ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠲᠠᠶᠢᠯᠤᠮᠵᠢ ᠬᠢᠪᠡ
ᠨᠡᠶᠢᠲᠡᠯᠡᠭᠰᠡᠨ ᠴᠠᠭ᠄
2025/5/16
    ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ ᠂ ᠪᠦᠬᠦ ᠲᠤᠭᠤᠷᠢᠭ ᠤᠨ ᠺᠠᠳ᠋ᠷ ᠠᠵᠢᠯᠳᠠᠨ ᠤ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠲᠤᠬᠠᠢ ᠲᠠᠨᠢᠯᠲᠠ ᠪᠣᠯᠣᠨ ᠦᠢᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 5 ᠳ᠋ᠤᠭᠠᠷ ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ︵ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ︶ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠠᠵᠢᠯᠯᠠᠭ᠎ᠠ ᠶᠢᠨ ᠦᠵᠡᠰᠬᠦᠯᠡᠩ ᠤᠨ ᠣᠷᠳᠣᠨ ᠤ ᠨᠢᠭᠡᠳᠦᠭᠡᠷ ᠳᠠᠪᠬᠤᠷᠯᠢᠭ ᠤᠨ ᠮᠡᠳᠡᠭᠦᠯᠦᠯᠲᠡ ᠶᠢᠨ ᠲᠢᠩᠬᠢᠮ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠲᠤᠰᠬᠠᠢ ᠰᠡᠳᠦᠪᠲᠦ ᠲᠠᠶᠢᠯᠤᠮᠵᠢ ᠬᠢᠪᠡ᠂ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠭᠡᠰᠢᠭᠦᠨ ᠨᠢᠭᠡᠴᠢ ᠂ ᠨᠢᠭᠡᠳᠦᠮᠡᠯ ᠹᠷᠣᠨᠲ ᠤᠨ ᠡᠯ᠎ᠡ ᠬᠦᠷᠢᠶᠡᠨ ᠤ ᠲᠥᠯᠥᠭᠡᠯᠡᠭᠴᠢ ᠬᠥᠮᠦᠰ᠂ ᠡᠯ᠎ᠡ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠪᠠᠭᠰᠢ᠂ ᠡᠯ᠎ᠡ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠡᠯ᠎ᠡ ᠨᠡᠶᠢᠭᠡᠮ ᠲᠣᠭᠤᠷᠢᠭ ᠤᠨ ᠦᠨᠳᠦᠰᠦᠲᠡᠨ ᠱᠠᠰᠢᠨ ᠰᠤᠷᠲᠠᠬᠤᠨ ᠤ ᠲᠤᠰᠠᠯᠠᠭᠴᠢ ᠵᠢᠴᠢ ᠠᠵᠢᠯᠳᠠᠨ ᠪᠣᠯᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠲᠥᠯᠥᠭᠡᠯᠡᠭᠴᠢ 120 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠪᠠ᠃
白云矿区举办铸牢中华民族共同体意识专题讲座11.png
    ᠲᠣᠰ ᠤᠳᠠᠭᠠᠨ ᠤ ᠲᠠᠶᠢᠯᠤᠮᠵᠢ ᠨᠢ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠨᠢᠭᠡᠳᠦᠮᠡᠯ ᠹᠷᠣᠨᠲ ᠤᠨ ᠣᠨᠣᠯ ᠤᠨ ᠵᠢᠭᠠᠨ ᠰᠤᠳᠤᠯᠬᠤ ᠲᠠᠰᠤᠭ ᠤᠨ ᠡᠷᠬᠢᠯᠡᠭᠴᠢ᠂ ᠳᠡᠳ᠋ ᠫᠷᠤᠹᠧᠰᠰᠤᠷ ᠪᠠᠶ ᠬᠠᠶ ᠶᠠᠨ ᠢ ᠤᠷᠢᠵᠤ ︽ᠳᠤᠮᠳᠠᠳᠤ ᠶᠢᠨ ᠦᠨᠳᠦᠰᠦᠲᠡᠨ ᠤ ᠲᠡᠤᠬᠡ ᠶᠢᠨ ᠦᠵᠡᠯᠲᠡ ᠶᠢ ᠪᠣᠶ ᠪᠣᠯᠭᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠰᠡᠳᠦᠪ ᠢᠶᠠᠷ ᠳᠤᠮᠳᠠᠳᠤ ᠶᠢᠨ ᠦᠨᠳᠦᠰᠦᠲᠡᠨ ᠤ ᠣᠯᠠᠨ ᠡᠰᠢᠲᠦ ᠨᠢᠭᠡ ᠴᠣᠭᠴᠠᠵᠢᠭᠰᠠᠨ ᠲᠡᠤᠬᠡ ᠶᠢᠨ ᠰᠤᠳᠠᠰᠤ ᠠᠴᠠ ᠭᠠᠷᠳᠠᠵᠦ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠤᠯ ᠱᠤᠭᠤᠮ ᠲᠠᠢ ᠤᠶᠠᠯᠳᠤᠭᠤᠯᠤᠨ᠂ ᠳᠤᠮᠳᠠᠳᠤ ᠶᠢᠨ ᠦᠨᠳᠦᠰᠦᠲᠡᠨ ᠤ ᠵᠥᠪ ᠲᠡᠤᠬᠡ ᠶᠢᠨ ᠦᠵᠡᠯᠲᠡ ᠶᠢ ᠪᠣᠶ ᠪᠣᠯᠭᠠᠬᠤ ᠭᠤᠤᠯ ᠠᠭᠤᠯᠭ᠎ᠠ ᠶᠢ ᠭᠦᠨᠵᠡᠭᠡᠶ ᠲᠠᠶᠢᠯᠪᠤᠷᠢᠯᠠᠵᠠᠢ᠃ ᠲᠠᠶᠢᠯᠤᠮᠵᠢ ᠶᠢᠨ ᠠᠭᠤᠯᠭ᠎ᠠ ᠨᠢ ᠤᠨᠤᠯ ᠤᠨ ᠦᠨᠳᠦᠷᠴᠡ ᠲᠠᠢ ᠪᠥᠭᠡᠳ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠣᠶᠢᠷᠠᠲᠤᠵᠤ᠂ ᠤᠨᠤᠯ ᠪᠣᠯᠤᠨ ᠬᠡᠷᠡᠭ ᠤᠨ ᠵᠢᠱᠢᠶ᠎ᠡ ᠶᠢ ᠠᠮᠢᠳᠤᠯᠢᠭ ᠶᠠᠷᠢᠬᠤ ᠂︽ᠲᠠᠪᠤᠨ ᠬᠠᠮᠲᠤ︾ ᠶᠢᠨ ᠭᠦᠨ ᠠᠭᠤᠯᠤᠭᠳᠠᠬᠤᠨ ᠤ ᠴᠢᠬᠤᠯᠠ ᠴᠢᠨᠠᠷ ᠢ ᠣᠨᠣᠪᠴᠢᠲᠠᠢ ᠡᠵᠡᠮᠳᠡᠬᠦ ᠪᠠᠷ ᠳᠠᠮᠵᠢᠭᠤᠯᠤᠨ ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠲᠡᠦᠬᠡ ᠶᠢᠨ ᠬᠠᠷᠠᠭᠠᠰᠤ ᠠᠴᠠ ︽ᠲᠠᠪᠤᠨ ᠬᠠᠮᠲᠤ ᠶᠢᠨ ᠲᠠᠨᠢᠯᠲᠠ︾ ᠶᠢ ᠨᠡᠮᠡᠭᠳᠡᠭᠦᠯᠬᠦ ᠶᠢ ᠬᠦᠲᠦᠯᠦᠨ ᠵᠢᠯᠤᠭᠤᠳᠴᠤ ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ ᠣᠶᠢᠯᠠᠭᠠᠬᠤ ᠳᠤ ᠵᠢᠯᠣᠭᠤᠳᠬᠤ ᠴᠢᠨᠠᠷ ᠪᠣᠯᠤᠨ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃
白云矿区举办铸牢中华民族共同体意识专题讲座22.png
    ᠰᠡᠳᠬᠢᠯ ᠨᠢᠭᠡᠳᠦᠨ ᠪᠦᠯᠬᠦᠮᠳᠡᠵᠦ ᠠᠤᠭ᠎ᠠ ᠬᠦᠴᠦᠨ ᠢ ᠪᠠᠳᠠᠷᠠᠭᠤᠯᠵᠤ᠂ ᠤᠶᠤᠨ ᠰᠠᠨᠠᠭᠠᠨ ᠤ ᠭᠡᠷ ᠣᠷᠣᠨ ᠢᠶᠠᠨ ᠬᠠᠮᠲᠤ ᠪᠠᠷ ᠴᠣᠭᠴᠠᠯᠠᠶ᠎ᠠ᠃ ᠲᠤᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ︵ᠲᠤᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ︶ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠴᠣᠭᠴᠠᠯᠠᠬᠤ ᠲᠠᠢ ᠨᠢᠭᠲᠠ ᠤᠶᠠᠯᠳᠤᠭᠤᠯᠤᠨ᠂ ᠦᠷᠭᠦᠯᠵᠢᠯᠡᠨ ᠤᠬᠠᠭᠤᠯᠬᠤ ᠠᠷᠭ᠎ᠠ ᠬᠡᠯᠪᠡᠷᠢ ᠪᠠᠨ ᠰᠢᠨᠡᠴᠢᠯᠡᠵᠦ᠂ ᠠᠵᠢᠯᠯᠠᠭ᠎ᠠ ᠶᠢᠨ ᠠᠴᠢᠶᠠᠯᠠᠪᠤᠷᠢ ᠪᠠᠨ ᠪᠠᠶᠠᠯᠢᠭᠵᠢᠭᠤᠯᠵᠤ᠂ ᠤᠯᠠᠨ ᠬᠡᠯᠪᠡᠷᠢ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠲᠡᠨ ᠤ ᠪᠦᠯᠬᠦᠮᠳᠡᠯ ᠤᠨ ᠤᠢᠢᠯᠠᠭᠠᠭᠳᠠᠬᠤᠨ ᠢ ᠦᠨᠳᠦᠰᠦᠨ ᠱᠠᠲᠤᠨ ᠳᠤ ᠠᠭᠤᠰᠤᠯᠴᠠᠭᠤᠯᠵᠤ᠂ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠵᠤ᠂ ᠪᠦᠬᠦ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠤᠨ᠎ᠠ ᠃ 
ᠢᠷᠡᠯᠲᠡ᠄ ᠡᠬᠡ ᠪᠢᠴᠢᠭ ᠬᠠᠩᠭᠠᠭᠰᠠᠨ᠄ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ