ᠪᠠᠶ᠋ᠬᠠᠣᠪᠤᠭ᠎ᠠ᠄ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠠᠵᠤ ᠠᠬᠤᠶᠢᠯᠠᠯ ᠢ ᠬᠠᠪᠰᠤᠷᠤᠨ ᠦᠢᠯᠡᠰ ᠪᠤᠰᠬᠠᠬᠤ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2025/5/17
    ᠪᠤᠭᠤᠲᠤ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠣᠪᠴᠢᠶ᠎ᠠ ᠭᠤᠴᠢᠨ ᠨᠢᠭᠡᠳᠦᠭᠡᠷ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠯᠠᠭ᠎ᠠ ᠶᠢᠨ ᠭᠠᠷᠠᠭ ᠵᠢᠴᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠲᠠᠨ ᠤ ᠠᠵᠢᠯ ᠤᠨ ᠡᠳᠦᠷ ᠢᠶᠠᠷ ᠠᠵᠠ ᠲᠣᠬᠢᠶᠠᠯ ᠪᠣᠯᠭᠠᠵᠤ᠂ ᠣᠶᠢᠷ᠎ᠠ ᠶᠢᠨ ᠬᠤᠭᠤᠴᠠᠭᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠴᠢ ᠶᠢ ᠠᠪᠴᠤ ᠣᠪᠤᠭ᠎ᠠ ᠣᠶᠤᠨᠴᠢ ᠦᠢᠯᠡᠳᠬᠦ ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠥᠪᠥᠷ ᠮᠣᠩᠭᠤᠯ ᠤᠨ ᠺᠠᠯᠢ ᠶᠢᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠵᠡᠷᠭᠡ ᠠᠵᠤ ᠠᠬᠤᠶᠢᠯᠠᠯ ᠳᠤ ᠭᠦᠨᠵᠡᠭᠡᠶᠢᠷᠡᠨ ᠠᠵᠤ ᠠᠬᠤᠶᠢᠯᠠᠯ ᠳᠤ ᠣᠷᠣᠬᠤ ᠦᠢᠯᠡᠴᠢᠯᠡᠭᠡ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠤᠬᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠪᠡ᠃
白云鄂博:科技特派员助企兴业添动能11.png
    ᠠᠵᠤ ᠠᠬᠤᠶᠢᠯᠠᠯ ᠳᠤ ᠣᠷᠣᠬᠤ ᠦᠢᠯᠡᠴᠢᠯᠡᠭᠡᠨ ᠤ ᠶᠠᠪᠤᠴᠠ ᠳᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠣᠳᠣ ᠶᠢᠨ ᠬᠡᠷᠡᠭᠵᠢᠭᠦᠯᠵᠦ ᠪᠠᠶᠢᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥ ᠶᠢᠨ ᠪᠣᠳᠣᠯᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ ᠶᠢᠨ ᠬᠠᠮᠢᠶᠠᠷᠤᠯᠲᠠ ᠶᠢᠨ ᠠᠷᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠱᠠᠩᠨᠠᠯ ᠨᠥᠬᠦᠪᠥᠷᠢ ᠶᠢᠨ ᠲᠥᠷᠥ ᠶᠢᠨ ᠪᠣᠳᠣᠯᠭ᠎ᠠ ᠵᠢᠴᠢ ᠭᠤᠶᠤᠴᠢᠯᠠᠨ ᠮᠡᠳᠡᠭᠦᠯᠬᠦ ᠨᠥᠬᠦᠴᠡᠯ ᠤᠨ ᠴᠤᠪᠤᠷᠠᠯ ᠵᠡᠷᠭᠡ ᠶᠢ ᠠᠵᠤ ᠠᠬᠤᠶᠢᠯᠠᠯ ᠳᠤ ᠲᠠᠶᠢᠯᠪᠤᠷᠢᠯᠠᠨ ᠥᠭᠪᠡ᠃ ᠣᠪᠤᠭ᠎ᠠ ᠣᠶᠤᠨᠴᠢ ᠦᠢᠯᠡᠳᠬᠦ ᠂ ᠥᠪᠥᠷ ᠮᠣᠩᠭᠤᠯ ᠤᠨ ᠺᠠᠯᠢ ᠶᠢᠨ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠵᠡᠷᠭᠡ ᠪᠡᠶ᠎ᠡ ᠶᠢᠨ ᠪᠠᠶᠢᠴᠠᠭᠠᠯᠲᠠ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ᠂ ᠲᠥᠷᠥᠯ ᠵᠦᠢᠯ ᠭᠤᠶᠤᠴᠢᠯᠠᠨ ᠮᠡᠳᠡᠭᠦᠯᠬᠦ᠂ ᠰᠤᠳᠤᠯᠤᠨ ᠨᠡᠭᠡᠭᠡᠬᠦ ᠵᠠᠷᠤᠳᠠᠯ ᠢ ᠴᠤᠭᠯᠠᠭᠤᠯᠬᠤ ᠵᠡᠷᠭᠡ ᠲᠠᠯ᠎ᠠ ᠶᠢᠨ ᠬᠡᠷᠡᠭᠴᠡᠭᠡ ᠱᠠᠭᠠᠷᠳᠠᠯᠭ᠎ᠠ ᠳᠤ ᠭᠤᠤᠯᠳᠠᠯᠭ᠎ᠠ ᠲᠠᠢ ᠪᠠᠷ ᠴᠢᠭᠯᠡᠭᠦᠯᠦᠨ᠂ ᠭᠦᠨᠵᠡᠭᠡᠶ ᠵᠣᠯᠭᠠᠭᠤᠯᠬᠤ ᠪᠠ ᠵᠢᠯᠣᠭᠤᠳᠴᠤ᠂ ᠠᠵᠤ ᠠᠬᠤᠶᠢᠯᠠᠯ ᠢ ᠬᠠᠪᠰᠤᠷᠤᠨ ᠰᠢᠨ᠎ᠡ ᠶᠢ ᠡᠭᠦᠳᠬᠦ ᠠᠷᠭ᠎ᠠ ᠵᠠᠮ ᠢ ᠲᠣᠳᠣᠷᠬᠠᠶᠢᠯᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠰᠤᠳᠤᠯᠤᠨ ᠨᠡᠭᠡᠭᠡᠬᠦ ᠵᠠᠷᠤᠳᠠᠯ ᠴᠤᠭᠯᠠᠭᠤᠯᠬᠤ ᠵᠡᠷᠭᠡ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠪᠡ᠃
白云鄂博:科技特派员助企兴业添动能22.png
白云鄂博:科技特派员助企兴业添动能33.png
    ᠣᠳᠣᠬᠠᠨ ᠪᠣᠯᠲᠠᠯ᠎ᠠ᠂ ᠮᠠᠨ ᠤ ᠲᠣᠭᠤᠷᠢᠭ ᠨᠢᠭᠡᠨᠲᠡ ᠠᠵᠤ ᠠᠬᠤᠶᠢᠯᠠᠯ ᠳᠤ ᠣᠷᠣᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠶᠢᠨ ᠪᠠᠶᠢᠴᠠᠭᠠᠯᠲᠠ ᠵᠢᠴᠢ ᠦᠢᠯᠡᠴᠢᠯᠡᠭᠡ ᠶᠢ 20 ᠭᠠᠷᠤᠢ ᠤᠳᠠᠭ᠎ᠠ ᠥᠷᠨᠢᠭᠦᠯᠵᠦ᠂ ᠨᠡᠶᠢᠲᠡ 20 ᠠᠵᠤ ᠠᠬᠤᠶᠢᠯᠠᠯ ᠳᠤ ᠦᠢᠯᠡᠴᠢᠯᠡᠵᠦ᠂ ᠠᠵᠤ ᠠᠬᠤᠶᠢᠯᠠᠯ ᠢ ᠬᠠᠪᠰᠤᠷᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠢᠴᠢ ᠦᠢᠯᠡᠳᠬᠦᠨ ᠤ ᠰᠤᠳᠤᠯᠤᠨ ᠨᠡᠭᠡᠭᠡᠬᠦ ᠴᠢᠳᠠᠪᠤᠷᠢ ᠶᠢ ᠢᠯᠡᠳᠲᠡ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠲᠣᠭᠤᠷᠢᠭ ᠤᠨ ᠠᠵᠤ ᠦᠢᠯᠡᠳᠪᠦᠷᠢ ᠶᠢᠨ ᠰᠢᠨᠵᠢᠯᠡᠬᠦ ᠤᠬᠠᠭᠠᠨ ᠤ ᠲᠤᠪᠴᠢᠶ᠎ᠠ ᠠᠵᠤ ᠠᠬᠤᠶᠢᠯᠠᠯ ᠳᠤ ᠦᠢᠯᠡᠴᠢᠯᠡᠬᠦ ᠠᠵᠢᠯ ᠢ ᠦᠷᠭᠦᠯᠵᠢᠯᠡᠨ ᠥᠷᠨᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦ ᠶᠢᠨ ᠪᠤᠳᠤᠯᠭ᠎ᠠ ᠶᠢ ᠤᠬᠠᠭᠤᠯᠤᠨ ᠲᠤᠭᠤᠰᠢᠯᠠᠭᠤᠯᠵᠤ ᠂ ᠠᠵᠤ ᠠᠬᠤᠶᠢᠯᠠᠯ ᠢ ᠬᠠᠪᠰᠤᠷᠤᠨ ᠡᠳ᠋ᠯᠡᠭᠦᠯᠬᠦ ᠶᠣᠰᠣᠲᠠᠢ ᠶᠢ ᠨᠢ ᠪᠦᠬᠦᠨ ᠢ ᠡᠳ᠋ᠯᠡᠭᠦᠯᠬᠦ ᠶᠢᠨ ᠬᠠᠮᠲᠤ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠡᠷᠡᠭᠴᠡᠭᠡ ᠱᠠᠭᠠᠷᠳᠠᠯᠭ᠎ᠠ ᠲᠠᠢ ᠵᠣᠯᠭᠠᠭᠤᠯᠵᠤ᠂ ᠠᠵᠤ ᠠᠬᠤᠶᠢᠯᠠᠯ ᠤᠨ ᠮᠡᠷᠭᠡᠵᠢᠯ ᠤᠨ ᠪᠣᠭᠤᠮᠲᠠ ᠰᠢᠪᠲᠤᠯᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠵᠤ᠂ ᠭᠠᠵᠠᠷ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠨ᠎ᠡ᠃ 
ᠢᠷᠡᠯᠲᠡ᠄ ᠡᠬᠡ ᠪᠢᠴᠢᠭ ᠬᠠᠩᠭᠠᠭᠰᠠᠨ᠄ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ