰᠡᠨ ︽ᠪᠣᠯᠵᠤᠭ᠎ᠠ︾ ᠨᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠬᠤ ᠬᠤᠷᠢᠶᠠᠩᠭᠤᠶ ᠳᠦᠷᠰᠦ ᠪᠣᠯᠤᠭᠰᠠᠨ | ᠪᠠᠶᠢᠨ᠎ᠠ᠃ | | | | | | ︽ᠳᠠᠭᠤᠯᠠ᠂ ᠪᠠᠰᠠ ᠯᠠ ᠨᠠᠮᠠᠶᠢ ᠬᠠᠪᠰᠤᠷᠴᠤ ᠭᠡᠷᠡᠴᠢ ᠣᠯᠭᠤᠭᠠᠳ ᠦᠭ︕︾ ᠭᠡᠵᠦ 4 ᠳ᠋ᠦ᠋ᠭᠡᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠸᠠᠩ ᠡᠵᠢ | ᠲᠠᠶᠠᠭ ᠢᠶᠠᠨ ᠲᠤᠯᠵᠤ ᠨᠡᠶᠢᠭᠡᠮ ᠲᠣᠭᠤᠷᠢᠭ ᠲᠤ ᠬᠦᠷᠴᠦ ᠂ ᠬᠤᠯᠠ ᠠᠴᠠ ᠳᠠᠭᠤᠯᠠ ᠲᠠᠢ ᠮᠡᠨᠳᠦᠴᠢᠯᠡᠪᠡ᠃ | 2023 ᠣᠨ ᠠᠴᠠ ᠡᠬᠢᠯᠡᠨ᠂ ᠦᠷ᠎ᠡ ᠬᠡᠤᠬᠡᠳ ᠨᠢ ᠬᠠᠵᠠᠭᠤ ᠳᠤ ᠨᠢ ᠪᠠᠶᠢᠬᠤ ᠥᠬᠡᠶ᠂ ᠣᠶᠤᠨᠲᠤ ᠭᠠᠷ ᠤᠲᠠᠰᠤ ᠬᠡᠷᠡᠭᠯᠡᠵᠦ ᠴᠢᠳᠠᠬᠤ ᠦᠭᠡᠢ ᠠᠴᠠ ᠸᠠᠩ ᠡᠵᠢ ᠨᠡᠶᠢᠭᠡᠮ | ᠲᠣᠭᠤᠷᠢᠭ ᠤᠨ ︽ᠦᠷᠭᠦᠯᠵᠢ ᠵᠣᠴᠢᠨ︾ ᠪᠣᠯᠤᠭᠰᠠᠨ ᠪᠠᠶᠢᠨ᠎ᠠ᠃ ᠳᠠᠭᠤᠯᠠ ᠨᠢᠭᠡ ᠲᠠᠯ᠎ᠠ ᠪᠠᠷ ᠥᠨᠳᠥᠷ ᠳᠠᠭᠤᠨ ᠢᠶᠠᠷ ᠸᠠᠩ ᠡᠵᠢ ᠳᠤ ᠬᠠᠷᠢᠭᠤ ᠦᠭᠴᠦ ᠂ ᠨᠦᠭᠦᠭᠡ | ᠲᠠᠯ᠎ᠠ ᠪᠠᠷ ᠢᠶᠠᠨ ᠬᠠᠯᠠᠭᠤᠮᠰᠤᠭ ᠢᠶᠠᠷ ᠲᠡᠭᠦᠨ ᠢ ᠤᠷᠢᠳᠴᠢᠯᠠᠨ ᠪᠡᠯᠡᠳᠬᠡᠭᠰᠡᠨ ᠭᠡᠷᠡᠴᠢᠯᠡᠯ ᠤᠨ ᠲᠥᠬᠦᠭᠡᠷᠦᠮᠵᠢ ᠶᠢᠨ ᠡᠮᠦᠨ᠎ᠡ ᠲᠦᠰᠢᠵᠦ ᠰᠠᠭᠤᠯᠭᠠᠪᠠ ᠂ ᠳᠠᠷᠠᠭ᠎ᠠ ᠨᠢ ᠭᠡᠷᠡᠴᠢᠯᠡᠭᠡ | ᠬᠢᠬᠦ APP ᠶᠢ ᠪᠣᠯᠪᠠᠰᠤᠷᠠᠩᠭᠤᠶ ᠨᠡᠭᠡᠭᠡᠵᠦ᠂ ᠮᠡᠳᠡᠭᠡ ᠵᠠᠩᠭᠢ ᠶᠢ ᠨᠢ ᠬᠠᠷᠭᠤᠭᠤᠯᠵᠤ᠂ ᠨᠢᠭᠤᠷ ᠰᠢᠷᠪᠢᠬᠦ ᠶᠢ ᠬᠥᠲᠥᠯᠥᠨ ᠵᠢᠯᠣᠭᠤᠳᠴᠤ᠂ ᠪᠥᠬᠦ ᠶᠠᠪᠤᠴᠠ ᠳᠤ 5 ᠮᠢᠨᠦ᠋ᠲ ᠴᠦ | ᠬᠦᠷᠦᠭᠰᠡᠨ ᠦᠭᠡᠢ ᠳᠠᠭᠤᠰᠬᠠᠪᠠ ᠃ ︽ᠢᠷᠡᠬᠦ ᠪᠥᠷᠢ ᠲᠤᠶᠢᠯ ᠤᠨ ᠬᠠᠯᠠᠭᠤᠨ ᠰᠡᠳᠬᠢᠯ ᠲᠠᠢ᠂ ᠡᠨᠡ ᠬᠡᠦᠬᠡᠨ ᠮᠢᠨᠦ ᠦᠪᠡᠷ ᠤᠨ ᠬᠡᠦᠬᠡᠳ ᠠᠴᠠ ᠪᠠᠰᠠ ᠲᠡᠰᠪᠦᠷᠢᠲᠡᠢ︕︾ | ᠭᠡᠵᠦ ᠸᠠᠩ ᠡᠵᠢ ᠳᠠᠭᠤᠯᠠ ᠶᠢᠨ ᠭᠠᠷ ᠢ ᠪᠠᠷᠢᠵᠤ ᠪᠠᠶᠢᠨ ᠳᠠᠬᠢᠨ ᠮᠠᠭᠲᠠᠪᠠ ᠃ | ᠭᠡᠷᠡᠴᠢᠯᠡᠭᠡ ᠬᠢᠬᠦ ᠠᠴᠠ ᠭᠠᠳᠠᠨ᠎ᠠ᠂ ᠳᠠᠭᠤᠯᠠ ᠪᠠᠰᠠ ᠰᠠᠷ᠎ᠠ ᠪᠦᠷᠢ ᠸᠠᠩ ᠡᠵᠢ ᠶᠢ ᠬᠠᠪᠰᠤᠷᠤᠨ ᠤᠰᠤ ᠴᠠᠬᠢᠯᠭᠠᠨ ᠤ ᠵᠠᠷᠤᠳᠠᠯ ᠢ ᠣᠷᠣᠯᠠᠨ ᠲᠤᠰᠢᠶᠠᠵᠤ᠂ ᠲᠣᠭᠲᠠᠭᠰᠠᠨ | ᠬᠤᠭᠤᠴᠠᠭ᠎ᠠ ᠲᠠᠢ ᠪᠠᠷ ᠭᠡᠷ ᠲᠤ ᠨᠢ ᠬᠦᠷᠴᠦ ᠰᠢᠲᠠᠮᠠᠬᠠᠶ ᠬᠡᠢ ᠶᠢᠨ ᠠᠮᠤᠷ ᠲᠦᠪᠰᠢᠨ ᠢ ᠪᠠᠶᠢᠴᠠᠭᠠᠨ᠎ᠠ ᠃ ᠨᠢᠳᠤᠨᠤᠨ ᠡᠪᠦᠯ᠂ ᠸᠠᠩ ᠡᠵᠢ ᠶᠢᠨ ᠭᠡᠷ ᠤᠨ ᠳᠤᠯᠠᠭᠠᠭᠤᠷ ᠨᠢ ᠬᠠᠯᠠᠬᠤ | ᠦᠭᠡᠢ ᠪᠠᠶᠢᠪᠠ ᠂ ᠳᠠᠭᠤᠯᠠ ᠮᠡᠳᠡᠭᠰᠡᠨ ᠳᠠᠷᠠᠭ᠎ᠠ ᠳᠠᠷᠤᠢ ᠲᠦᠷᠭᠡᠨ ᠰᠡᠯᠪᠢᠨ ᠵᠠᠰᠠᠬᠤ ᠠᠵᠢᠯᠲᠠᠳ ᠲᠠᠢ ᠬᠠᠷᠢᠯᠴᠠᠵᠤ ᠲᠤᠬᠠᠢ ᠶᠢᠨ ᠡᠳᠦᠷ ᠲᠤ ᠨᠢ ᠠᠰᠠᠭᠤᠳᠠᠯ ᠢ | ᠰᠢᠢᠳᠪᠦᠷᠢᠯᠡᠪᠡ᠃ ︽ ᠳᠠᠭᠤᠯᠠ ᠶᠢ ᠦᠵᠡᠪᠡᠯ ᠂ ᠡᠯᠢᠭᠡᠨ ᠰᠠᠳᠤᠨ ᠢᠶᠠᠨ ᠣᠯᠵᠤ ᠬᠠᠷᠠᠭᠰᠠᠨ ᠰᠢᠭ ᠰᠡᠳᠬᠢᠯ ᠮᠠᠰᠢ ᠲᠠᠢᠪᠤᠩ ᠲᠣᠭᠲᠠᠭᠤᠨ ᠪᠣᠯᠤᠨ᠎ᠠ ︾ ᠭᠡᠬᠦ ᠸᠠᠩ ᠡᠵᠢ ᠶᠢᠨ | ᠦᠭᠡ ᠨᠢ ᠮᠠᠰᠢ ᠣᠯᠠᠨ ᠨᠠᠰᠤᠲᠠᠨ ᠤ ᠬᠠᠮᠲᠤ ᠶᠢᠨ ᠰᠡᠳᠬᠢᠯ ᠢ ᠢᠯᠡᠳᠭᠡᠵᠡᠢ᠃ | ᠳᠠᠭᠤᠯᠠ ᠮᠡᠲᠦ ᠶᠢᠨ ᠲᠣᠣᠷᠵᠢᠯ ᠤᠨ ᠠᠵᠢᠯᠲᠠᠳ ᠰᠢᠶᠠᠩ ᠶᠦᠨ ᠨᠡᠶᠢᠭᠡᠮ ᠲᠣᠭᠤᠷᠢᠭ ᠪᠠᠰᠠ ᠮᠠᠰᠢ ᠣᠯᠠᠨ ᠪᠠᠶᠢᠨ᠎ᠠ᠃ ᠨᠠᠰᠤᠲᠠᠶᠢᠴᠤᠳ ᠤᠨ ᠶᠠᠪᠤᠵᠤ ᠰᠠᠭᠤᠬᠤ ᠳᠤ | ᠤᠳᠠᠭᠠᠨ᠂ ᠠᠰᠠᠷ ᠠᠪᠠᠷᠢᠬᠤ ᠳᠤ ᠬᠦᠴᠢᠷ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠰᠢᠶᠠᠩ ᠶᠦᠨ ᠨᠡᠶᠢᠭᠡᠮ ᠲᠣᠭᠤᠷᠢᠭ ᠤᠨ ᠨᠢᠭᠡᠳᠦᠭᠡᠷ ᠳᠠᠪᠬᠤᠷᠯᠢᠭ ᠤᠨ | ᠭᠡᠷ ᠤᠨ ᠭᠠᠳᠠᠨᠠᠬᠢ ᠬᠥᠳᠡᠯᠮᠦᠷᠢᠴᠢᠳ ᠤᠨ ᠥᠷᠲᠡᠭᠡᠨ ᠳᠤ ︽ᠶᠡᠷᠦᠩᠬᠡᠶᠢᠯᠡᠭᠰᠡᠨ ᠦᠢᠯᠡᠴᠢᠯᠡᠭᠡᠨ ᠤ ᠴᠣᠩᠬᠤᠪᠴᠢ︾ ᠭᠠᠷᠭᠠᠵᠤ᠂ ᠬᠠᠪᠰᠤᠷᠤᠨ ᠭᠦᠢᠴᠡᠳᠬᠡᠬᠦ ᠣᠷᠣᠯᠠᠨ | ᠭᠦᠢᠴᠡᠳᠬᠡᠬᠦ ᠦᠢᠯᠡᠴᠢᠯᠡᠭᠡ ᠬᠠᠩᠭᠠᠵᠤ᠂ ᠪᠠᠰᠠ ᠲᠣᠭᠲᠠᠮᠠᠯ ᠬᠤᠭᠤᠴᠠᠭ᠎ᠠ ᠲᠠᠢ ᠪᠠᠷ ︽ᠤᠶᠤᠨᠲᠤ ᠭᠠᠷ ᠤᠲᠠᠰᠤᠨ ᠤ ᠬᠢᠴᠢᠶᠡᠯ ᠤᠨ ᠲᠠᠩᠬᠢᠮ︾ ᠥᠷᠨᠢᠭᠦᠯᠵᠦ᠂ | ᠨᠠᠰᠤᠲᠠᠶᠢᠴᠤᠳ ᠲᠤ ᠬᠡᠷᠬᠢᠨ ᠸᠢᠴᠠᠲ ᠢᠶᠠᠷ ᠲᠠᠩᠰᠠ ᠥᠭᠬᠦ᠂ ᠨᠡᠶᠢᠭᠡᠮ ᠤᠨ ᠳᠠᠭᠠᠳᠬᠠᠯ ᠤᠨ ᠬᠢᠷᠢ ᠬᠡᠮ ᠤᠨ ᠭᠡᠷᠡᠴᠢᠯᠡᠯ ᠬᠢᠬᠦ ᠵᠡᠷᠭᠡ ᠶᠢ ᠵᠢᠭᠠᠵᠤ ᠥᠭᠪᠡ᠃ | ᠨᠢᠭᠡ ᠪᠠᠭ᠎ᠠ ᠶᠠᠪᠤᠳᠠᠯ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠵᠠᠭᠤᠨ ᠪᠠᠭ᠎ᠠ ᠶᠠᠪᠤᠳᠠᠯ ᠠᠷᠠᠳ ᠤᠨ ᠰᠠᠨᠠᠭ᠎ᠠ ᠶᠢ ᠲᠥᠪᠯᠡᠷᠡᠭᠦᠯᠦᠨ᠎ᠡ᠃ ᠰᠢᠶᠠᠩ ᠶᠦᠨ ᠨᠡᠶᠢᠭᠡᠮ | ᠲᠣᠭᠤᠷᠢᠭ ︽ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭᠲᠠᠶ᠂ ᠠᠷᠠᠳ ᠤᠨ ᠲᠥᠯᠥᠭᠡ︾ ᠭᠡᠬᠦ ᠦᠢᠯᠡᠴᠢᠯᠡᠭᠡᠨ ᠤ ᠣᠶᠢᠯᠠᠭᠠᠭᠳᠠᠬᠤᠨ ᠢ ᠦᠷᠭᠦᠯᠵᠢᠯᠡᠨ | ᠪᠠᠷᠢᠮᠲᠠᠯᠠᠵᠤ᠂ ᠦᠢᠯᠡᠴᠢᠯᠡᠭᠡᠨ ᠤ ᠠᠷᠭ᠎ᠠ ᠮᠠᠶ᠋ᠢᠭ ᠤᠨ ᠲᠠᠯ᠎ᠠ ᠪᠠᠷ ᠲᠠᠰᠤᠷᠠᠯᠲᠠ ᠥᠬᠡᠶ ᠰᠢᠨ᠎ᠡ ᠶᠢ ᠡᠭᠦᠳᠴᠦ᠂ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ | ᠣᠯᠠᠨ ᠲᠦᠮᠡᠨ ᠤ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠬᠠᠷᠢᠶ᠎ᠠ ᠲᠣᠭᠤᠷᠢᠭ ᠤᠨ ᠨᠠᠰᠤᠲᠠᠶᠢᠴᠤᠳ ᠲᠤ | ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠭᠡᠨ᠎ᠡ᠃ | |