5 ᠳ᠋ᠤᠭᠠᠷ ᠰᠠᠷ᠎ᠠ ᠶᠢᠨ 13 ᠤ ᠡᠳᠦᠷ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ 2025 ᠣᠨ ᠤ ︽ ᠰᠢᠨ᠎ᠡ ᠠᠶᠠᠨ ᠵᠠᠮ ᠢ ᠴᠤᠤᠷᠢᠶᠠᠳᠤᠭᠤᠤᠯᠬᠤ · ᠤᠯᠠᠭᠠᠨ ᠠᠨᠠᠷ ︾ | ᠤᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠵᠢᠴᠢ ᠵᠠᠯᠠᠭᠤᠴᠤᠳ ᠤᠨ ᠤᠨᠤᠯ ᠤᠨ ᠤᠬᠠᠭᠤᠯᠤᠨ ᠲᠠᠶᠢᠯᠪᠤᠷᠢᠯᠠᠬᠤ ᠤᠷᠤᠯᠳᠤᠭᠠᠨ ᠲᠠᠯ᠎ᠠ ᠨᠤᠲᠤᠭ ᠤᠨ ᠪᠢᠴᠢᠬᠠᠨ ᠪᠠᠭᠠᠲᠤᠷ | ᠡᠭᠡᠴᠢ ᠥᠬᠢᠨ ᠳᠡᠭᠦᠤ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠳᠤ ᠠᠮᠵᠢᠯᠲᠠ ᠲᠠᠢ ᠶᠠᠪᠤᠭᠳᠠᠪᠠ᠃ ᠲᠤᠰ ᠤᠳᠠᠭᠠᠨ ᠤ ᠤᠷᠤᠯᠳᠤᠭᠠᠨ ᠢ ᠲᠣᠭᠤᠷᠢᠭ ᠤᠨ | ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠡᠪᠯᠡᠯ ᠤᠨ ᠲᠣᠭᠤᠷᠢᠭ ᠤᠨ ᠬᠤᠷᠢᠶ᠎ᠠ᠂ | ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠪᠡ᠃ | | | | | | ᠲᠤᠰ ᠤᠳᠠᠭᠠᠨ ᠤ ᠤᠷᠤᠯᠳᠤᠭᠠᠨ ᠨᠢ ᠪᠦᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠨᠠᠷᠢᠨ ᠨᠢᠮᠪᠠᠢ ᠰᠣᠩᠭᠤᠨ ᠲᠣᠮᠢᠯᠠᠭᠰᠠᠨ 13 ᠳᠤᠭᠤᠶᠢᠯᠠᠩ ᠰᠢᠯᠢᠳᠡᠭ | ᠬᠥᠮᠦᠰ ᠢ ᠢᠳᠡᠪᠬᠢᠲᠡᠢ ᠲᠠᠲᠠᠨ ᠣᠷᠣᠯᠴᠠᠭᠤᠯᠪᠠ᠃ ᠤᠷᠤᠯᠳᠤᠭᠠᠨ ᠤ ᠲᠤᠬᠠᠶ ᠶᠢᠨ ᠲᠠᠯᠠᠪᠠᠢ ᠬᠥᠷ ᠬᠥᠭᠵᠢᠶᠡᠨ ᠢᠶᠠᠷ ᠪᠢᠯᠬᠠᠵᠤ᠂ ᠤᠷᠤᠯᠳᠤᠭᠠᠨ ᠳᠤ ᠣᠷᠣᠯᠴᠠᠭᠴᠢᠳ ᠭᠤᠤᠯ | ᠰᠡᠳᠦᠪ ᠲᠠᠢ ᠨᠢᠭᠲᠠ ᠤᠶᠠᠯᠳᠤᠭᠤᠯᠤᠨ᠂ ᠲᠣᠰ ᠲᠣᠰ ᠤᠨ ᠥᠪᠡᠷᠮᠢᠴᠡ ᠬᠠᠷᠠᠭᠠᠰᠤ ᠠᠴᠠ ᠪᠠᠨ ᠡᠭᠦᠰᠴᠦ᠂ ᠠᠮᠢᠳᠤᠯᠢᠭ ᠴᠣᠪᠣᠭᠤᠯᠢᠭ ᠦᠭᠡ ᠬᠡᠯᠡ ᠪᠠ ᠦᠨᠡᠨ ᠪᠣᠳᠠᠲᠠᠶ | ᠨᠡᠶᠢᠲᠡᠯᠢᠭ ᠬᠡᠷᠡᠭ ᠤᠨ ᠵᠢᠱᠢᠶ᠎ᠡ ᠪᠠᠷ ᠨᠠᠮ ᠤᠨ ᠰᠢᠨ᠎ᠡ ᠶᠢ ᠡᠭᠦᠳᠬᠦ ᠣᠨᠣᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠵᠤ᠂ ᠠᠭᠤᠷᠬᠠᠶ ᠶᠢᠨ ᠲᠣᠭᠤᠷᠢᠭ ᠤᠨ ᠠᠷᠠᠳ | ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠳᠤ ᠲᠠᠯᠠᠷᠬᠠᠨ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠪᠥᠬᠦ ᠲᠠᠯ᠎ᠠ ᠪᠠᠷ | ᠢᠯᠡᠷᠡᠭᠦᠯᠦᠭᠰᠡᠨ ᠪᠠᠶᠢᠨ᠎ᠠ᠃ ᠲᠤᠬᠠᠢ ᠶᠢᠨ ᠲᠠᠯᠠᠪᠠᠢ ᠳᠤ ᠠᠯᠠᠭ᠎ᠠ ᠲᠠᠰᠢᠯᠲᠠ ᠶᠢᠨ ᠳᠠᠭᠤᠨ ᠨᠢᠵᠢᠭᠢᠨᠡᠵᠦ᠂ ᠠᠭᠤᠷ ᠠᠮᠢᠰᠬᠤᠯ ᠮᠠᠰᠢ ᠬᠥᠭᠵᠢᠶᠡᠨᠲᠡᠢ ᠪᠠᠶᠢᠯ᠎ᠠ᠃ ᠬᠠᠮᠤᠭ | ᠡᠴᠤᠰ ᠲᠤ ᠪᠣᠣ ᠱᠠᠨ ᠠᠭᠤᠷᠬᠠᠢ ᠶᠢᠨ ᠦᠢᠯᠡᠰ᠂ ᠰᠢᠩ ᠭᠤᠸᠠᠩ ᠨᠡᠶᠢᠭᠡᠮ ᠲᠣᠭᠤᠷᠢᠭ ᠠᠴᠠ ᠢᠷᠡᠭᠰᠡᠨ ᠬᠤᠶᠠᠷ ᠪᠦᠲᠦᠭᠡᠯ ᠨᠢ ᠨᠢᠭᠡᠳᠦᠭᠡᠷ ᠳᠡᠰ ᠤᠨ ᠱᠠᠩᠨᠠᠯ ᠬᠦᠷᠲᠡᠪᠡ᠃ | ᠪᠣᠣ ᠱᠠᠨ ᠠᠭᠤᠷᠬᠠᠢ ᠶᠢᠨ ᠦᠢᠯᠡᠰ ᠤᠨ 3 ᠣᠷᠤᠯᠴᠠᠭᠴᠢᠳ ︽ᠪᠤᠯᠤᠳ ᠲᠡᠮᠦᠷ ᠤᠨ ᠬᠤᠳᠠ ᠶᠢᠨ ᠦᠯᠢᠭᠡᠷ᠄ ᠡᠪᠦᠭᠡ ᠶᠢᠨ ᠨᠠᠮ ᠤᠨ ᠬᠢᠴᠢᠶᠡᠯ︾ ᠢᠶᠠᠷ ᠭᠤᠣᠯ ᠰᠡᠳᠦᠪ | ᠪᠣᠯᠭᠠᠵᠤ᠂ ᠠᠬᠠᠮᠠᠳ ᠨᠢᠭᠡ ᠦᠶ᠎ᠡ ᠶᠢᠨ ᠪᠦᠳᠦᠭᠡᠨ ᠪᠠᠶᠢᠭᠤᠯᠤᠭᠴᠢᠳ ᠤᠨ ᠪᠤᠤᠬᠢᠶ᠎ᠠ ᠶᠢ ᠲᠤᠰᠴᠤ᠂ ᠡᠨᠡ ᠬᠦ ᠬᠠᠯᠠᠭᠤᠨ ᠬᠥᠷᠥᠰᠥᠨ ᠳᠤ ᠦᠨᠳᠦᠰᠦᠯᠡᠵᠦ᠂ ︽ᠰᠡᠳᠬᠢᠯ | ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠠᠶᠢᠭᠤᠯᠬᠤ︾ ᠲᠡᠦᠬᠡ ᠶᠢᠨ ᠰᠠᠶᠢᠬᠠᠨ ᠦᠯᠢᠭᠡᠷ ᠢ ᠦᠷᠭᠦᠯᠵᠢᠯᠡᠨ ᠪᠢᠴᠢᠭᠯᠡᠬᠦ ᠡᠷᠡᠰ | ᠪᠠᠲᠤ ᠵᠣᠷᠢᠭ ᠢᠶᠠᠨ ᠢᠯᠡᠳᠬᠡᠪᠡ᠃ ᠲᠡᠳᠡᠨ ᠤ ᠤᠬᠠᠭᠤᠯᠤᠨ ᠲᠠᠶᠢᠯᠪᠤᠷᠢᠯᠠᠯᠲᠠ ᠨᠢ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠬᠦ᠂ | ᠵᠣᠷᠢᠭᠲᠠᠶ ᠪᠠᠷ ᠰᠢᠨ᠎ᠡ ᠶᠢ ᠡᠭᠦᠳᠬᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ︾ ᠣᠶᠤᠨ ᠰᠠᠨᠠᠭᠠᠨ ᠤ ᠳᠣᠲᠣᠭᠠᠳᠤ ᠴᠥᠮ᠎ᠠ ᠶᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ | ᠵᠠᠯᠠᠭᠤ ᠠᠵᠢᠯᠴᠢᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠰᠡᠳᠬᠢᠯ ᠢ ᠶᠡᠬᠡᠳᠡ ᠲᠠᠲᠠᠵᠠᠢ᠃ | ᠣᠷᠤᠯᠴᠠᠭᠴᠢ ᠵᠠᠩ ᠬᠤᠸᠠᠢ ᠯᠢᠶᠠᠩ ᠤᠷᠤᠯᠳᠤᠭᠠᠨ ᠤ ᠳᠠᠷᠠᠭ᠎ᠠ ᠳᠤ ᠪᠠᠨ᠄ ︽ᠡᠨᠡ ᠤᠳᠠᠭᠠᠨ ᠤ ᠤᠷᠤᠯᠳᠤᠭᠠᠨ ᠨᠢ ᠵᠠᠯᠠᠭᠤᠴᠤᠳ ᠲᠤ ᠠᠪᠴᠤ ᠬᠡᠯᠡᠪᠡᠯ ᠶᠡᠷᠦ ᠪᠤᠰᠤ ᠶᠢᠨ | ᠠᠴᠢ ᠬᠤᠯᠪᠣᠭᠳᠠᠯ ᠲᠠᠢ᠂ ᠪᠢᠳᠡᠨ ᠳᠤ ᠮᠠᠰᠢ ᠰᠠᠶᠢᠨ ᠰᠣᠯᠢᠯᠴᠠᠭ᠎ᠠ ᠪᠠ ᠦᠵᠡᠭᠦᠯᠭᠡ ᠶᠢᠨ ᠲᠠᠪᠴᠠᠩ ᠬᠠᠩᠭᠠᠪᠠ︾ ᠭᠡᠪᠡ᠃ ᠲᠡᠷᠡ ᠪᠠᠰᠠ᠂ ᠢᠷᠡᠭᠡᠳᠦᠢ ᠳᠤ ᠭᠠᠵᠠᠷ ᠣᠷᠣᠨ ᠤ | ᠬᠥᠭᠵᠢᠭᠦᠯᠦᠯᠲᠡ ᠥᠭᠡᠷᠡᠴᠢᠯᠡᠯᠲᠡ ᠶᠢᠨ ᠦᠢᠯᠡᠰ ᠲᠤ ᠢᠳᠡᠪᠬᠢᠲᠡᠢ ᠣᠷᠣᠯᠴᠠᠵᠤ᠂ ᠦᠨᠡᠨ ᠪᠣᠳᠠᠲᠠᠢ ᠠᠵᠢᠯᠯᠠᠭ᠎ᠠ ᠪᠠᠷ ᠢᠶᠠᠨ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠭᠰᠠᠨ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠬᠦ ᠳᠤ ᠬᠦᠴᠦᠨ ᠴᠢᠳᠠᠯ ᠢᠶᠠᠨ ᠡᠷᠭᠦᠨ᠎ᠡ ᠭᠡᠵᠦ ᠳᠤᠷᠠᠳᠪᠠ᠃ | ᠤᠷᠤᠯᠳᠤᠭᠠᠨ ᠤ ᠰᠢᠯᠭᠠᠷᠠᠭᠤᠯᠤᠯᠲᠠ ᠶᠢᠨ ᠵᠥᠪᠯᠡᠯ᠂ ᠡᠪᠯᠡᠯ ᠤᠨ ᠬᠤᠷᠢᠶᠠᠨ ᠤ ᠱᠦᠵᠢ ᠲᠢᠶᠠᠨ ᠰᠢᠨ ᠢᠦᠶ᠄ ︽ᠲᠣᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ | ᠤᠷᠤᠯᠳᠤᠭᠠᠨ ᠳᠤ ᠣᠷᠣᠯᠴᠠᠭᠴᠢᠳ ᠪᠠᠶᠢᠭᠤᠯᠭ᠎ᠠ᠂ ᠰᠢᠶᠠᠩ ᠪᠠᠯᠭᠠᠰᠤ᠂ ᠵᠡᠭᠡᠯᠢ ᠭᠤᠳᠤᠮᠵᠢ᠂ ᠰᠤᠷᠭᠠᠭᠤᠯᠢ᠂ ᠠᠵᠤ ᠠᠬᠤᠶᠢᠯᠠᠯ ᠵᠡᠷᠭᠡ ᠠᠳᠠᠯᠢ ᠪᠤᠰᠤ ᠭᠠᠵᠠᠷ ᠠᠴᠠ ᠢᠷᠡᠵᠦ᠂ | ᠪᠡᠯᠡᠳᠬᠡᠯ ᠭᠦᠢᠴᠡᠳ᠂ ᠪᠠᠶᠢᠳᠠᠯ ᠢᠳᠡᠪᠬᠢᠲᠡᠶ ᠪᠠᠶᠢᠨ᠎ᠠ︔ ᠤᠬᠠᠭᠤᠯᠤᠨ ᠲᠠᠶᠢᠯᠪᠤᠷᠢᠯᠠᠬᠤ ᠠᠭᠤᠯᠭ᠎ᠠ ᠨᠢ ᠪᠥᠬᠦ ᠲᠠᠯ᠎ᠠ ᠶᠢᠨ᠂ ᠭᠤᠤᠯ ᠰᠡᠳᠦᠪ ᠨᠢ ᠣᠯᠠᠨ ᠡᠰᠢᠵᠢᠵᠦ᠂ | ᠬᠡᠯᠪᠡᠷᠢ ᠨᠢ ᠣᠯᠠᠨ ᠶᠠᠩᠵᠤ ᠶᠢᠨ ᠪᠠᠶᠢᠵᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ᠂ ᠰᠤᠷᠤᠯᠴᠠᠯᠭ᠎ᠠ ᠪᠠᠷ ᠠᠵᠢᠯᠯᠠᠭ᠎ᠠ ᠶᠢ ᠠᠬᠢᠭᠤᠯᠬᠤ ᠵᠣᠷᠢᠯᠭ᠎ᠠ ᠳᠠᠭᠠᠨ ᠬᠦᠷᠴᠡᠶ ︾ | ᠭᠡᠪᠡ᠃ ᠲᠡᠭᠦᠨ ᠤ ᠦᠵᠡᠬᠦ ᠪᠠᠷ᠂ ᠡᠶᠢᠮᠦᠷᠬᠦᠦ ᠤᠯᠠᠨ ᠡᠰᠢᠲᠦ ᠤᠬᠠᠭᠤᠯᠤᠨ ᠲᠠᠶᠢᠯᠪᠤᠷᠢᠯᠠᠬᠤ ᠬᠡᠯᠪᠡᠷᠢ ᠨᠢ ᠨᠠᠮ ᠤᠨ ᠰᠢᠨ᠎ᠡ ᠶᠢ ᠡᠭᠦᠳᠬᠦ ᠤᠨᠤᠯ ᠢ ᠤᠯᠠᠨ ᠲᠦᠮᠡᠨ ᠲᠠᠢ ᠨᠡᠩ | ᠣᠶᠢᠷᠠᠲᠤᠭᠤᠯᠵᠤ᠂ ᠬᠥᠮᠦᠰ ᠤᠨ ᠰᠡᠳᠬᠢᠯ ᠳᠤ ᠨᠡᠩ ᠬᠠᠳᠠᠩᠰᠢᠵᠤ᠂ ᠨᠡᠩ ᠤᠯᠠᠨ ᠤᠯᠠᠨ ᠲᠦᠮᠡᠨ ᠢ ᠠᠮᠠᠷᠬᠠᠨ ᠬᠦᠯᠢᠶᠡᠨ ᠠᠪᠴᠤ ᠣᠶᠢᠯᠠᠭᠠᠭᠤᠯᠵᠤ ᠴᠢᠳᠠᠨ᠎ᠠ᠃ | ᠲᠣᠰ ᠤᠳᠠᠭᠠᠨ ᠤ ᠤᠷᠤᠯᠳᠤᠭᠠᠨ ᠳᠤ ᠨᠢᠭᠡ ᠪᠦᠯᠦᠭ ᠰᠢᠯᠢᠳᠡᠭ ᠤᠬᠠᠭᠤᠯᠤᠨ ᠲᠠᠶᠢᠯᠪᠤᠷᠢᠯᠠᠬᠤ ᠴᠢᠳᠠᠪᠤᠷᠢᠲᠠᠨ ᠢ ᠠᠮᠵᠢᠯᠲᠠ ᠲᠠᠢ ᠪᠠᠷ ᠰᠣᠩᠭᠤᠨ ᠭᠠᠷᠭᠠᠵᠤ᠂ ᠨᠠᠮ ᠤᠨ | ᠰᠢᠨ᠎ᠡ ᠶᠢ ᠡᠭᠦᠳᠬᠦ ᠣᠨᠣᠯ ᠢ ᠦᠨᠳᠦᠰᠦᠨ ᠱᠠᠲᠤᠨ ᠳᠤ ᠤᠯᠠᠮᠵᠢᠯᠠᠨ ᠲᠠᠷᠬᠠᠭᠠᠬᠤ ᠰᠢᠯᠢᠳᠡᠭ ᠲᠠᠪᠴᠠᠩ ᠢ ᠪᠠᠶᠢᠭᠤᠯᠪᠠ᠃ ᠢᠷᠡᠭᠡᠳᠦᠶ ᠪᠠᠨ ᠪᠠᠷᠠᠯᠠᠬᠤᠶ᠎ᠠ᠂ ᠪᠠᠶ᠋ᠬᠠᠤᠪᠤᠭ᠎ᠠ | ᠠᠭᠤᠷᠬᠠᠶ ᠶᠢᠨ ᠲᠣᠭᠤᠷᠢᠭ ᠤᠨ ᠬᠢᠨ ᠲᠣᠰ ᠤᠳᠠᠭᠠᠨ ᠤ ᠤᠷᠤᠯᠳᠤᠭᠠᠨ ᠢᠶᠠᠷ ᠠᠵᠠ ᠲᠣᠬᠢᠶᠠᠯ ᠪᠣᠯᠭᠠᠵᠤ᠂ ᠤᠬᠠᠭᠤᠯᠤᠨ ᠲᠠᠶᠢᠯᠪᠤᠷᠢᠯᠠᠬᠤ ᠬᠡᠯᠪᠡᠷᠢ ᠶᠢᠨ ᠲᠠᠯ᠎ᠠ ᠪᠠᠷ | ᠦᠷᠭᠦᠯᠵᠢᠯᠡᠨ ᠰᠢᠨ᠎ᠡ ᠶᠢ ᠡᠭᠦᠳᠴᠦ᠂ ᠣᠨᠣᠯ ᠢᠶᠠᠨ ᠬᠤᠪᠢᠷᠠᠭᠤᠯᠬᠤ ᠠᠵᠢᠯ ᠢ ᠭᠦᠨᠵᠡᠭᠡᠶᠢᠷᠡᠭᠦᠯᠦᠨ᠂ ᠣᠯᠠᠨ ᠶᠠᠩᠵᠤ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠥᠷᠭᠡᠨ ᠣᠯᠠᠨ | ᠨᠠᠮ ᠤᠨ ᠭᠡᠰᠢᠭᠦᠨ ᠺᠠᠳ᠋ᠷ ᠣᠯᠠᠨ ᠲᠦᠮᠡᠨ ᠤ ᠭᠠᠵᠠᠷ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠳᠤ ᠨᠠᠩ ᠣᠯᠠᠨ ᠣᠶᠤᠨ ᠤᠬᠠᠭᠠᠨ ᠪᠠ ᠬᠦᠴᠦᠨ ᠴᠢᠳᠠᠯ ᠢ | ᠨᠢᠭᠲᠠᠷᠠᠭᠤᠯᠵᠤ᠂ ᠪᠠᠶ᠋ᠬᠠᠤᠪᠤᠭ᠎ᠠ ᠠᠭᠤᠷᠬᠠᠶ ᠶᠢᠨ ᠲᠣᠭᠤᠷᠢᠭ ᠤᠨ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠳᠠᠪᠠᠯᠭᠠᠨ ᠳᠤᠮᠳᠠ ᠲᠠᠰᠤᠷᠠᠯᠲᠠ ᠥᠬᠡᠶ ᠰᠢᠨ᠎ᠡ ᠥᠨᠳᠥᠷᠴᠡ ᠳᠤ | ᠬᠦᠴᠦᠨ ᠨᠡᠮᠡᠷᠢᠯᠡᠬᠦ ᠶᠢ ᠵᠣᠷᠢᠭᠵᠢᠭᠤᠯᠤᠨ᠎ᠠ᠃ | |