ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠶᠠᠪᠤᠳᠠᠯ ᠨᠢ ᠠᠵᠤ ᠠᠬᠤᠶᠢᠯᠠᠯ ᠤᠳ ᠤᠨ ᠲᠤᠰ ᠪᠡᠶ᠎ᠡ ᠶᠢᠨ ᠬᠢᠨᠢ ᠠᠰᠢᠭ ᠲᠤᠰᠠ ᠲᠠᠢ ᠬᠤᠯᠪᠣᠭᠳᠠᠵᠤ | ᠪᠠᠶᠢᠳᠠᠭ᠂ ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠳᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠪᠣᠯ ᠠᠵᠤ ᠠᠬᠤᠶᠢᠯᠠᠯ ᠤᠨ | ᠡᠵᠡᠩᠨᠡᠯᠲᠡ ᠶᠢᠨ ᠥᠪᠡᠷ ᠤᠨ ᠦᠷᠳᠡᠭ ᠢ ᠨᠢ ᠪᠠᠭᠤᠷᠠᠭᠤᠯᠬᠤ ᠪᠠ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠃ | ᠣᠶᠢᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ | ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ︾ ᠢ ᠳᠠᠷᠤᠮᠠᠯᠯᠠᠨ ᠶᠠᠪᠤᠭᠤᠯᠪᠠ᠂ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ 3 ᠳ᠋ᠤᠭᠠᠷ ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ ᠲᠤᠰᠬᠠᠢ ᠰᠡᠳᠦᠪᠲᠦ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠂ | ᠡᠳ᠋ ᠤᠨ ᠵᠠᠰᠠᠭ ᠤᠨ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠵᠡᠷᠭᠡ ᠳᠥᠷᠪᠡᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠯᠤᠭ᠎ᠠ | ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠤᠭᠰᠠᠨ ᠪᠠᠶᠢᠨ᠎ᠠ᠂ ᠬᠠᠮᠲᠤ ᠪᠠᠷ ᠣᠶᠢᠯᠠᠭᠠᠵᠠᠭᠠᠶ᠎ᠠ︕ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠄ | ︽ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠠᠵᠢᠯ ᠤᠨ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠬᠦ ᠲᠤᠬᠠᠢ ᠵᠢᠯᠤᠭᠤᠳᠬᠤ ᠰᠠᠨᠠᠯ︾ ᠳᠤ ᠲᠤᠯᠤᠭᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠳᠤᠷᠠᠳᠪᠠ ᠠᠵᠤ ᠠᠬᠤᠶᠢᠯᠠᠯ ᠯᠤᠭ᠎ᠠ | ᠬᠤᠯᠪᠣᠭᠳᠠᠭᠰᠠᠨ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢᠨ ᠳᠦᠷᠢᠮ ᠢ ᠲᠡᠭᠦᠯᠳᠡᠷᠵᠢᠭᠦᠯᠪᠡ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠄ | ᠲᠣᠭᠲᠠᠭᠠᠯ ᠠᠴᠠ ᠵᠥᠷᠢᠴᠡᠨ ᠰᠦᠢᠳᠬᠡᠯ ᠬᠤᠷᠢᠶᠠᠬᠤ ᠠᠰᠠᠭᠤᠳᠠᠯ ᠣᠷᠣᠰᠢᠵᠤ ᠪᠠᠶᠢᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠯᠠᠷᠡᠭᠦᠯᠪᠡᠯ ᠬᠦᠴᠦᠨ ᠦᠭᠡᠢ | ᠪᠣᠯᠭᠠᠪᠠᠰᠤ ᠵᠣᠬᠢᠬᠤ ᠰᠦᠢᠳᠬᠡᠯ ᠬᠤᠷᠢᠶᠠᠬᠤ ᠲᠥᠷᠥᠯ ᠵᠦᠢᠯ ᠢ ᠨᠢ ᠡᠷᠡᠰ ᠰᠢᠭᠤᠷᠬᠠᠢ ᠪᠠᠷ ᠬᠦᠴᠦᠨ ᠦᠭᠡᠢ ᠪᠣᠯᠭᠠᠵᠤ᠂ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ | ᠬᠠᠭᠤᠳᠠᠰᠤᠨ ᠳᠤ ᠣᠷᠣᠭᠤᠯᠪᠠᠰᠤ ᠵᠣᠬᠢᠬᠤ ᠶᠢ ᠨᠢ ᠴᠠᠭ ᠲᠤᠬᠠᠢ ᠳᠤ ᠨᠢ ᠣᠷᠣᠭᠤᠯᠬᠤ ᠬᠡᠷᠡᠭᠲᠡᠢ᠃ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠲᠥᠷᠥᠯ ᠵᠦᠢᠯ ᠢ ᠲᠣᠭᠲᠠᠭᠠᠯ ᠠᠴᠠ ᠵᠥᠷᠢᠴᠡᠨ ᠰᠢᠨ᠎ᠡ ᠪᠠᠷ ᠭᠠᠷᠭᠠᠬᠤ ᠶᠢ ᠴᠢᠩᠭ᠎ᠠ ᠬᠤᠷᠢᠭᠯᠠᠵᠤ᠂ | ᠡᠭᠦᠰᠦᠮᠡᠯ ᠴᠢᠨᠠᠷᠲᠠᠢ ᠵᠠᠭᠤᠴᠢ ᠦᠢᠯᠡᠴᠢᠯᠡᠭᠡᠨ ᠤ ᠰᠦᠢᠳᠬᠡᠯ ᠬᠤᠷᠢᠶᠠᠬᠤ᠂ ᠡᠯᠧᠺᠳ᠋ᠷᠣᠨ ᠵᠠᠰᠠᠭ ᠤᠨ ᠶᠠᠪᠤᠳᠠᠯ ᠤᠨ ᠲᠠᠪᠴᠠᠩ ᠤᠨ ᠰᠦᠢᠳᠬᠡᠯ ᠬᠤᠷᠢᠶᠠᠬᠤ ᠵᠡᠷᠭᠡ ᠠᠰᠠᠭᠤᠳᠠᠯ | ᠭᠠᠷᠬᠤ ᠶᠢ ᠴᠢᠩᠭ᠎ᠠ ᠰᠡᠷᠭᠡᠶᠢᠯᠡᠨ᠎ᠡ | ᠥᠨᠥ ᠵᠢᠯ᠂ ᠰᠦᠢᠳᠬᠡᠯ ᠬᠤᠷᠢᠶᠠᠬᠤ ᠲᠥᠷᠥᠯ ᠵᠦᠢᠯ ᠢ ᠥᠪᠡᠷᠰᠡᠳ ᠢᠶᠠᠨ ᠳᠣᠭᠲᠠᠭᠠᠬᠤ᠂ ᠪᠠᠷᠢᠮᠵᠢᠶ᠎ᠠ ᠠᠴᠠ ᠬᠡᠲᠦᠷᠡᠭᠦᠯᠦᠨ ᠰᠦᠢᠳᠬᠡᠯ ᠬᠤᠷᠢᠶᠠᠬᠤ᠂ ᠪᠤᠰᠤᠳ ᠢᠶᠠᠷ | ᠲᠤᠰᠢᠶᠠᠯᠭᠠᠬᠤ ᠰᠦᠢᠳᠬᠡᠯ ᠵᠡᠷᠭᠡ ᠠᠰᠠᠭᠤᠳᠠᠯ ᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ | ᠡᠳ᠋ ᠤᠨ ᠵᠠᠰᠠᠭ ᠤᠨ ᠶᠠᠮᠤᠨ᠄ | 2013 ᠣᠨ ᠠᠴᠠ ᠨᠠᠭᠠᠰᠢ᠂ ᠲᠥᠪ ᠤᠨ ᠳᠣᠭᠲᠠᠭᠠᠭᠰᠠᠨ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠬᠤᠷᠢᠶᠠᠵᠤ ᠪᠠᠶᠢᠭᠰᠠᠨ 185 ᠵᠦᠢᠯ ᠤᠨ ᠰᠦᠢᠳᠬᠡᠯ ᠢ | ᠴᠥᠬᠡᠳᠬᠡᠭᠡᠳ 50 ᠵᠦᠢᠯ ᠪᠣᠯᠭᠠᠨ ᠬᠠᠰᠤᠵᠤ᠂ 73% ᠪᠠᠷ ᠪᠠᠭᠠᠰᠬᠠᠪᠠ ᠫᠣᠷᠲ᠋ᠠᠯ ᠰᠦᠯᠵᠢᠶ᠎ᠡ ᠳᠤ ᠨᠡᠶᠢᠲᠡᠯᠡᠭᠰᠡᠨ ᠢᠶᠠᠷ ᠪᠣᠯ ᠪᠦᠬᠦ ᠤᠯᠤᠰ ᠤᠨ ᠵᠠᠰᠠᠭ ᠤᠨ ᠣᠷᠳᠣᠨ ᠤ | ᠴᠢᠨᠠᠷᠲᠠᠢ ᠰᠠᠭᠤᠷᠢ ᠮᠥᠩᠭᠦ ᠪᠠ ᠵᠠᠰᠠᠭ ᠵᠠᠬᠢᠷᠭᠠᠨ ᠠᠵᠢᠯ ᠦᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠭᠠᠷᠴᠠᠭ ᠤᠨ ᠲᠣᠳᠣᠷᠬᠠᠢ ᠬᠠᠭᠤᠳᠠᠰᠤ ᠶᠢ ᠨᠢᠭᠡᠳᠬᠡᠯ ᠰᠦᠯᠵᠢᠶ᠎ᠡ ᠪᠠᠷ | ᠨᠡᠶᠢᠲᠡᠯᠡᠨ᠎ᠡ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ᠄ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠪᠠᠲᠤᠯᠠᠬᠤ ᠮᠥᠩᠭᠦ ᠶᠢᠨ ᠭᠠᠷᠴᠠᠭ ᠤᠨ ᠲᠣᠳᠣᠷᠬᠠᠢ ᠬᠠᠭᠤᠳᠠᠰᠤ ᠶᠢᠨ ᠠᠭᠤᠯᠭ᠎ᠠ ᠶᠢ ᠬᠥᠳᠡᠯᠦᠩᠭᠦᠢ ᠪᠠᠷ ᠲᠣᠬᠢᠷᠠᠭᠤᠯᠵᠤ᠂ | ᠪᠡᠯᠡᠨ ᠵᠣᠭᠤᠰ ᠢᠶᠠᠷ ᠪᠠᠲᠤᠯᠠᠬᠤ ᠶᠢ ᠪᠠᠲᠤᠯᠠᠭ᠎ᠠ ᠶᠢᠨ ᠪᠢᠴᠢᠭ ︵ᠳᠠᠭᠠᠳᠬᠠᠯ︶ ᠢᠶᠠᠷ ᠣᠷᠣᠯᠠᠭᠤᠯᠬᠤ ᠬᠡᠪᠴᠢᠶ᠎ᠡ ᠪᠠᠨ ᠥᠷᠭᠡᠳᠬᠡᠨ᠎ᠡ | ᠠᠵᠤ ᠠᠬᠤᠶᠢᠯᠠᠯ ᠯᠤᠭ᠎ᠠ ᠬᠤᠯᠪᠣᠭᠳᠠᠭᠰᠠᠨ ᠰᠦᠢᠳᠬᠡᠯ ᠬᠤᠷᠢᠶᠠᠬᠤ ᠦᠶ᠋ᠯᠡ ᠠᠵᠢᠯᠯᠠᠭ᠎ᠠ ᠶᠢ ᠨᠢ ᠵᠢᠷᠤᠮᠵᠢᠭᠤᠯᠬᠤ ᠶᠢ ᠴᠢᠬᠤᠯᠠ ᠠᠭᠤᠯᠭ᠎ᠠ ᠪᠣᠯᠭᠠᠵᠤ᠂ 2025 ᠣᠨ ᠤ | ᠪᠥᠬᠦ ᠤᠯᠤᠰ ᠲᠠᠬᠢ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ ᠠᠵᠢᠯ ᠤᠨ ᠬᠡᠷᠡᠭᠵᠢᠭᠦᠯᠬᠦ ᠲᠥᠰᠥᠯ ᠢ ᠨᠡᠶᠢᠲᠡᠯᠡᠨ᠎ᠡ |