5 ᠳ᠋ᠤᠭᠠᠷ ᠰᠠᠷ᠎ᠠ ᠶᠢᠨ 13 ᠤ ᠡᠳᠦᠷ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ︽ 2025 ᠣᠨ ᠤ ᠬᠤᠲᠠ ᠲᠣᠭᠤᠷᠢᠭ ᠤᠨ ᠬᠤᠶᠠᠷ ᠱᠠᠲᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯᠲᠠᠨ ᠢ ᠠᠵᠤ ᠠᠬᠤᠶᠢᠯᠠᠯ ᠳᠤ ᠣᠷᠣᠭᠤᠯᠬᠤ ᠠᠵᠢᠯ ᠣᠯᠭᠤᠯᠲᠠ ᠶᠢᠨ ᠰᠢᠭᠤᠳ ᠨᠡᠪᠲᠡᠷᠡᠬᠦ ᠲᠡᠷᠭᠡ ᠶᠢᠨ | ᠲᠤᠰᠬᠠᠶ ᠲᠠᠯᠠᠪᠤᠷ ᠤᠨ ᠠᠵᠢᠯᠲᠠᠨ ᠡᠯᠰᠡᠬᠦ ᠴᠤᠭᠯᠠᠭᠠᠨ︾ ᠢ ᠤᠷᠤᠭᠰᠢᠲᠠᠶ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠳ᠂ ᠴᠡᠷᠢᠭ ᠤᠨ ᠠᠯᠪᠠ ᠠᠴᠠ | ᠬᠠᠯᠠᠭᠳᠠᠭᠰᠠᠳ᠂ ᠠᠵᠢᠯ ᠠᠯᠳᠠᠭᠰᠠᠳ᠂ ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ 25 ᠠᠵᠢᠯ ᠡᠷᠢᠭᠰᠡᠳ ᠰᠦᠢᠳᠭᠡᠯ ᠬᠤᠷᠢᠶᠠᠬᠤ ᠥᠬᠡᠶ ᠲᠣᠭᠤᠷᠢᠭ ᠤᠨ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ︽ᠠᠵᠢᠯᠲᠠᠨ ᠢ ᠠᠵᠤ ᠠᠬᠤᠶᠢᠯᠠᠯ ᠳᠤ ᠣᠷᠣᠭᠤᠯᠬᠤ ᠠᠵᠢᠯ ᠣᠯᠭᠤᠯᠲᠠ ᠶᠢᠨ ᠰᠢᠭᠤᠳ | ᠨᠡᠪᠲᠡᠷᠡᠬᠦ ᠲᠡᠷᠭᠡ︾ ᠳᠤ ᠰᠠᠭᠤᠵᠤ᠂ ᠤᠷᠢᠳ ᠬᠤᠵᠢᠳ ᠥᠪᠥᠷ ᠮᠣᠩᠭᠤᠯ ᠤᠨ ᠴᠧᠩ ᠮᠧᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ | ᠮᠣᠩᠭᠤᠯ ᠤᠨ ᠶᠢᠨ ᠣᠪᠣᠭ᠎ᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠥᠩ ᠬᠤᠤ ᠰᠢᠲᠠᠮᠠᠬᠠᠶ ᠬᠡᠶ ᠶᠢᠨ ᠬᠢᠵᠠᠭᠠᠷᠲᠤ | ᠺᠣᠮᠫᠠᠨᠢ᠂ ᠺᠧ ᠺᠧ ︵ᠪᠤᠭᠤᠲᠤ︶ ᠶᠢᠨ ᠬᠤᠪᠣᠷ ᠰᠢᠷᠣᠶ ᠶᠢᠨ ᠲᠣᠭᠲᠠᠮᠠᠯ ᠰᠣᠷᠢᠨᠵᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ 8 ᠠᠵᠤ | ᠠᠬᠤᠶᠢᠯᠠᠯ ᠳᠤ ᠬᠦᠷᠴᠦ ᠲᠣᠭᠤᠷᠢᠨ ᠦᠵᠡᠪᠡ᠃ | | | | | | ᠠᠵᠢᠯᠯᠠᠭ᠎ᠠ ᠠᠴᠠ ᠡᠮᠦᠨ᠎ᠡ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠠᠷᠢᠨ ᠨᠢᠮᠪᠠᠶ ᠪᠡᠯᠡᠳᠬᠡᠵᠦ᠂ | ᠠᠵᠢᠯᠲᠠᠳ ᠲᠠᠢ ᠤᠲᠠᠰᠤ ᠪᠠᠷ ᠨᠡᠪᠲᠡᠷᠡᠯᠴᠡᠬᠦ᠂ ᠸᠢᠴᠠᠲ ᠢᠶᠠᠷ ᠬᠠᠷᠢᠯᠴᠠᠬᠤ ᠵᠡᠷᠭᠡ ᠣᠯᠠᠨ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ᠂ ᠬᠠᠷᠢᠶᠠᠲᠤ ᠲᠣᠭᠤᠷᠢᠭ ᠤᠨ ᠳᠣᠲᠣᠷᠠᠬᠢ | ᠠᠵᠢᠯ ᠠᠯᠳᠠᠭᠰᠠᠳ ᠤᠨ ᠪᠠᠶᠢᠳᠠᠯ ᠢ ᠥᠷᠭᠡᠨ ᠢᠶᠠᠷ ᠣᠶᠢᠯᠠᠭᠠᠪᠠ᠃ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠠᠵᠤ ᠠᠬᠤᠶᠢᠯᠠᠯ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ | ︽ᠲᠤᠬᠠᠢ ᠶᠢᠨ ᠲᠠᠯᠠᠪᠠᠢ ᠳᠤ ᠲᠠᠶᠢᠯᠪᠤᠷᠢᠯᠠᠬᠤ + ᠬᠤᠷᠰᠢᠯᠴᠠᠨ ᠰᠣᠯᠢᠯᠴᠠᠬᠤ︾ ᠶᠢ ᠤᠶᠠᠯᠳᠤᠭᠤᠯᠬᠤ ᠠᠷᠭ᠎ᠠ ᠬᠡᠯᠪᠡᠷᠢ ᠶᠢ ᠠᠪᠴᠤ᠂ ᠠᠵᠢᠯ ᠡᠷᠢᠭᠰᠡᠳ ᠲᠤ ᠠᠵᠤ | ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠡᠵᠡᠩᠨᠡᠯᠲᠡ ᠶᠢᠨ ᠪᠠᠶᠢᠳᠠᠯ᠂ ᠴᠠᠯᠢᠩ ᠣᠯᠭᠤᠮᠵᠢ ᠠᠰᠠᠷᠠᠮᠵᠢ ᠶᠢᠨ ᠬᠠᠷᠠᠭᠠᠯᠵᠠᠯ ᠪᠠ ᠲᠤᠰᠢᠶᠠᠯ ᠡᠭᠦᠷᠭᠡᠯᠡᠬᠦ ᠨᠥᠬᠦᠴᠡᠯ ᠵᠡᠷᠭᠡ | ᠪᠠᠶᠢᠳᠠᠯ ᠢ ᠨᠠᠷᠢᠨ ᠲᠠᠨᠢᠯᠴᠠᠭᠤᠯᠬᠤ ᠶᠢᠨ ᠬᠠᠮᠲᠤ ᠠᠵᠢᠯ ᠡᠷᠢᠭᠰᠡᠳ ᠢ ᠳᠠᠭᠠᠭᠤᠯᠤᠨ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠠᠵᠢᠯ ᠡᠷᠢᠭᠰᠡᠳ ᠢ | ᠤᠢᠢᠷ᠎ᠠ ᠵᠠᠢ ᠠᠴᠠ ᠪᠣᠳᠠᠲᠠᠢ ᠠᠵᠢᠯ ᠤᠨ ᠪᠠᠶᠢᠳᠠᠯ ᠢ ᠠᠵᠢᠭᠯᠠᠭᠤᠯᠵᠤ᠂ ᠠᠵᠢᠯ ᠤᠨ ᠪᠠᠶᠢᠷᠢ ᠶᠢᠨ ᠠᠵᠢᠯᠯᠠᠭᠠᠨ ᠤ ᠶᠠᠪᠤᠴᠠ᠂ ᠠᠵᠢᠯ ᠤᠨ ᠣᠷᠴᠢᠨ ᠲᠣᠭᠤᠷᠢᠨ ᠵᠢᠴᠢ ᠠᠶᠤᠯ | ᠦᠭᠡᠢ ᠦᠢᠯᠡᠳᠪᠦᠷᠢᠯᠡᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠣᠶᠢᠯᠠᠭᠠᠭᠤᠯᠪᠠ ᠃ ᠡᠭᠦᠨ ᠠᠴᠠ ᠭᠠᠳᠠᠨ᠎ᠠ᠂ ᠠᠵᠢᠯᠯᠠᠭ᠎ᠠ ᠶᠢᠨ ᠶᠠᠰᠤ ᠴᠢᠨᠠᠷ ᠦᠷ᠎ᠡ ᠠᠰᠢᠭ ᠢ | ᠳᠡᠭᠡᠭᠰᠢᠯᠡᠭᠦᠯᠬᠦ ᠶᠢᠨ ᠲᠥᠯᠥᠭᠡ᠂ ᠬᠤᠲᠠ ᠶᠢᠨ ᠰᠢᠨ᠎ᠡ ᠶᠢ ᠡᠭᠦᠳᠬᠦ ᠵᠢᠭᠡᠯᠡᠯᠭᠡ ᠶᠢᠨ ᠲᠥᠪ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠶᠢᠨ ᠠᠵᠢᠯᠲᠠᠳ ᠪᠠᠰᠠ ᠠᠵᠤ ᠠᠬᠤᠶᠢᠯᠠᠯ ᠪᠠ ᠠᠵᠢᠯ ᠡᠷᠢᠭᠰᠡᠳ ᠲᠤ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ᠂ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠪᠣᠯᠪᠠᠰᠤᠷᠠᠯ ᠂ ᠴᠢᠳᠠᠪᠤᠷᠢᠲᠠᠨ ᠨᠥᠭᠡᠴᠡᠯᠡᠬᠦ ᠵᠡᠷᠭᠡ ᠠᠵᠢᠯ ᠣᠯᠵᠤ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠪᠠ᠃ ᠪᠦᠷᠢᠳᠬᠡᠯ ᠢ | ᠦᠨᠳᠦᠰᠦᠯᠡᠪᠡᠯ᠂ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 25 ᠬᠥᠮᠦᠨ ᠠᠵᠢᠯ ᠤᠯᠬᠤ ᠰᠠᠨᠠᠮᠵᠢ ᠲᠣᠭᠲᠠᠵᠤ᠂ 3 ᠠᠵᠤ ᠠᠬᠤᠶᠢᠯᠠᠯ ᠨᠢ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠰᠠᠨᠠᠮᠵᠢ ᠲᠠᠢ ᠪᠣᠯᠵᠣ᠂ ᠠᠵᠢᠯ ᠤᠯᠬᠤ ᠪᠠ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠭᠠᠷ ᠳᠡᠪᠲᠡᠷ ᠢ | ᠨᠡᠶᠢᠲᠡ 50 ᠭᠠᠷᠤᠶ ᠬᠤᠪᠢ ᠲᠠᠷᠬᠠᠭᠠᠪᠠ᠃ | | | | | | ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠦᠢᠯᠡᠴᠢᠯᠡᠭᠡᠨ ᠤ ᠬᠦᠷᠢᠶ᠎ᠡ ᠳᠤ ᠦᠷᠭᠦᠯᠵᠢᠯᠡᠨ ᠭᠦᠨᠵᠡᠭᠡᠶᠢᠷᠡᠵᠦ ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠭᠤᠣᠯ ᠠᠷᠭ᠎ᠠ ᠵᠠᠮ ᠤᠨ ᠵᠠᠩᠭᠢᠯᠠᠭ᠎ᠠ ᠶᠢᠨ ᠦᠢᠯᠡᠳᠦᠯ ᠢ | ᠭᠦᠢᠴᠡᠳ ᠪᠠᠳᠠᠷᠠᠭᠤᠯᠵᠤ᠂ ︽ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠠᠵᠢᠯᠲᠠᠨ ᠢ ᠠᠵᠤ ᠠᠬᠤᠶᠢᠯᠠᠯ ᠳᠤ ᠣᠷᠣᠭᠤᠯᠬᠤ ︾ ᠣᠶᠢᠯᠠᠭᠠᠭᠳᠠᠬᠤᠨ ᠢ ᠢᠳᠡᠪᠬᠢᠲᠡᠢ | ᠦᠢᠯᠡᠳᠦᠯᠭᠡᠵᠢᠭᠦᠯᠵᠦ᠂ ᠪᠠᠶᠢᠩᠭᠤᠵᠢᠭᠰᠠᠨ ᠣᠷᠣᠨ ᠪᠦᠰᠡ ᠠᠯᠤᠰᠯᠠᠭᠰᠠᠨ ᠬᠥᠳᠡᠯᠮᠦᠷᠢ ᠦᠢᠯᠡᠴᠢᠯᠡᠭᠡᠨ ᠤ ᠬᠠᠮᠵᠢᠯᠴᠠᠭᠠᠨ ᠤ ᠲᠣᠭᠲᠠᠴᠠ ᠶᠢ ᠪᠠᠶᠢᠭᠤᠯᠬᠤ ᠪᠠᠷ ᠳᠠᠮᠵᠢᠭᠤᠯᠵᠤ᠂ | ᠣᠨᠤᠪᠴᠢᠲᠠᠢ ᠵᠣᠯᠭᠠᠭᠤᠯᠬᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠬᠥᠮᠦᠨ ᠠᠵᠢᠯ ᠤᠨ ᠪᠠᠶᠢᠷᠢ ᠶᠢ ᠵᠣᠬᠢᠴᠠᠭᠤᠯᠬᠤ ᠦᠷ᠎ᠡ ᠪᠦᠲᠦᠮᠵᠢ ᠶᠢ | ᠦᠨᠡᠨᠬᠦ ᠳᠡᠭᠡᠭᠰᠢᠯᠡᠭᠦᠯᠵᠦ᠂ ᠠᠵᠤ ᠠᠬᠤᠶᠢᠯᠠᠯ ᠪᠣᠯᠤᠨ ᠠᠵᠢᠯ ᠡᠷᠢᠭᠰᠡᠳ ᠲᠤ ᠨᠡᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠵᠤ᠂ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠎ᠠ᠃ | |