ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠠᠶᠢᠷᠢᠯᠠᠭᠤᠯᠤᠯᠲᠠ | ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ 5 ᠳ᠋ᠤᠭᠠᠷ ᠰᠠᠷ᠎ᠠ ᠶᠢᠨ 15 ᠤ | ᠡᠳᠦᠷ ᠤᠨ ᠦᠳᠡ ᠶᠢᠨ ᠡᠮᠦᠨ᠎ᠡ᠂ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠤᠨ ᠬᠢᠨ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶ ᠶᠢᠨ | ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ | | | | | | | | | ᠲᠣᠰ ᠤᠳᠠᠭᠠᠨ ᠤ ᠪᠣᠯᠪᠠᠰᠤᠷᠠᠯ ᠤᠨ ᠭᠤᠤᠯᠳᠠᠯᠭ᠎ᠠ ᠨᠢ ᠦᠵᠡᠯ ᠤᠬᠠᠮᠰᠠᠷ ᠤᠨ ᠬᠡᠯᠪᠡᠷᠢ ︵ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ︶ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠪᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ | ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ ᠰᠤᠷᠤᠯᠴᠠᠬᠤ ᠲᠦᠷᠢᠮ︾ ᠵᠡᠷᠭᠡ ᠶᠢᠨ ᠲᠣᠭᠤᠷᠢᠨ ᠳᠤ ᠲᠤᠰᠬᠠᠶ ᠰᠡᠳᠦᠪᠲᠦ ᠲᠠᠶᠢᠯᠤᠮᠵᠢ ᠬᠢᠵᠦ᠂ ᠣᠨᠣᠯ ᠤᠨ ᠲᠠᠯ᠎ᠠ ᠠᠴᠠ | ᠣᠳᠣᠬᠠᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠤ ᠲᠤᠯᠭᠠᠷᠠᠵᠤ ᠪᠠᠶᠢᠭ᠎ᠠ ᠤᠯᠤᠰ ᠤᠨ ᠳᠣᠲᠣᠭᠠᠳᠤ ᠪᠠ ᠣᠷᠣᠨ ᠤ ᠳᠣᠲᠣᠷᠠᠬᠢ ᠪᠠᠶᠢᠳᠠᠯ ᠵᠢᠴᠢ ᠣᠳᠣᠬᠠᠨ ᠤ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠢ ᠭᠦᠨᠵᠡᠭᠡᠶ ᠵᠠᠳᠠᠯᠤᠨ ᠰᠢᠨᠵᠢᠯᠡᠭᠰᠡᠨ ᠢᠶᠠᠷ ᠪᠠᠷᠠᠬᠤ ᠦᠭᠡᠢ᠂ ᠪᠠᠰᠠ ᠠᠯᠢ ᠣᠯᠠᠨ | ᠠᠮᠢᠳᠤᠯᠢᠭ ᠪᠣᠳᠠᠲᠠᠶ ᠬᠡᠷᠡᠭ ᠤᠨ ᠵᠢᠱᠢᠶ᠎ᠡ ᠪᠠᠷ ᠳᠠᠮᠵᠢᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠪᠤᠳᠤᠯᠢᠶᠠᠨᠲᠤ ᠴᠢᠨᠠᠷ ᠪᠠ ᠴᠢᠬᠤᠯᠠ ᠴᠢᠨᠠᠷ ᠢ ᠭᠦᠨᠵᠡᠭᠡᠶ | ᠲᠣᠳᠣᠷᠬᠠᠶᠢᠯᠠᠨ ᠥᠭᠦᠯᠡᠵᠦ᠂ ᠥᠷᠭᠡᠨ ᠣᠯᠠᠨ ᠺᠠᠳ᠋ᠷᠴᠤᠳ ᠢ ᠬᠠᠪᠰᠤᠷᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ︽ᠶᠠᠭᠤ ᠶᠢ ᠠᠳᠬᠤᠬᠤ︾ ︽ᠶᠠᠭᠠᠬᠢᠵᠤ | ᠠᠳᠬᠤᠬᠤ︾ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠤᠷᠠᠯ ᠳᠤ ᠣᠷᠣᠯᠴᠠᠭᠰᠠᠳ ᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠨᠠᠩ ᠰᠢᠭᠤᠳ | ᠭᠦᠨᠵᠡᠭᠡᠶ ᠲᠠᠨᠢᠯᠲᠠ ᠲᠠᠢ ᠪᠣᠯᠭᠠᠵᠤ᠂ ᠺᠠᠳ᠋ᠷ ᠤᠨ ᠦᠵᠡᠯ ᠤᠬᠠᠮᠰᠠᠷ ᠤᠨ ᠬᠡᠯᠪᠡᠷᠢ ᠶᠢᠨ ᠠᠶᠤᠯ ᠲᠦᠭᠰᠢᠭᠦᠷᠢ ᠶᠢ ᠢᠯᠭᠠᠨ ᠲᠠᠨᠢᠬᠤ ᠪᠠ ᠡᠰᠡᠷᠭᠦᠴᠡᠬᠦ ᠴᠢᠳᠠᠪᠤᠷᠢ ᠶᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ | | | | | | ᠬᠤᠷᠠᠯ ᠳᠤ ᠣᠷᠣᠯᠴᠠᠭᠰᠠᠳ᠂ ᠲᠣᠰ ᠤᠳᠠᠭᠠᠨ ᠤ ᠪᠣᠯᠪᠠᠰᠤᠷᠠᠯ ᠳᠤ ᠮᠠᠰᠢ ᠶᠡᠭᠡ ᠠᠰᠢᠭ ᠬᠦᠷᠲᠡᠵᠦ᠂ ᠮᠠᠰᠢ ᠴᠢᠩᠭ᠎ᠠ ᠬᠠᠨᠳᠤᠯᠭᠠᠲᠤ ᠴᠢᠨᠠᠷ᠂ ᠵᠢᠯᠣᠭᠤᠳᠬᠤ ᠴᠢᠨᠠᠷ ᠪᠠ | ᠦᠢᠯᠡᠳᠦᠯᠭᠡᠲᠦ ᠴᠢᠨᠠᠷ ᠲᠠᠢ ᠪᠠᠶᠢᠵᠤ᠂ ᠰᠢᠨ᠎ᠡ ᠪᠠᠶᠢᠳᠠᠯ ᠳᠣᠤᠷᠠᠬᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠦᠢᠯ ᠤᠨ ᠴᠢᠬᠤᠯᠠ ᠴᠢᠨᠠᠷ ᠵᠢᠴᠢ ᠦᠵᠡᠯ ᠤᠬᠠᠮᠰᠠᠷ ᠤᠨ | ᠬᠡᠯᠪᠡᠷᠢ ᠶᠢᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠨᠠᠩ ᠰᠢᠭᠤᠳ ᠲᠠᠨᠢᠯᠲᠠ ᠲᠠᠢ ᠪᠣᠯᠵᠣ᠂ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶᠠᠷᠤᠯᠲᠠ ᠶᠢᠨ ᠠᠵᠢᠯ ᠤᠨ | ᠰᠢᠨᠵᠢᠯᠡᠬᠦ ᠤᠬᠠᠭᠠᠨᠴᠢᠯᠠᠯᠲᠠ᠂ ᠵᠢᠷᠤᠮᠵᠢᠭᠤᠯᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠶᠢᠰᠢᠳᠠ᠂ ᠲᠣᠰ ᠪᠡᠶ᠎ᠡ ᠶᠢᠨ ᠠᠵᠢᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠲᠤᠯᠭᠠᠮ᠎ᠠ | ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ︽ᠭᠤᠤᠯ ᠵᠢᠭᠰᠠᠭᠠᠯ ᠤᠨ ᠭᠠᠵᠠᠷ︾᠂ ︽ᠭᠤᠤᠯ ᠲᠡᠶᠢᠨ ᠤ ᠲᠠᠯᠠᠪᠤᠷ︾ ᠢ ᠡᠷᠡᠰ ᠪᠠᠲᠤ ᠰᠠᠬᠢᠵᠤ᠂ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠵᠢᠯᠲᠠᠨ ᠤ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠪᠣᠳᠠᠲᠠᠶᠢᠵᠢᠭᠤᠯᠬᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ | ᠬᠥᠲᠥᠯᠥᠨ ᠵᠢᠯᠣᠭᠤᠳᠬᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠲᠦᠭᠰᠢᠭᠦᠷᠢ ᠶᠢ ᠪᠣᠳᠠᠲᠠᠶᠢᠵᠢᠭᠤᠯᠬᠤ ᠶᠢ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ ᠃ | | | | | | ᠲᠣᠭᠤᠷᠢᠭ ᠤᠨ ᠬᠠᠷᠢᠶ᠎ᠠ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠲᠣᠭᠤᠷᠢᠭ ᠲᠤ ᠰᠠᠭᠤᠭ᠎ᠠ ᠨᠢᠭᠡᠴᠢ ᠶᠢᠨ ᠭᠤᠤᠯ ᠬᠠᠷᠢᠭᠤᠴᠠᠯᠭᠠᠲᠠᠨ ᠨᠥᠬᠦᠳ᠂ | ᠪᠥᠬᠦ ᠲᠣᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠳᠡᠳ᠋ ᠱᠦᠵᠢ᠂ ᠤᠬᠠᠭᠤᠯᠬᠤ ᠭᠡᠰᠢᠭᠦᠨ᠂ ᠵᠣᠬᠢᠶᠠᠨ ᠪᠠᠶᠢᠭᠤᠯᠬᠤ ᠭᠡᠰᠢᠭᠦᠨ ᠵᠢᠴᠢ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠰᠢᠰᠲ᠋ᠧᠮ ᠤᠨ ᠪᠥᠬᠦ ᠠᠵᠢᠯᠲᠠᠨ ᠪᠣᠯᠪᠠᠰᠤᠷᠠᠯ ᠳᠤ ᠣᠷᠣᠯᠴᠠᠪᠠ᠃ | |