ᠰᠢᠩ ᠺᠠᠢ ᠪᠦᠯᠬᠦᠮ ᠳᠠᠭᠠᠭᠤᠯᠤᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠪᠠ ᠨᠡᠶᠢᠭᠡᠮ ᠲᠣᠭᠤᠷᠢᠭ ᠤᠨ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/4/7
    4 ᠳ᠋ᠦ᠋ᠭᠡᠷ ᠰᠠᠷ᠎ᠠ ᠶᠢᠨ 5 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠰᠢᠩ ᠺᠠᠶ ᠪᠦᠯᠬᠦᠮ ᠳᠠᠭᠠᠭᠤᠯᠤᠨ ᠠᠷᠠᠳ ᠤᠨ ᠵᠠᠩ ᠦᠢᠯᠡ ᠶᠢᠨ ᠦᠵᠡᠭᠦᠯᠦᠯᠭᠡ ᠶᠢᠨ ᠲᠢᠩᠬᠢᠮ᠂ ᠪᠥᠸᠧ ᠢᠦᠢ ᠨᠡᠶᠢᠭᠡᠮ ᠲᠣᠭᠤᠷᠢᠭ ᠤᠨ ᠬᠤᠭᠤᠯᠠᠨ ᠭᠡᠷ ᠤᠬᠢᠶᠠᠯᠭ᠎ᠠ ᠶᠢᠨ ᠭᠠᠵᠠᠷ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠵᠡᠢ᠃    ᠠᠷᠠᠳ ᠤᠨ ᠵᠠᠩ ᠦᠢᠯᠡ ᠶᠢᠨ ᠦᠵᠡᠭᠦᠯᠦᠯᠭᠡ ᠶᠢᠨ ᠲᠢᠩᠬᠢᠮ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ︽ᠰᠣᠶᠣᠯ ᠢᠶᠠᠷ ᠵᠢᠭᠤᠯᠴᠢᠯᠠᠯ ᠢ ᠱᠤᠭᠤᠬᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠬᠦ︾ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠤᠳᠤ ᠶᠢᠨ ᠡᠯᠪᠡᠭ ᠪᠠᠶᠠᠯᠢᠭ ᠰᠣᠶᠣᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ︽ᠰᠣᠶᠣᠯ ᠵᠢᠭᠤᠯᠴᠢᠯᠠᠯ + ︾ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠠ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠦᠯᠦᠪᠯᠡᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯ ᠴᠡᠴᠡᠭᠯᠡᠯ ᠳᠤ ᠪᠦᠲᠦᠮᠵᠢᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠪᠠᠶᠢᠷᠢ ᠲᠣᠭᠲᠠᠭᠠᠯᠲᠠ ᠲᠣᠳᠤᠷᠬᠠᠢ ᠪᠠᠶᠢᠵᠤ᠂ ᠨᠢᠭᠡᠨᠲᠡ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠠᠰᠢᠭᠯᠠᠵᠤ᠂ ᠨᠥᠯᠥᠭᠡᠯᠡᠬᠦ ᠬᠦᠴᠦᠨ ᠢᠶᠠᠷ ᠥᠨᠳᠥᠷ᠂ ᠠᠯᠳᠠᠷᠰᠢᠯ ᠢᠶᠠᠷ ᠥᠷᠭᠡᠨ ᠠᠭᠤᠯᠠᠷᠬᠠᠭ ᠣᠷᠣᠨ ᠤ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠡᠭᠦᠳᠴᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠦᠷᠭᠦᠯᠵᠢᠯᠡᠬᠦᠶᠢᠴᠡ  ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠪᠥᠸᠧ ᠢᠦᠢ ᠨᠡᠶᠢᠭᠡᠮ ᠲᠣᠭᠤᠷᠢᠭ ᠤᠨ ᠬᠤᠭᠤᠯᠠᠨ ᠬᠡᠷ ᠤᠬᠢᠶᠠᠯᠭ᠎ᠠ ᠶᠢᠨ ᠭᠠᠵᠠᠷ ᠵᠡᠷᠭᠡ ᠭᠠᠵᠠᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠨᠡᠶᠢᠭᠡᠮ ᠲᠣᠭᠤᠷᠢᠭ ᠤᠨ ᠬᠤᠭᠤᠯᠠᠨ ᠬᠡᠷ᠂ ᠠᠷᠠᠳ ᠤᠨ ᠠᠮᠢᠳᠤᠷᠠᠯ ᠤᠨ ᠤᠬᠢᠶᠠᠯᠭ᠎ᠠ ᠶᠢᠨ ᠭᠠᠵᠠᠷ ᠪᠣᠯ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠴᠢᠬᠤᠯᠠ ᠭᠠᠷᠳᠠᠴᠠ ᠮᠥᠨ᠃ ᠡᠵᠡᠩᠨᠡᠯᠲᠡ ᠶᠢᠨ ᠵᠠᠭᠪᠤᠷ ᠤᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠭᠦᠯᠵᠦ᠂ ᠬᠡᠷᠡᠭᠴᠡᠭᠡ ᠶᠢ ᠣᠨᠤᠪᠴᠢᠲᠠᠢ ᠵᠣᠯᠭᠠᠭᠤᠯᠵᠤ᠂ ᠦᠢᠯᠡᠴᠢᠯᠡᠭᠡ ᠪᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠣᠷᠣᠨ ᠪᠦᠰᠡ ᠶᠢᠨ ᠠᠷᠠᠳ ᠤᠨ ᠠᠮᠢᠳᠤᠷᠠᠯ ᠤᠨ ᠵᠣᠯ ᠵᠢᠷᠭᠠᠯ ᠤᠨ ᠰᠠᠭᠤᠷᠢ ᠦᠩᠭᠡ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ ᠭᠡᠵᠦ  ᠴᠢᠬᠤᠯᠠᠴᠢᠯᠠᠪᠠ ᠃ᠲᠣᠭᠤᠷᠢᠭ ᠤᠨ ᠤᠳᠤᠷᠢᠳᠤᠯᠭ᠎ᠠ ᠵᠠᠩ ᠷᠦᠢ᠂ ᠪᠢᠯᠢᠭᠲᠦ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ 
ᠢᠷᠡᠯᠲᠡ᠄ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ