ᠯᠦ ᠰᠢᠶᠦ᠋ᠨ ᠤᠳᠬ᠎ᠠ ᠵᠣᠬᠢᠶᠠᠯ ᠤᠨ ᠳᠡᠭᠡᠳᠦ ᠰᠤᠷᠭᠠᠭᠤᠯᠢ ᠶᠢᠨ ᠢᠳᠡᠷ ᠵᠠᠯᠠᠭᠤ ᠵᠣᠬᠢᠶᠠᠯᠴᠢᠳ ᠤᠨ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢᠨ ᠨᠡᠶᠢᠭᠡᠮ ᠤᠨ ᠦᠢᠯᠡᠳᠦᠯᠭᠡ ᠪᠠᠶ᠋ᠬᠠᠣᠪᠤᠭ᠎ᠠ ᠠᠭᠤᠷᠬᠠᠢ ᠶᠢᠨ ᠲᠣᠭᠤᠷᠢᠭ ᠲᠤ ᠣᠷᠣᠪᠠ
ᠨᠡᠶᠢᠲᠡᠯᠡᠭᠰᠡᠨ ᠴᠠᠭ᠄
2025/5/17
    5 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠪᠦᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠯᠦ ᠰᠢᠶᠦ᠋ᠨ ᠤᠳᠬ᠎ᠠ ᠵᠣᠬᠢᠶᠠᠯ ᠤᠨ ᠳᠡᠭᠡᠳᠦ ᠰᠤᠷᠭᠠᠭᠤᠯᠢ ᠶᠢᠨ 47 ᠳ᠋ᠤᠭᠠᠷ ᠬᠤᠭᠤᠴᠠᠭᠠᠨ ᠤ ᠢᠳᠡᠷ ᠵᠠᠯᠠᠭᠤ ᠵᠣᠬᠢᠶᠠᠯᠴᠢᠳ ᠤᠨ ᠳᠡᠭᠡᠳᠦ ᠵᠡᠷᠭᠡ ᠶᠢᠨ ᠰᠤᠳᠤᠯᠤᠨ ᠰᠤᠷᠤᠯᠴᠠᠬᠤ ᠠᠩᠭᠢ ᠶᠢᠨ ᠰᠤᠷᠤᠭᠴᠢᠳ ᠪᠠᠶ᠋ᠬᠠᠤᠪᠤᠭ᠎ᠠ ᠠᠭᠤᠷᠬᠠᠢ ᠶᠢᠨ ᠲᠣᠭᠤᠷᠢᠭ ᠲᠤ ᠬᠦᠷᠴᠦ ᠠᠷᠠᠳ ᠤᠨ ᠠᠮᠢᠳᠤᠷᠠᠯ ᠤᠨ ᠵᠠᠩ ᠦᠢᠯᠡ ᠲᠠᠢ ᠲᠠᠨᠢᠯᠴᠠᠵᠤ ᠂ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠶᠠᠪᠤᠳᠠᠯ ᠤᠨ ᠦᠵᠡᠰᠬᠦᠯᠡᠩ ᠤᠨ ᠣᠷᠳᠣᠨ ᠵᠡᠷᠭᠡ ᠭᠠᠵᠠᠷ ᠤᠨ ᠰᠦᠪᠡᠭᠴᠢᠯᠡᠯᠲᠡ ᠶᠢ ᠡᠬᠢᠯᠡᠭᠦᠯᠵᠦ᠂ ︽ᠳᠡᠯᠡᠬᠡᠢ ᠶᠢᠨ ᠬᠤᠪᠣᠷ ᠰᠢᠷᠣᠢ ᠶᠢᠨ ᠨᠤᠲᠤᠭ︾ ᠪᠠᠶ᠋ᠬᠠᠤᠪᠤᠭ᠎ᠠ ᠶᠢᠨ ᠰᠣᠶᠣᠯ ᠤᠨ ᠠᠭᠤᠯᠬᠤᠨ ᠢ ᠣᠶᠢᠯᠠᠭᠠᠵᠤ᠂ ᠠᠭᠤᠷᠬᠠᠢ ᠶᠢᠨ ᠰᠣᠶᠣᠯ ᠤᠨ ᠥᠪᠡᠷᠮᠢᠴᠡ ᠷᠢᠳᠢ ᠰᠢᠳᠢ ᠶᠢ ᠣᠶᠢᠯᠠᠭᠠᠪᠠ᠃
鲁迅文学院中青年作家高研班社会实践走进白云矿区11.jpg
鲁迅文学院中青年作家高研班社会实践走进白云矿区22.jpg
    ᠤᠯᠠᠨ ᠢᠶᠠᠷ ᠢᠶᠠᠨ ᠪᠠᠶ᠋ᠬᠠᠤᠪᠤᠭ᠎ᠠ ᠲᠡᠮᠦᠷ ᠤᠨ ᠠᠭᠤᠷᠬᠠᠢ ᠶᠢᠨ ᠲᠤᠷᠠᠰᠬᠠᠯ ᠤᠨ  ᠦᠵᠡᠰᠬᠦᠯᠡᠩ ᠤᠨ ᠣᠷᠳᠣᠨ᠂ ᠭᠤᠣᠯ ᠠᠭᠤᠷᠬᠠᠢ ᠶᠢᠨ ᠶᠣᠰᠣᠯᠠᠯ ᠤᠨ ᠲᠠᠩᠬᠢᠮ ᠢ ᠲᠣᠭᠤᠷᠢᠨ ᠦᠵᠡᠵᠦ᠂ ︽ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢ ᠪᠦᠲᠦᠭᠡᠨ ᠪᠠᠶᠢᠭᠤᠯᠬᠤ︾ ᠭᠠᠶᠢᠬᠠᠮᠰᠢᠭᠲᠤ ᠣᠨ ᠰᠠᠷ᠎ᠠ ᠶᠢ ᠲᠠᠬᠢᠨ ᠡᠷᠭᠢᠴᠡᠭᠦᠯᠵᠦ᠂ ᠠᠭᠤᠷᠬᠠᠢ ᠶᠢᠨ ᠲᠣᠭᠤᠷᠢᠭ᠂ ᠠᠭᠤᠷᠬᠠᠢ ᠶᠢᠨ ᠬᠥᠭᠵᠢᠯᠲᠡ ᠶᠢᠨ ᠲᠡᠦᠬᠡ ᠶᠢ ᠤᠢᠢᠯᠠᠭᠠᠭᠰᠠᠨ ᠢᠶᠠᠷ ᠪᠠᠷᠠᠬᠤ ᠦᠭᠡᠢ ᠪᠠᠰᠠ ᠬᠤᠪᠣᠷ ᠰᠢᠷᠣᠢ ᠶᠢᠨ ᠡᠬᠢ ᠪᠠᠶᠠᠯᠢᠭ ᠤᠨ ᠴᠢᠬᠤᠯᠠ ᠪᠠᠶᠢᠯᠳᠤᠬᠤ ᠪᠤᠳᠤᠯᠭ᠎ᠠ ᠶᠢᠨ ᠠᠴᠢ ᠬᠤᠯᠪᠣᠭᠳᠠᠯ ᠵᠢᠴᠢ ᠤᠶᠤᠨᠴᠢᠯᠠᠭᠰᠠᠨ ᠠᠭᠤᠷᠬᠠᠢ ᠶᠢᠨ ᠲᠣᠭᠤᠷᠢᠭ ᠤᠨ ᠬᠢᠵᠠᠭᠠᠯᠠᠰᠢ ᠦᠭᠡᠢ ᠳᠠᠯᠳᠠ ᠬᠦᠴᠦᠨ ᠪᠣᠯᠤᠨ ᠬᠢᠵᠠᠭᠠᠯᠠᠰᠢ ᠦᠭᠡᠢ ᠷᠢᠳᠢ ᠰᠢᠳᠢ ᠶᠢ ᠣᠶᠢᠯᠠᠭᠠᠪᠠ᠃ ᠤᠯᠠᠨ ᠢᠶᠠᠷ ᠢᠶᠠᠨ ᠪᠠᠶ᠋ᠬᠠᠣᠪᠤᠭ᠎ᠠ ᠶᠢᠨ ᠡᠯᠪᠡᠭ ᠪᠠᠶᠠᠯᠢᠭ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠮᠠᠭᠲᠠᠨ ᠰᠠᠶᠢᠰᠢᠶᠠᠭᠰᠠᠨ ᠪᠥᠭᠡᠳ ᠠᠭᠤᠷᠬᠠᠢ ᠶᠢᠨ ᠬᠥᠮᠦᠨ ᠤ ᠰᠢᠷᠭᠠᠭᠤ ᠬᠠᠲᠠᠭᠤᠵᠢᠯᠲᠠᠢ ᠦᠢᠯᠡᠰ ᠪᠤᠰᠬᠠᠬᠤ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠵᠣᠷᠢᠭ ᠰᠠᠨᠠᠭ᠎ᠠ ᠳᠤ ᠶᠡᠬᠡᠳᠡ ᠳᠣᠭᠳᠤᠯᠪᠠ ᠃ ᠲᠠᠯ᠎ᠠ ᠨᠤᠲᠤᠭ ᠤᠨ ᠪᠢᠴᠢᠬᠠᠨ ᠪᠠᠭᠠᠲᠤᠷ ᠡᠭᠡᠴᠢ ᠥᠬᠢᠨ ᠳᠡᠭᠦᠤ ᠶᠢᠨ ᠦᠢᠯᠡ ᠶᠠᠪᠤᠳᠠᠯ ᠤᠨ ᠦᠵᠡᠰᠬᠦᠯᠡᠩ ᠤᠨ ᠣᠷᠳᠣᠨ ᠳᠤ᠂ ᠤᠯᠠᠨ ᠢᠶᠠᠷ ᠢᠶᠠᠨ ᠠᠭᠤᠷᠬᠠᠢ ᠶᠢᠨ ᠰᠤᠳᠠᠰᠤ ᠶᠢᠨ ᠭᠦᠨ ᠳᠤ ᠰᠡᠶᠢᠯᠦᠭᠰᠡᠨ ᠲᠡᠮᠡᠴᠡᠯ ᠤᠨ ᠦᠯᠢᠭᠡᠷ ᠪᠣᠯᠤᠨ ᠵᠣᠷᠢᠭ ᠰᠠᠨᠠᠭᠠᠨ ᠤ ᠥᠷᠯᠥᠭ ᠬᠥᠰᠢᠶ᠎ᠡ ᠶᠢ ᠨᠠᠷᠢᠨ ᠬᠢᠨᠠᠮᠠᠭᠠᠢ ᠰᠣᠨᠣᠰᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠮᠢᠳᠤᠯᠢᠭ ᠦᠢᠯᠡᠳᠦᠯᠭᠡ ᠶᠢ ᠣᠶᠢᠯᠠᠭᠠᠵᠤ ᠂ ᠪᠠᠭᠠᠲᠤᠷᠴᠤᠳ ᠤᠨ ᠵᠣᠷᠢᠭ ᠰᠠᠨᠠᠭᠠᠨ ᠤ ᠪᠦᠷᠢᠯᠳᠦᠭᠰᠡᠨ ᠰᠢᠯᠲᠠᠭᠠᠨ ᠢ ᠡᠷᠢᠯᠬᠢᠯᠡᠪᠡ ᠃
鲁迅文学院中青年作家高研班社会实践走进白云矿区33.jpg
    ᠲᠣᠭᠤᠷᠢᠨ ᠦᠵᠡᠵᠦ ᠳᠠᠭᠤᠰᠤᠭᠰᠠᠨ ᠤ ᠲᠠᠷᠠᠭ᠎ᠠ᠂ ᠤᠯᠠᠨ ᠢᠶᠠᠷ ᠢᠶᠠᠨ ᠡᠨᠡ ᠪᠣᠯ  ᠨᠢᠭᠡᠨ ᠤᠳᠬ᠎ᠠ ᠠᠭᠤᠯᠭ᠎ᠠ ᠲᠠᠢ ᠬᠠᠮᠲᠤᠴᠢ ᠦᠵᠡᠯ ᠤᠨ ᠬᠥᠮᠦᠵᠢᠯ ᠤᠨ ᠵᠤᠭᠠᠴᠠᠯ᠂ ᠠᠵᠤ ᠦᠢᠯᠡᠳᠪᠦᠷᠢ ᠶᠢᠨ ᠪᠣᠯᠪᠠᠰᠤᠨ ᠢ ᠬᠠᠶᠢᠨ ᠰᠦᠪᠡᠭᠴᠢᠯᠡᠬᠦ ᠵᠤᠭᠠᠴᠠᠯ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠤᠭᠠᠴᠠᠯ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠲᠡᠰᠪᠦᠷᠢ ᠬᠠᠲᠠᠭᠤᠵᠢᠯᠲᠠᠢ ᠲᠡᠮᠡᠴᠡᠬᠦ ᠵᠣᠷᠢᠭ ᠰᠠᠨᠠᠭ᠎ᠠ ᠶᠢ ᠡᠭᠦᠷᠢᠳᠡ ᠮᠠᠭᠲᠠᠨ ᠳᠠᠭᠤᠯᠠᠭᠤᠰᠢᠲᠠᠢ ᠪᠥᠭᠡᠳ ᠰᠤᠷᠤᠯᠴᠠᠭᠤᠰᠢᠲᠠᠢ ᠶᠤᠮ᠂ ᠨᠡᠩ ᠤᠯᠠᠨ ᠦᠵᠡᠯ ᠰᠠᠨᠠᠭ᠎ᠠ ᠲᠠᠢ᠂ ᠤᠯᠠᠨ ᠲᠦᠮᠡᠨ ᠲᠠᠢ ᠤᠢᠢᠷᠠᠳᠤᠭᠰᠠᠨ ᠤᠳᠬ᠎ᠠ ᠵᠣᠬᠢᠶᠠᠯ ᠤᠨ ᠪᠦᠲᠦᠭᠡᠯ ᠢ ᠵᠣᠬᠢᠶᠠᠨ ᠪᠦᠲᠦᠭᠡᠵᠦ᠂ ᠥᠷᠭᠡᠨ ᠤᠯᠠᠨ ᠠᠷᠠᠳ ᠲᠦᠮᠡᠨ ᠳᠤ ᠠᠴᠢ ᠬᠠᠷᠢᠭᠤᠯᠤᠨ᠎ᠠ ᠭᠡᠵᠦ ᠢᠯᠡᠳᠬᠡᠵᠡᠭᠡᠪᠡ᠃ 
ᠢᠷᠡᠯᠲᠡ᠄ ᠡᠬᠡ ᠪᠢᠴᠢᠭ ᠬᠠᠩᠭᠠᠭᠰᠠᠨ᠄ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ