ᠦᠰᠦᠭ ᠪᠢᠴᠢᠭ ᠢᠶᠠᠷ ᠦᠭᠦᠯᠡᠬᠦᠢ᠄ ︽︿ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ︵2021 — 2035︶﹀ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶ ᠶᠢ ᠳᠠᠷᠤᠮᠠᠯᠯᠠᠨ ᠲᠠᠷᠬᠠᠭᠠᠬᠤ ᠲᠤᠬᠠᠶ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ᠤᠨ ᠲᠥᠷᠦ ᠶᠢᠨ ᠪᠣᠳᠤᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2025/5/13
    ᠨᠢᠭᠡ᠂ ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ    2021 ᠣᠨ ᠤ 11 ᠳ᠋ᠦ᠋ᠭᠡᠷ ᠰᠠᠷ᠎ᠠ ᠳᠤ᠂ ᠪᠤᠭᠤᠲᠤ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ 37 ᠳ᠋ᠤᠭᠠᠷ ᠬᠤᠷᠠᠯᠳᠤᠭᠠᠨ ᠠᠴᠠ ︽ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ︵2021 — 2035︶︾ ︵ᠳᠣᠷᠣᠭᠰᠢ ︽ᠬᠠᠮᠠᠭᠠᠯᠠᠯᠲᠠ ᠶᠢᠨ ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠬᠢᠨᠠᠨ ᠵᠥᠪᠯᠡᠵᠦ ᠪᠠᠲᠤᠯᠠᠨ᠂ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠭᠤᠤᠯ ᠬᠠᠮᠠᠭᠠᠯᠠᠯᠲᠠ ᠶᠢᠨ ᠣᠷᠣᠨ ᠪᠠ ᠡᠵᠡᠮᠳᠡᠵᠦ ᠪᠠᠶᠢᠭ᠎ᠠ ᠬᠠᠮᠠᠭᠠᠯᠠᠯᠲᠠ ᠶᠢᠨ ᠣᠷᠣᠨ ᠢ ᠵᠦᠶ ᠵᠣᠬᠢᠰᠲᠠᠶ ᠢᠯᠭᠠᠵᠤ᠂ ᠵᠦᠷᠢᠶᠡᠴᠢᠯᠡᠭᠰᠡᠨ ᠬᠠᠮᠢᠶᠠᠷᠤᠯᠲᠠ ᠵᠢᠴᠢ ᠰᠢᠰᠲ᠋ᠧᠮᠲᠦ ᠴᠢᠨᠠᠷᠲᠠᠶ ᠬᠠᠮᠠᠭᠠᠯᠠᠯᠲᠠ ᠬᠢᠪᠠ᠃ ᠣᠶᠢᠷ᠎ᠠ ᠶᠢᠨ ᠵᠢᠯ ᠳᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠵᠤᠭᠠᠴᠠᠭᠰᠠᠳ ᠤᠨ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠤᠤᠯ ᠤᠨ ᠴᠢᠳᠠᠮᠵᠢ ᠶᠢᠨ ᠣᠷᠣᠨ ᠤ ᠬᠤᠪᠢᠶᠠᠷᠢᠯᠠᠯ᠂ ᠦᠵᠡᠮᠵᠢ ᠶᠢᠨ ᠣᠷᠴᠢᠨ ᠲᠣᠭᠤᠷᠢᠨ ᠵᠢᠴᠢ ᠵᠢᠭᠤᠯᠴᠢᠯᠠᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠢᠷᠢ ᠲᠦᠪᠰᠢᠨ ᠨᠢᠭᠡᠨᠲᠡ ᠵᠤᠭᠠᠴᠠᠭᠰᠠᠳ ᠤᠨ ᠨᠠᠩ ᠴᠢᠨᠠᠷ ᠰᠠᠶᠢᠲᠠᠶ ᠵᠢᠭᠤᠯᠴᠢᠯᠠᠯ ᠰᠡᠯᠡᠭᠦᠴᠡᠯ ᠤᠨ ᠬᠡᠷᠡᠭᠴᠡᠭᠡ ᠶᠢ ᠬᠠᠩᠭᠠᠵᠤ ᠳᠡᠶᠢᠯᠬᠦ ᠥᠬᠡᠶ ᠪᠣᠯᠵᠣ᠂ ᠤᠤᠯ ᠤᠨ ︽ᠬᠠᠮᠠᠭᠠᠯᠠᠯᠲᠠ ᠶᠢᠨ ᠲᠥᠯᠥᠪᠵᠢᠭᠦᠯᠭᠡ︾ ᠬᠢᠭᠡᠳ ᠣᠳᠣᠬᠠᠨ ᠤ ᠰᠣᠶᠣᠯ ᠵᠢᠭᠤᠯᠴᠢᠯᠠᠯ ᠤᠨ ᠬᠡᠷᠡᠭᠴᠡᠭᠡ ᠱᠠᠭᠠᠷᠳᠠᠯᠭ᠎ᠠ ᠶᠢᠨ ᠨᠡᠮᠡᠭᠳᠡᠯ ᠤᠨ ᠬᠤᠭᠤᠷᠣᠨᠳᠣᠬᠢ ᠬᠠᠩᠭᠠᠯᠭ᠎ᠠ ᠬᠡᠷᠡᠭᠴᠡᠭᠡ ᠶᠢᠨ ᠵᠥᠷᠢᠴᠡᠯ ᠠᠭᠠᠵᠢᠮ ᠢᠶᠠᠷ ᠲᠣᠪᠤᠶᠢᠮ᠎ᠠ ᠪᠣᠯᠪᠠ᠂ ᠣᠨᠴᠠᠭᠠᠶᠢᠯᠠᠨ ᠰᠠᠶᠢᠬᠠᠨ ᠲᠠᠯ᠎ᠠ ᠶᠢᠨ ᠪᠠᠷᠠᠭᠤᠨ ᠲᠠᠯ᠎ᠠ ᠶᠢᠨ ᠡᠵᠡᠮᠳᠡᠯ ᠤᠨ ᠬᠠᠮᠠᠭᠠᠯᠠᠯᠲᠠ ᠶᠢᠨ ᠣᠷᠣᠨ ᠨᠢᠭᠡᠨᠲᠡ ᠢᠳᠡᠭ ᠢᠳᠡᠭ ᠢᠶᠠᠷ ᠪᠣᠳᠠᠲᠠᠶ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠬᠦ ᠥᠬᠡᠶ ᠪᠣᠯᠤᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠳᠡᠭᠡᠳᠦ ᠪᠠᠶᠢᠷᠢ ᠶᠢᠨ ᠲᠥᠯᠥᠪᠵᠢᠭᠦᠯᠪᠡ ︽ᠪᠤᠭᠤᠲᠤ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ︵2021 — 2035 ᠣᠨ︶︾ ᠨᠢ 2023 ᠣᠨ ᠳᠤ ᠥᠪᠡᠷᠲᠡᠭᠡᠨ ᠵᠠᠰᠠᠬᠤ ᠣᠷᠣᠨ ᠤ ᠴᠣᠬᠤᠯᠠᠪᠤᠷᠢ ᠶᠢ ᠣᠯᠵᠤ᠂ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠳᠤ ᠪᠠᠰᠠ ᠰᠢᠨ᠎ᠡ ᠱᠠᠭᠠᠷᠳᠠᠯᠭ᠎ᠠ ᠳᠤᠷᠠᠳᠪᠠ᠃ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠥᠨᠳᠥᠷ ᠬᠢᠷᠢ ᠲᠦᠪᠰᠢᠨ ᠪᠦᠬᠦᠢ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠨᠠᠩ ᠰᠠᠶᠢᠨ ᠪᠡᠶᠡᠯᠡᠭᠦᠯᠬᠦ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠬᠤᠲᠠ ᠶᠢᠨ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠵᠡᠷᠭᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠨᠠᠷᠢᠨ ᠬᠢᠨᠠᠮᠠᠭᠠᠶ ᠰᠤᠳᠤᠯᠤᠨ ᠶᠠᠷᠢᠯᠴᠠᠵᠤ᠂ ᠳᠠᠬᠢᠨ ᠳᠠᠪᠲᠠᠨ ᠵᠠᠰᠠᠪᠤᠷᠢ ᠣᠷᠣᠭᠤᠯᠵᠤ᠂ ᠤᠤᠯ ᠤᠨ ︽ᠬᠠᠮᠠᠭᠠᠯᠠᠯᠲᠠ ᠶᠢᠨ ᠲᠥᠯᠥᠪᠵᠢᠭᠦᠯᠭᠡ︾ ᠶᠢ ᠵᠠᠰᠠᠨ ᠨᠠᠶᠢᠷᠠᠭᠤᠯᠬᠤ ᠶᠢᠨ ᠬᠠᠮᠲᠤ ᠤᠷᠢᠳ ᠬᠤᠵᠢᠳ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠢᠯᠡ ᠪᠠᠷ ᠰᠠᠨᠠᠯ ᠬᠤᠷᠢᠶᠠᠬᠤ᠂ ᠨᠡᠶᠢᠭᠡᠮ ᠤᠨ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠰᠠᠨᠠᠯ ᠰᠣᠨᠣᠰᠤᠭᠰᠠᠨ ᠤ ᠳᠠᠷᠠᠭ᠎ᠠ᠂ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠪᠠᠷ ᠳᠠᠮᠵᠢᠨ ︽ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ︵2021 — 2035︶︾ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶ ᠶᠢ ᠪᠦᠷᠢᠯᠳᠦᠭᠦᠯᠵᠡᠶ᠃    ᠬᠤᠶᠠᠷ᠂ ᠲᠥᠯᠥᠪᠵᠢᠭᠦᠯᠭᠡ ᠶᠢᠨ ᠬᠠᠷᠠᠯᠲᠠ    ᠨᠢᠭᠡ ᠳᠤ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠷ ᠳᠠᠮᠵᠢᠭᠤᠯᠤᠨ᠂ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠠᠮᠢ ᠠᠬᠤᠶ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠪᠦᠳᠦᠮᠵᠢᠳᠡᠢ ᠠᠷᠭ᠎ᠠ ᠭᠡᠮᠵᠢᠶ᠎ᠠ ᠪᠠ ᠳᠡᠷᠢᠬᠦᠨ ᠤ ᠠᠷᠭ᠎ᠠ ᠪᠠᠷᠢᠯ ᠢ ᠭᠡᠷᠡᠭᠯᠡᠨ᠂ ᠴᠢᠳᠠᠮᠵᠢ ᠶᠢᠨ ᠤᠷᠤᠨ ᠤ ᠬᠤᠪᠢᠶᠠᠷᠢᠯᠠᠯ ᠢ ᠵᠦᠢ ᠵᠤᠬᠢᠰᠳᠠᠢ ᠲᠤᠬᠢᠷᠠᠭᠤᠯᠵᠦ᠂ ᠭᠡᠭᠡᠷ᠎ᠠ ᠶᠢᠨ ᠠᠮᠢᠳᠠᠨ ᠤᠷᠭᠤᠮᠠᠯ ᠤᠨ ᠡᠬᠢ ᠪᠠᠶᠠᠯᠢᠭ ᠪᠠ ᠨᠤᠭᠤ ᠭᠠᠵᠠᠷ ᠤᠨ ᠡᠬᠢ ᠪᠠᠶᠠᠯᠢᠭ ᠢ ᠭᠤᠤᠯᠳᠠᠯᠭ᠎ᠠ ᠲᠠᠢ ᠬᠠᠮᠠᠭᠠᠯᠠᠨ᠂ ᠬᠠᠮᠠᠭᠠᠯᠠᠯᠳᠠ ᠶᠢᠨ ᠤᠷᠤᠨ ᠤ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠬᠠᠮᠠᠭᠠᠯᠠᠯᠳᠠ ᠶᠢᠨ ᠤᠷᠤᠨ ᠤ ᠪᠠᠶᠢᠭᠠᠯᠢ ᠶᠢᠨ ᠠᠮᠢ ᠠᠬᠤᠢ ᠶᠢᠨ ᠰᠢᠰᠲ᠋ᠧᠮ ᠤᠨ ᠰᠠᠶᠢᠨ ᠤᠷᠴᠢᠯ ᠪᠠ ᠪᠠᠶᠢᠭᠠᠯᠢ ᠶᠢᠨ ᠡᠬᠢ ᠪᠠᠶᠠᠯᠢᠭ ᠤᠨ ᠦᠷᠭᠦᠯᠵᠢᠯᠡᠨ ᠠᠰᠢᠬᠯᠠᠬᠤ ᠶᠢ ᠪᠠᠲᠤᠯᠠᠨ᠎ᠠ︔ ᠬᠤᠶᠠᠷ ᠲᠤ᠂ ᠬᠠᠮᠢᠶ᠎ᠠ ᠪᠦᠬᠦᠢ ᠠᠷᠭ᠎ᠠ ᠪᠣᠳᠣᠯᠭ᠎ᠠ ᠶᠢᠨ ᠰᠤᠳᠤᠯᠤᠯᠲᠠ ᠪᠠᠷ ᠳᠠᠮᠵᠢᠨ᠂ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠠᠮᠢ ᠠᠬᠤᠢ ᠶᠢᠨ ᠰᠡᠷᠭᠦᠭᠡᠯᠲᠡ ᠶᠢ ᠲᠦᠷᠭᠡᠳᠬᠡᠨ᠎ᠡ᠃ ᠡᠬᠢ ᠪᠠᠶᠠᠯᠢᠭ ᠪᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠳᠤ ᠠᠰᠢᠭᠲᠠᠢ ᠪᠠᠶᠢᠬᠤ ᠤᠷᠢᠲᠠᠯ ᠳᠣᠣᠷ᠎ᠠ᠂ ᠲᠤᠰ ᠭᠠᠵᠠᠷ ᠣᠷᠣᠨ ᠤ ᠡᠬᠢ ᠪᠠᠶᠠᠯᠢᠭ᠂ ᠲᠦᠷᠦ ᠶᠢᠨ ᠪᠤᠳᠤᠯᠭ᠎ᠠ ᠪᠠ ᠣᠷᠣᠨ ᠪᠠᠶᠢᠷᠢ ᠶᠢᠨ ᠳᠠᠪᠠᠭᠤᠯᠢᠭ ᠢ ᠪᠠᠳᠠᠷᠠᠭᠤᠯᠵᠤ᠂ ᠪᠤᠯᠭᠤᠮᠵᠢᠲᠠᠢ᠂ ᠲᠣᠬᠢᠷᠠᠮᠵᠢᠲᠠᠢ᠂ ᠭᠠᠵᠠᠷ ᠣᠷᠣᠨ ᠤ ᠪᠠᠶᠢᠳᠠᠯ ᠳᠤ ᠨᠢ ᠲᠤᠬᠢᠷᠠᠭᠤᠯᠤᠨ ᠪᠠᠶᠢᠭᠠᠯᠢ ᠶᠢᠨ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠶᠢ ᠦᠷᠨᠢᠭᠦᠯᠦᠨ᠎ᠡ︔ ᠭᠤᠷᠪᠠ ᠳᠤ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠵᠦᠶ ᠵᠣᠬᠢᠰᠲᠠᠶ ᠪᠠᠶᠢᠷᠢᠰᠢᠭᠤᠯᠬᠤ ᠪᠠᠷ ᠳᠠᠮᠵᠢᠭᠤᠯᠤᠨ᠂ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠪᠦᠬᠦᠯᠢ ᠴᠣᠭᠴᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠦᠨ᠎ᠡ᠃ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠢ ᠠᠯᠬᠤᠮ ᠠᠯᠬᠤᠮ ᠢᠶᠠᠷ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ᠂ ᠤᠬᠠᠭᠤᠯᠤᠨ ᠬᠥᠮᠦᠵᠢᠭᠦᠯᠬᠦ ᠪᠠ ᠠᠰᠢᠭᠯᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠪᠠᠶᠢᠭᠠᠯᠢᠯᠢᠭ ᠬᠤᠲᠠ ᠶᠢᠨ ᠳᠤᠮᠳᠠᠬᠢ ᠲᠠᠯ᠎ᠠ ᠨᠤᠲᠤᠭ ᠪᠣᠯᠭᠠᠨ ᠪᠥᠲᠥᠭᠡᠨ ᠪᠠᠶᠢᠭᠤᠯᠤᠨ᠎ᠠ᠃    ᠭᠤᠷᠪᠠ᠂ ᠭᠤᠣᠯ ᠠᠭᠤᠯᠭ᠎ᠠ    ᠲᠣᠰ ᠲᠥᠯᠥᠪᠵᠢᠭᠦᠯᠭᠡ ᠨᠢ ᠲᠥᠯᠥᠪᠵᠢᠭᠦᠯᠭᠡ ᠶᠢᠨ ᠪᠢᠴᠢᠭ ᠮᠠᠲ᠋ᠧᠷᠢᠶᠠᠯ᠂ ᠵᠢᠷᠤᠭ ᠤᠨ ᠳᠡᠪᠲᠡᠷ᠂ ᠲᠣᠳᠣᠷᠬᠠᠶᠢᠯᠠᠯᠲᠠ ᠶᠢᠨ ᠪᠢᠴᠢᠭ ᠵᠡᠷᠭᠡ ᠭᠤᠷᠪᠠᠨ ᠬᠡᠰᠡᠭ ᠢᠶᠠᠷ ᠪᠦᠷᠢᠯᠳᠦᠵᠡᠶ᠃ ᠪᠢᠴᠢᠭ ᠮᠠᠲ᠋ᠧᠷᠢᠶᠠᠯ ᠤᠨ ᠬᠡᠰᠡᠭ ᠨᠢ ᠶᠡᠷᠦᠩᠬᠡᠶ ᠲᠦᠷᠢᠮ᠂ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ᠂ ᠲᠤᠰᠬᠠᠶ ᠲᠥᠯᠥᠪᠵᠢᠭᠦᠯᠭᠡ᠂ ᠲᠥᠯᠥᠪᠵᠢᠭᠦᠯᠭᠡ ᠶᠢ ᠬᠡᠷᠡᠭᠵᠢᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠢᠴᠢ ᠳᠠᠭᠠᠯᠳᠤᠭᠤᠯᠤᠯ ᠲᠦᠷᠢᠮ ᠵᠡᠷᠭᠡ 5 ᠪᠦᠯᠦᠭ᠂ 54 ᠵᠤᠷᠪᠤᠰ ᠤᠨ ᠪᠣᠳᠠᠲᠠᠶ ᠠᠭᠤᠯᠭ᠎ᠠ ᠶᠢ ᠬᠠᠮᠤᠷᠤᠨ᠎ᠠ᠃     — ᠶᠡᠷᠦᠩᠬᠡᠢ ᠳᠦᠷᠢᠮ᠃ ᠲᠥᠯᠥᠪᠵᠢᠭᠦᠯᠭᠡ ᠶᠢᠨ ᠵᠣᠷᠢᠯᠭ᠎ᠠ᠂ ᠦᠨᠳᠦᠰᠦᠯᠡᠯ᠂ ᠬᠡᠪᠴᠢᠶ᠎ᠡ᠂ ᠵᠠᠷᠴᠢᠮ᠂ ᠬᠠᠷᠠᠯᠲᠠ᠂ ᠬᠤᠭᠤᠴᠠᠭ᠎ᠠ ᠵᠢᠴᠢ ᠵᠢᠯᠣᠭᠤᠳᠬᠤ ᠦᠵᠡᠯ ᠰᠠᠨᠠᠭ᠎ᠠ᠂ ᠴᠢᠳᠠᠮᠵᠢ ᠶᠢᠨ ᠪᠠᠶᠢᠷᠢ ᠲᠣᠭᠲᠠᠭᠠᠯᠲᠠ ᠵᠡᠷᠭᠡ ᠨᠠᠢᠮᠠᠨ ᠵᠦᠢᠯ ᠤᠨ ᠠᠭᠤᠯᠭ᠎ᠠ ᠶᠢ ᠪᠠᠭᠲᠠᠭᠠᠵᠤ᠂ ᠲᠣᠰ ᠤᠳᠠᠭᠠᠨ ᠤ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠬᠤ ᠶᠡᠷᠦᠩᠬᠡᠶ ᠵᠠᠷᠴᠢᠮ᠂ ᠵᠢᠯᠣᠭᠤᠳᠬᠤ ᠦᠵᠡᠯ ᠰᠠᠨᠠᠭ᠎ᠠ ᠶᠢ ᠲᠣᠭᠲᠠᠭᠠᠵᠤ᠂ ᠲᠣᠰ ᠤᠳᠠᠭᠠᠨ ᠤ ᠵᠠᠰᠠᠪᠤᠷᠢ ᠣᠷᠣᠭᠤᠯᠤᠨ ᠨᠠᠶᠢᠷᠠᠭᠤᠯᠬᠤ ᠬᠦᠷᠢᠶ᠎ᠡ ᠬᠡᠪᠴᠢᠶ᠎ᠡ᠂ ᠬᠠᠷᠠᠯᠲᠠ᠂ ᠴᠠᠭ ᠬᠤᠭᠤᠴᠠᠭ᠎ᠠ᠂ ᠴᠢᠳᠠᠮᠵᠢ ᠶᠢᠨ ᠪᠠᠶᠢᠷᠢ ᠲᠣᠭᠲᠠᠭᠠᠯᠲᠠ ᠵᠡᠷᠭᠡ ᠶᠢ ᠲᠣᠳᠣᠷᠬᠠᠶᠢᠯᠠᠪᠠ᠃    — ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠢ ᠬᠠᠮᠠᠭᠠᠯᠠᠬᠤ ᠲᠥᠯᠥᠪᠵᠢᠭᠦᠯᠭᠡ᠃ ᠶᠡᠷᠦᠩᠬᠡᠶ ᠪᠠᠶᠢᠷᠢᠰᠢᠭᠤᠯᠤᠯᠲᠠ᠂ ᠭᠤᠤᠯ ᠬᠠᠮᠠᠭᠠᠯᠠᠯᠲᠠ ᠶᠢᠨ ᠣᠷᠣᠨ ᠤ ᠲᠥᠯᠥᠪᠵᠢᠭᠦᠯᠭᠡ᠂ ᠡᠵᠡᠮᠳᠡᠯ ᠤᠨ ᠣᠷᠣᠨ ᠤ ᠲᠥᠯᠥᠪᠵᠢᠭᠦᠯᠭᠡ᠂ ᠳᠦᠷᠰᠦ ᠪᠠᠶᠢᠳᠠᠯ ᠢ ᠵᠣᠬᠢᠴᠠᠭᠤᠯᠬᠤ ᠣᠷᠣᠨ ᠤ ᠲᠥᠯᠥᠪᠵᠢᠭᠦᠯᠭᠡ ᠵᠡᠷᠭᠡ ᠳᠥᠷᠪᠡᠨ ᠬᠡᠰᠡᠭ ᠠᠭᠤᠯᠭ᠎ᠠ ᠶᠢ ᠪᠠᠭᠲᠠᠭᠠᠵᠤ᠂ ᠲᠣᠰ ᠪᠦᠯᠦᠭ ᠨᠢ ᠡᠯ᠎ᠡ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠭᠰᠠᠨ ᠨᠤᠲᠤᠭ ᠪᠡᠯᠴᠢᠭᠡᠷ ᠬᠢᠭᠡᠳ ᠣᠶᠢᠲᠤ ᠭᠠᠵᠠᠷ ᠢ ᠵᠠᠰᠠᠨ ᠰᠡᠷᠭᠦᠭᠡᠬᠦ᠂ ᠨᠤᠭᠤ ᠭᠠᠵᠠᠷ ᠢ ᠠᠷᠠᠴᠢᠯᠠᠨ ᠬᠠᠮᠠᠭᠠᠯᠠᠬᠤ᠂ ᠡᠷᠭᠢ ᠶᠢᠨ ᠱᠤᠭᠤᠮ ᠤᠨ ᠲᠥᠯᠥᠪᠵᠢᠭᠦᠯᠭᠡ᠂ ᠠᠮᠢᠳᠤᠷᠠᠯ ᠤᠨ ᠣᠷᠴᠢᠨ ᠢ ᠪᠣᠶ ᠪᠣᠯᠭᠠᠬᠤ ᠵᠢᠴᠢ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠲᠣᠭᠤᠷᠢᠭ᠂ ᠨᠤᠲᠤᠭ ᠪᠡᠯᠴᠢᠭᠡᠷ ᠤᠨ ᠰᠣᠶᠣᠯ ᠤᠨ ᠦᠵᠡᠭᠦᠯᠦᠯᠭᠡ ᠶᠢᠨ ᠲᠣᠭᠤᠷᠢᠭ᠂ ᠳᠦᠷᠰᠦ ᠪᠠᠶᠢᠳᠠᠯ ᠢ ᠵᠣᠬᠢᠴᠠᠭᠤᠯᠬᠤ ᠣᠷᠣᠨ ᠢ ᠪᠣᠳᠠᠲᠠᠶ ᠲᠠᠨᠢᠯᠴᠠᠭᠤᠯᠪᠠ᠃    — ᠲᠤᠰᠬᠠᠢ ᠲᠥᠯᠥᠪᠯᠡᠭᠡ᠃ ᠤᠷᠭᠤᠮᠠᠯ ᠤᠨ ᠬᠤᠴᠢᠯᠭ᠎ᠠ ᠶᠢ ᠬᠠᠮᠠᠭᠠᠯᠠᠨ ᠰᠡᠷᠭᠦᠭᠡᠬᠦ ᠲᠥᠯᠥᠪᠵᠢᠭᠦᠯᠭᠡ᠂ ᠬᠠᠮᠠᠭᠠᠯᠠᠯᠲᠠ ᠬᠠᠮᠢᠶᠠᠷᠤᠯᠲᠠ ᠶᠢᠨ ᠲᠥᠯᠥᠪᠵᠢᠭᠦᠯᠭᠡ᠂ ᠰᠠᠭᠤᠷᠢ ᠪᠡᠯᠡᠳᠬᠡᠮᠵᠢ ᠶᠢᠨ ᠲᠥᠯᠥᠪᠵᠢᠭᠦᠯᠭᠡ᠂ ᠤᠬᠠᠭᠤᠯᠭ᠎ᠠ ᠬᠥᠮᠦᠵᠢᠯ ᠤᠨ ᠲᠥᠯᠥᠪᠵᠢᠭᠦᠯᠭᠡ᠂ ᠦᠷᠭᠦᠯᠵᠢᠯᠡᠬᠦ᠋ᠢᠴᠡ ᠬᠥᠭᠵᠢᠯᠲᠡ ᠶᠢᠨ ᠲᠥᠯᠥᠪᠵᠢᠭᠦᠯᠭᠡ ᠵᠡᠷᠭᠡ ᠲᠠᠪᠤᠨ ᠬᠡᠰᠡᠭ ᠠᠭᠤᠯᠭ᠎ᠠ ᠶᠢ ᠪᠠᠭᠲᠠᠭᠠᠵᠤ᠂ ᠡᠯ᠎ᠡ ᠲᠤᠰᠬᠠᠶ ᠵᠦᠢᠯ ᠤᠨ ᠠᠭᠤᠯᠭ᠎ᠠ ᠳᠤ ᠨᠠᠷᠢᠨ ᠲᠥᠯᠥᠪᠵᠢᠭᠦᠯᠭᠡ ᠬᠢᠵᠦ᠂ ᠡᠭᠦᠨ ᠳᠤ ᠤᠷᠭᠤᠮᠠᠯ ᠤᠨ ᠬᠤᠴᠢᠯᠭ᠎ᠠ ᠶᠢ ᠬᠠᠮᠠᠭᠠᠯᠠᠨ ᠰᠡᠷᠭᠦᠭᠡᠬᠦ ᠲᠠᠯ᠎ᠠ ᠪᠠᠷ ᠠᠳᠠᠯᠢ ᠪᠤᠰᠤ ᠣᠷᠣᠨ ᠪᠦᠰᠡ ᠶᠢᠨ ᠠᠮᠢ ᠠᠬᠤᠶ ᠶᠢᠨ ᠣᠨᠴᠠᠯᠢᠭ ᠢ ᠦᠨᠳᠦᠰᠦᠯᠡᠨ᠂ ᠬᠠᠨᠳᠤᠯᠭᠠᠲᠤ ᠴᠢᠨᠠᠷᠲᠠᠶ ᠵᠠᠰᠠᠨ ᠰᠡᠷᠭᠦᠭᠡᠬᠦ ᠠᠷᠭ᠎ᠠ ᠬᠡᠮᠵᠢᠶ᠎ᠡᠠᠪᠴᠤ᠂ ᠲᠠᠴᠢᠷᠳᠠᠭᠰᠠᠨ ᠨᠤᠲᠤᠭ ᠪᠡᠯᠴᠢᠭᠡᠷ ᠤᠨ ᠬᠥᠭᠵᠢᠯᠲᠡ ᠶᠢ ᠬᠢᠵᠠᠭᠠᠷᠯᠠᠨ᠂ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠵᠥᠪ ᠴᠢᠭᠯᠡᠯ ᠢᠶᠠᠷ ᠤᠯᠠᠷᠢᠭᠤᠯᠬᠤ ᠶᠢ ᠠᠬᠢᠭᠤᠯᠵᠤ᠂ ᠦᠵᠡᠮᠵᠢ ᠶᠢᠨ ᠦᠷᠭᠦᠯᠵᠢᠯᠡᠬᠦ᠋ᠢᠴᠡ ᠴᠢᠨᠠᠷ ᠪᠠ ᠠᠮᠢ ᠠᠬᠤᠶ ᠶᠢᠨ ᠦᠵᠡᠮᠵᠢ ᠶᠢᠨ ᠴᠢᠳᠠᠮᠵᠢ ᠶᠢ ᠡᠮᠬᠢᠯᠡᠨ ᠨᠡᠶᠢᠯᠡᠭᠦᠯᠬᠦ ᠶᠢ ᠴᠢᠬᠤᠯᠠᠴᠢᠯᠠᠪᠠ᠃ ᠰᠠᠭᠤᠷᠢ ᠪᠡᠯᠡᠳᠬᠡᠮᠵᠢ ᠶᠢᠨ ᠲᠠᠯ᠎ᠠ ᠪᠠᠷ ᠵᠠᠮ ᠬᠠᠷᠢᠯᠴᠠᠭ᠎ᠠ᠂ ᠤᠰᠤ ᠴᠠᠬᠢᠯᠭᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠵᠤᠭᠠᠴᠠᠭᠰᠠᠳ ᠤᠨ ᠦᠢᠯᠡᠴᠢᠯᠡᠭᠡᠨ ᠤ ᠲᠥᠪ᠂ ᠲᠡᠷᠭᠡᠨ ᠵᠣᠭᠰᠣᠭᠠᠯ᠂ ᠣᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠵᠡᠷᠭᠡ ᠵᠢᠭᠤᠯᠴᠢᠯᠠᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠤᠭᠠᠴᠠᠭᠰᠠᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠤᠬᠠᠭᠤᠯᠭ᠎ᠠ ᠬᠦᠮᠦᠵᠢᠯ ᠤᠨ ᠲᠠᠯ᠎ᠠ ᠪᠠᠷ ᠰᠢᠨᠵᠢᠯᠡᠬᠦ ᠤᠬᠠᠭᠠᠨ ᠢ ᠲᠥᠭᠡᠮᠡᠯᠵᠢᠭᠦᠯᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ᠂ ᠢᠯᠭᠠᠬᠤ ᠲᠡᠮᠳᠡᠭ ᠤᠨ ᠰᠢᠰᠲ᠋ᠧᠮ ᠵᠡᠷᠭᠡ ᠶᠢ ᠪᠠᠶᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠶᠢ ᠦᠷᠨᠢᠭᠦᠯᠵᠦ ᠣᠯᠠᠨ ᠨᠡᠶᠢᠲᠡ ᠶᠢᠨ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠦᠨ᠎ᠡ᠃ ᠲᠣᠰ ᠪᠦᠯᠦᠭ ᠤᠨ ᠠᠭᠤᠯᠭ᠎ᠠ ᠨᠢ ᠡᠯ᠎ᠡ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠪᠠ ᠮᠡᠷᠭᠡᠵᠢᠯ ᠤᠨ ᠠᠷᠭ᠎ᠠ ᠪᠠᠷᠢᠯ ᠢ ᠬᠠᠨᠳᠤᠯᠭᠠᠲᠤ ᠴᠢᠨᠠᠷᠲᠠᠶ ᠪᠠᠷ ᠳᠤᠷᠠᠳᠴᠤ᠂ ᠲᠣᠰ ᠤᠳᠠᠭᠠᠨ ᠤ ᠲᠥᠯᠥᠪᠵᠢᠭᠦᠯᠭᠡ ᠶᠢᠨ ᠭᠤᠤᠯ ᠠᠭᠤᠯᠭ᠎ᠠ ᠮᠥᠨ᠃    — ᠲᠥᠯᠥᠪᠯᠡᠭᠡ ᠶᠢ ᠬᠡᠷᠡᠭᠵᠢᠭᠦᠯᠬᠦ ᠪᠠᠲᠤᠯᠠᠭᠠᠨ ᠤ ᠠᠷᠭ᠎ᠠ ᠬᠡᠮᠵᠢᠶ᠎ᠡ᠃ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ᠂ ᠪᠡᠯᠡ ᠮᠥᠩᠭᠦ ᠶᠢᠨ ᠪᠠᠲᠤᠯᠠᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠲᠤᠯᠠᠭ᠎ᠠ᠂ ᠬᠠᠮᠢᠶᠠᠷᠤᠯᠲᠠ ᠶᠢᠨ ᠪᠠᠲᠤᠯᠠᠭ᠎ᠠ ᠵᠡᠷᠭᠡ ᠲᠠᠪᠤᠨ ᠬᠡᠰᠡᠭ ᠠᠭᠤᠯᠭ᠎ᠠ ᠶᠢ ᠪᠠᠭᠲᠠᠭᠠᠨ᠎ᠠ᠃ ᠲᠥᠯᠥᠪᠵᠢᠭᠦᠯᠭᠡ ᠶᠢᠨ ᠬᠠᠷᠠᠯᠲᠠ ᠶᠢᠨ ᠤᠷᠤᠭᠰᠢᠲᠠᠶ ᠪᠡᠶᠡᠯᠡᠭᠳᠡᠬᠦ ᠶᠢ ᠪᠠᠲᠤᠯᠠᠬᠤ ᠶᠢᠨ ᠲᠥᠯᠥᠭᠡ᠂ ᠲᠥᠷᠥ ᠶᠢᠨ ᠪᠣᠳᠣᠯᠭ᠎ᠠ᠂ ᠵᠣᠬᠢᠶᠠᠨ ᠪᠠᠶᠢᠭᠤᠯᠤᠯᠲᠠ᠂ ᠪᠠᠯᠠ ᠮᠥᠩᠭᠦ᠂ ᠬᠠᠮᠢᠶᠠᠷᠤᠯᠲᠠ ᠵᠡᠷᠭᠡ ᠲᠠᠯ᠎ᠠ ᠪᠠᠷ ᠪᠣᠳᠠᠲᠠᠶ ᠱᠠᠭᠠᠷᠳᠠᠯᠭ᠎ᠠ ᠲᠠᠯᠪᠢᠪᠠ᠃    — ᠳᠠᠭᠠᠯᠳᠤᠭᠤᠯᠤᠯ ᠳᠦᠷᠢᠮ᠃ ᠲᠥᠯᠥᠪᠵᠢᠭᠦᠯᠭᠡ ᠶᠢᠨ ᠪᠢᠴᠢᠭ ᠮᠠᠲ᠋ᠧᠷᠢᠶᠠᠯ ᠪᠣᠯ ᠰᠠᠶᠢᠬᠠᠨᠲᠠᠯ᠎ᠠ ᠬᠤᠲᠠ ᠶᠢᠨ ᠳᠤᠮᠳᠠᠬᠢ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠪᠢᠴᠢᠭ ᠮᠠᠲ᠋ᠧᠷᠢᠶᠠᠯ ᠪᠠ ᠦᠨᠳᠦᠰᠦᠯᠡᠯ ᠪᠠᠶᠢᠵᠤ᠂ ᠲᠥᠯᠥᠪᠵᠢᠭᠦᠯᠭᠡ ᠶᠢᠨ ᠬᠡᠪᠴᠢᠶᠡᠨ ᠳᠣᠲᠣᠷᠠᠬᠢ ᠶᠠᠮᠠᠷᠪᠠ ᠨᠢᠭᠡᠴᠢ ᠪᠠ ᠬᠤᠪᠢ ᠬᠥᠮᠦᠨ ᠤ ᠪᠦᠲᠦᠭᠡᠨ ᠪᠠᠶᠢᠭᠤᠯᠤᠯᠲᠠ ᠶᠢᠨ ᠦᠢᠯᠡ ᠠᠵᠢᠯᠯᠠᠭ᠎ᠠ ᠨᠢ ᠲᠤᠰ ᠲᠥᠯᠥᠪᠵᠢᠭᠦᠯᠭᠡ ᠶᠢ ᠵᠥᠷᠢᠴᠡᠵᠦ ᠪᠣᠯᠬᠤ ᠦᠭᠡᠢ ᠪᠠᠶᠢᠬᠤ ᠶᠢ ᠵᠢᠭᠠᠵᠤ ᠭᠠᠷᠭᠠᠪᠠ᠃ ᠲᠣᠰ ᠤᠳᠠᠭᠠᠨ ᠤ ᠲᠥᠯᠥᠪᠵᠢᠭᠦᠯᠭᠡ ᠶᠢᠨ ᠬᠦᠴᠦᠨ ᠲᠠᠢ ᠪᠣᠯᠬᠤ ᠴᠠᠭ ᠬᠤᠭᠤᠴᠠᠭ᠎ᠠ ᠵᠢᠴᠢ ᠵᠠᠰᠠᠪᠤᠷᠢ ᠣᠷᠣᠭᠤᠯᠵᠤ ᠲᠣᠬᠢᠷᠠᠭᠤᠯᠬᠤ ᠬᠠᠮᠢᠶᠠᠷᠤᠯᠲᠠ ᠶᠢᠨ ᠠᠷᠭ᠎ᠠ ᠶᠢ ᠲᠣᠳᠣᠷᠬᠠᠶ ᠲᠣᠭᠲᠠᠭᠠᠪᠠ᠃    ᠳᠥᠷᠪᠡ᠂ ᠲᠥᠯᠥᠪᠵᠢᠭᠦᠯᠭᠡ ᠶᠢᠨ ᠬᠡᠪᠴᠢᠶ᠎ᠡ ᠬᠢᠭᠡᠳ ᠬᠤᠭᠤᠴᠠᠭ᠎ᠠ    ᠲᠤᠰ ᠤᠳᠠᠭᠠᠨ ᠤ ᠰᠠᠶᠢᠬᠠᠨᠲᠠᠯ᠎ᠠ ᠬᠤᠲᠠ ᠶᠢᠨ ᠳᠤᠮᠳᠠᠬᠢ ᠲᠠᠯ᠎ᠠ ᠨᠤᠲᠤᠭ ᠤᠨ ᠬᠠᠮᠠᠭᠠᠯᠠᠯᠲᠠ ᠶᠢᠨ ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ ᠨᠢ ᠬᠤᠶᠢᠨ᠎ᠠ ᠪᠠᠨ ᠨᠦᠬᠦᠷᠯᠡᠯᠲᠦ ᠶᠡᠭᠡ ᠵᠡᠭᠡᠯᠢ ᠲᠠᠢ ᠨᠠᠭᠠᠯᠳᠤᠵᠤ᠂ ᠡᠮᠦᠨᠡᠰᠢ ᠬᠠᠲᠤᠨ ᠭᠤᠣᠯ ᠤᠨ ᠶᠡᠭᠡ ᠵᠡᠭᠡᠯᠢ ᠬᠦᠷᠴᠦ᠂ ᠵᠡᠭᠦᠨ ᠢᠶᠠᠨ ᠪᠦᠲᠦᠭᠡᠨ ᠪᠠᠶᠢᠭᠤᠯᠤᠯᠲᠠ ᠶᠢᠨ ᠵᠠᠮ ᠪᠠ ᠣᠯᠢᠮᠫᠢᠺ ᠤᠨ ᠶᠡᠭᠡ ᠵᠡᠭᠡᠯᠢ ᠪᠠᠷ ᠵᠠᠭᠠᠭ ᠪᠣᠯᠭᠠᠵᠤ᠂ ᠪᠠᠷᠠᠭᠤᠨᠰᠢ ᠴᠢᠯᠥᠭᠡᠲᠦ ᠵᠠᠮ ᠬᠦᠷᠴᠦ᠂ ᠶᠡᠷᠦᠩᠬᠡᠢ ᠲᠥᠯᠥᠪᠵᠢᠭᠦᠯᠭᠡ ᠶᠢᠨ ᠲᠠᠯᠠᠪᠠᠢ ᠨᠢ ᠪᠠᠷᠤᠭ 712 ᠾᠧᠺᠲ᠋ᠠᠷ ︵10680 ᠮᠦ︶ ᠪᠣᠯᠤᠨ᠎ᠠ᠃ ᠡᠭᠦᠨ ᠳᠤ ᠬᠤᠳᠠ ᠶᠢᠨ ᠳᠤᠮᠳᠠᠬᠢ ᠲᠠᠯ᠎ᠠ ᠨᠤᠳᠤᠭ ᠤᠨ ᠭᠤᠤᠯ ᠬᠠᠮᠠᠭᠠᠯᠠᠯᠳᠠ ᠶᠢᠨ ᠤᠷᠤᠨ ᠤ ᠲᠠᠯᠠᠪᠠᠢ 565.25 ᠾᠧᠺᠲ᠋ᠠᠷ ᠪᠠᠶᠢᠵᠤ᠂ ᠡᠵᠡᠮᠳᠡᠯ ᠤᠨ ᠬᠠᠮᠠᠭᠠᠯᠠᠯᠳᠠ ᠶᠢᠨ ᠤᠷᠤᠨ ᠨᠢ ᠭᠤᠤᠯ ᠬᠠᠮᠠᠭᠠᠯᠠᠯᠳᠠ ᠶᠢᠨ ᠤᠷᠤᠨ ᠤ ᠬᠡᠪᠴᠢᠶᠠᠨ ᠠᠴᠠ ᠭᠠᠳᠠᠨᠠᠬᠢ ᠪᠤᠰᠤᠳ ᠤᠷᠤᠨ ᠪᠤᠯᠤᠨ᠎ᠠ᠃ ᠲᠣᠰ ᠤᠳᠠᠭᠠᠨ ᠤ ᠲᠥᠯᠥᠪᠵᠢᠭᠦᠯᠭᠡ ᠶᠢᠨ ᠬᠤᠭᠤᠴᠠᠭ᠎ᠠ ᠬᠢᠵᠠᠭᠠᠷ ᠨᠢ 2021 — 2035 ᠣᠨ ᠪᠣᠯᠤᠨ᠎ᠠ᠃
ᠢᠷᠡᠯᠲᠡ᠄ ᠪᠤᠭᠤᠲᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ